ᠬᠦᠯᠦᠨ ᠪᠣᠶᠢᠷ ᠬᠤᠲᠠ ᠶᠢᠨ ᠪᠠᠶᠢᠩᠭᠤᠵᠢᠭᠰᠠᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠮᠠᠨ ᠤ ᠬᠤᠰᠢᠭᠤᠨ ᠤ ᠢᠷᠡᠵᠦ 2023 ᠣᠨ ᠤ ᠨᠢᠭᠡᠳᠦᠭᠡᠷ ᠡᠭᠡᠯᠵᠢ ᠶᠢᠨ ᠪᠠᠶᠢᠩᠭᠤᠵᠢᠭᠰᠠᠨ ᠱᠠᠯᠠᠪᠳᠠᠭᠤᠯᠤᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2023/3/22
       3 ᠰᠠᠷ᠎ᠠ ᠶᠢᠨ 19 ᠤ ᠡᠳᠦᠷ᠂ ᠬᠦᠯᠦᠨ ᠪᠣᠶᠢᠷ ᠬᠤᠲᠠ ᠶᠢᠨ ᠪᠠᠶᠢᠩᠭᠤᠵᠢᠭᠰᠠᠨ ᠱᠠᠯᠠᠪᠳᠠᠭᠤᠯᠤᠨ ᠪᠠᠶᠢᠴᠠᠭᠠᠯᠲᠠ ᠶᠢᠨ ᠬᠤᠶᠠᠳᠤᠭᠠᠷ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠢᠨ ᠠᠢ ᠮᠢᠨ ᠨᠠᠷ ᠮᠠᠨ ᠤ ᠬᠤᠰᠢᠭᠤᠨ ᠤ ᠢᠷᠡᠵᠦ 2023 ᠣᠨ ᠤ ᠨᠢᠭᠡᠳᠦᠭᠡᠷ ᠡᠭᠡᠯᠵᠢ ᠶᠢᠨ ᠪᠠᠶᠢᠩᠭᠤᠵᠢᠭᠰᠠᠨ ᠱᠠᠯᠠᠪᠳᠠᠭᠤᠯᠤᠨ ᠪᠠᠶᠢᠴᠠᠭᠠᠯᠲᠠ ᠬᠢᠬᠦ ᠶᠢᠨ ᠬᠠᠮᠲᠤ᠂ ᠬᠤᠰᠢᠭᠤᠨ ᠤ ᠨᠠᠮ ᠵᠠᠰᠠᠭ ᠤᠨ ᠠᠵᠢᠯᠯᠠᠬᠤ ᠠᠰᠠᠷ ᠤᠨ ᠲᠠᠪᠤᠳᠤᠭᠠᠷ ᠳᠠᠪᠬᠤᠷᠭ᠎ᠠ ᠶᠢᠨ ᠬᠤᠷᠠᠯ ᠤᠨ ᠭᠡᠷ ᠲᠤ ᠬᠤᠷᠠᠯ ᠬᠤᠷᠠᠯᠳᠤᠭᠤᠯᠵᠤ᠂ ᠬᠤᠰᠢᠭᠤᠨ ᠤ ᠤᠳᠤᠷᠢᠳᠤᠯᠭ᠎ᠠ ᠴᠧᠨ ᠯᠦᠩ᠂ ᠰᠤ᠋ ᠹᠧᠩ ᠨᠢᠩ᠂ ᠲᠢᠶᠠᠨ ᠹᠧᠩ ᠯᠢᠨ᠂ ᠪᠠᠢ ᠴᠦᠨ ᠮᠸᠢ᠂ ᠵᠠᠩ ᠢᠦᠢ ᠱᠤ᠋ ᠨᠠᠷ ᠬᠤᠷᠠᠯ ᠳᠤ ᠣᠷᠣᠯᠴᠠᠪᠠ᠃
       ᠬᠤᠷᠠᠯ ᠳᠤ᠂ ᠬᠦᠯᠦᠨ ᠪᠣᠶᠢᠷ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠤ ᠷᠦᠨ ᠰᠢ ᠶᠢᠨ ᠪᠦᠬᠦ ᠬᠤᠲᠠ ᠶᠢᠨ ᠪᠠᠶᠢᠩᠭᠤᠵᠢᠭᠰᠠᠨ ᠱᠠᠯᠠᠪᠳᠠᠭᠤᠯᠤᠨ ᠪᠠᠶᠢᠴᠠᠭᠠᠯᠲᠠ ᠶᠢᠨ ᠠᠵᠢᠯ ᠤᠨ ᠬᠤᠷᠠᠯ ᠳᠡᠭᠡᠷᠡᠬᠢ ᠶᠠᠷᠢᠶ᠎ᠠ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠬᠤᠰᠢᠭᠤᠨ ᠤ ᠱᠠᠯᠠᠪᠳᠠᠭᠤᠯᠤᠨ ᠪᠠᠶᠢᠴᠠᠭᠠᠯᠲᠠ ᠶᠢᠨ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠪᠠ᠃         ᠶᠢᠨ ᠠᠢ ᠮᠢᠨ ᠴᠢᠩᠭᠠᠳᠬᠠᠬᠤ ᠳᠠᠭᠠᠨ᠂ ᠨᠢᠭᠡᠳᠦᠭᠡᠷ ᠡᠭᠡᠯᠵᠢ ᠶᠢᠨ ᠪᠠᠶᠢᠩᠭᠤᠵᠢᠭᠰᠠᠨ ᠱᠠᠯᠠᠪᠳᠠᠭᠤᠯᠤᠨ ᠪᠠᠶᠢᠴᠠᠭᠠᠯᠲᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠨ ᠡᠵᠡᠮᠰᠢᠵᠦ᠂ ᠬᠦᠯᠦᠨ ᠪᠣᠶᠢᠷ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠠᠵᠤ ᠠᠬᠤᠢ ᠶᠢᠨ ᠠᠵᠢᠯᠯᠠᠭ᠎ᠠ ᠪᠠ ᠭᠤᠣᠯᠳᠠᠯᠭ᠎ᠠ ᠲᠠᠢ ᠭᠦᠢᠴᠡᠳᠬᠡᠯ ᠲᠤᠭ᠎ᠠ᠂ ᠬᠤᠲᠠ ᠶᠢᠨ ᠳᠡᠰ ᠤᠨ ᠭᠤᠣᠯᠳᠠᠯᠭ᠎ᠠ ᠲᠠᠢ ᠲᠦᠷᠦᠯ ᠵᠦᠢᠯ ᠪᠠ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠤᠭᠤᠯᠬᠤ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠵᠡᠷᠭᠡ ᠭᠤᠣᠯᠳᠠᠯᠭ᠎ᠠ ᠲᠠᠢ ᠬᠢᠨᠠᠨ ᠬᠠᠪᠰᠤᠷᠬᠤ ᠵᠦᠢᠯ ᠳᠤ ᠠᠩᠬᠠᠷᠤᠯ ᠢᠶᠠᠨ ᠲᠦᠪᠯᠡᠷᠡᠭᠦᠯᠵᠦ᠂ ᠪᠦᠬᠦ ᠠᠵᠢᠯ ᠤᠨ ᠠᠵᠢᠯ ᠤᠨ ᠡᠭᠦᠷᠭᠡ ᠪᠠᠨ ᠴᠢᠨᠠᠷᠯᠢᠭ ᠪᠡᠶᠡᠯᠡᠭᠦᠯᠬᠦ ᠬᠡᠷᠡᠭᠲᠡᠢ ᠭᠡᠪᠡ᠃
       ᠲᠢᠶᠡᠨ ᠹᠧᠩ ᠯᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠦᠯᠦᠭᠡᠯᠡᠨ᠂ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ ᠬᠤᠶᠠᠳᠤᠭᠠᠷ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠮᠠᠨ ᠤ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠣᠷᠤᠭᠤᠯᠬᠤ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠶᠢᠨ ᠳᠠᠩᠰᠠ ᠡᠪᠬᠡᠮᠡᠯ ᠢ ᠪᠠᠶᠢᠴᠠᠭᠠᠨ ᠦᠵᠡᠪᠡ᠃        ᠲᠤᠰ ᠡᠳᠦᠷ ᠤᠨ ᠦᠳᠡ ᠶᠢᠨ ᠬᠤᠶᠢᠨ᠎ᠠ᠂ ᠶᠢᠨ ᠠᠢ ᠮᠢᠨ ᠨᠠᠷ ᠠᠷᠤᠬᠠᠰᠢᠶᠠᠲᠤ ᠪᠣᠭᠤᠮᠲᠠ ᠳᠤ ᠭᠦᠨᠵᠡᠭᠡᠶᠢᠷᠡᠨ᠂ ᠲᠤᠬᠠᠢ ᠶᠢᠨ ᠲᠠᠯᠠᠪᠤᠷ ᠲᠤ ᠱᠠᠯᠠᠪᠳᠠᠭᠤᠯᠤᠨ ᠪᠠᠶᠢᠴᠠᠭᠠᠵᠤ᠂ ᠮᠠᠨ ᠤ ᠬᠤᠰᠢᠭᠤᠨ ᠤ ᠪᠣᠭᠤᠮᠲᠠ ᠶᠢᠨ ᠠᠵᠤ ᠠᠬᠤᠢ ᠶᠢ ᠬᠦᠭᠵᠢᠭᠦᠯᠬᠦ ᠳᠤ ᠰᠠᠨᠠᠯ ᠰᠠᠨᠠᠭᠤᠯᠭ᠎ᠠ ᠳᠤᠷᠠᠳᠪᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号