ᠰᠢᠨᠬᠤᠸᠠ ᠬᠤᠷᠢᠶ᠎ᠠ ᠶᠢᠨ ᠮᠣᠰᠺᠸᠠ ᠶᠢᠨ 3 ᠰᠠᠷ᠎ᠠ ᠶᠢᠨ 20 ᠤ ᠴᠠᠭᠢᠯᠭᠠᠨ ᠮᠡᠳᠡᠭᠡ ᠲᠤᠬᠠᠢ ᠶᠢᠨ | ᠭᠠᠵᠠᠷ ᠤᠨ ᠴᠠᠭ ᠢᠶᠠᠷ 3 ᠰᠠᠷ᠎ᠠ ᠶᠢᠨ 20 ᠤ ᠦᠳᠡ ᠶᠢᠨ ᠬᠤᠶᠢᠨ᠎ᠠ᠂ ᠰᠠᠶ᠋ᠢᠬᠠᠨ ᠮᠣᠰᠺᠸᠠ ᠳᠤ ᠭᠦᠷᠦᠭᠰᠡᠨ | ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠵᠤᠭ᠎ᠠ ᠪᠠᠷ ᠺᠧᠷᠮᠯᠢ ᠣᠷᠳᠣᠨ ᠳᠤ ᠣᠷᠣᠰ ᠤᠨ ᠶᠡᠷᠦᠩᠬᠡᠶᠢᠯᠡᠭᠴᠢ | ᠫᠦᠲ᠋ᠢᠨ ᠲᠠᠢ ᠠᠭᠤᠯᠵᠠᠪᠠ᠃ | ᠰᠢ ᠶᠢᠨ ᠫᠢᠩ ᠢ ᠬᠦᠷᠬᠦ ᠦᠶ᠎ᠡ ᠳᠤ᠂ ᠺᠧᠷᠮᠯᠢ ᠣᠷᠳᠣᠨ ᠤ ᠺᠣᠮᠠᠨᠳ᠋ᠯᠠᠭᠴᠢ ᠲᠡᠷᠭᠡᠨ ᠠᠴᠠ ᠪᠠᠭᠤᠬᠤ | ᠭᠠᠵᠠᠷ ᠠᠴᠠ ᠤᠭᠲᠤᠪᠠ᠃ ᠶᠡᠷᠦᠩᠬᠡᠶᠢᠯᠡᠭᠴᠢ ᠫᠦᠲ᠋ᠢᠨ ᠰᠢ ᠶᠢᠨ ᠫᠢᠩ ᠲᠠᠢ ᠬᠠᠯᠠᠭᠤᠨ ᠢᠶᠠᠷ ᠭᠠᠷ ᠠᠳᠬᠤᠭᠰᠠᠨ | ᠪᠥᠭᠡᠳ ᠬᠠᠮᠲᠤ ᠭᠡᠷᠡᠯ ᠵᠢᠷᠤᠭ ᠲᠠᠲᠠᠭᠤᠯᠪᠠ᠃ ᠬᠤᠶᠠᠷ ᠤᠯᠤᠰ ᠤᠨ ᠲᠡᠷᠢᠭᠦᠨ ᠳᠤᠮᠳᠠᠳᠤ ᠣᠷᠣᠰ ᠤᠨ ᠬᠠᠷᠢᠯᠴᠠᠭ᠎ᠠ | ᠵᠢᠴᠢ ᠬᠠᠮᠲᠤ ᠪᠠᠷ ᠠᠩᠬᠠᠷᠴᠤ ᠪᠠᠶᠢᠭ᠎ᠠ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ᠂ ᠴᠢᠩ ᠦᠨᠡᠨᠴᠢ ᠪᠠᠷ | ᠰᠣᠯᠢᠯᠴᠠᠪᠠ᠃ | ᠰᠢ ᠶᠢᠨ ᠫᠢᠩ᠂ ᠶᠡᠷᠦᠩᠬᠡᠶᠢᠯᠡᠭᠴᠢ ᠫᠦᠲ᠋ᠢᠨ ᠤ ᠤᠷᠢᠯᠭ᠎ᠠ ᠪᠠᠷ ᠤᠷᠤᠰ ᠲᠤ ᠳᠠᠬᠢᠨᠲᠠ ᠲᠦᠷᠦ ᠶᠢᠨ | ᠶᠠᠪᠤᠳᠠᠯ ᠤᠨ ᠠᠶᠢᠯᠴᠢᠯᠠᠯᠲᠠ ᠬᠢᠬᠦ ᠪᠣᠯᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ ᠠᠷᠪᠠᠨ ᠵᠢᠯ ᠤᠨ ᠡᠮᠦᠨ᠎ᠡ ᠪᠢ | ᠤᠯᠤᠰ ᠤᠨ ᠲᠡᠷᠢᠭᠦᠯᠡᠭᠴᠢ ᠶᠢᠨ ᠲᠤᠰᠢᠶᠠᠯ ᠳᠤ ᠭᠠᠷᠤᠭᠰᠠᠨ ᠤ ᠳᠠᠷᠠᠭᠠᠬᠢ ᠠᠩᠬᠠᠳᠠᠭᠴᠢ ᠠᠶᠢᠯᠴᠢᠯᠠᠯᠲᠠ ᠳᠠᠭᠠᠨ | ᠤᠷᠤᠰ ᠢ ᠰᠣᠩᠭᠤᠭᠰᠠᠨ ᠢᠶᠠᠨ ᠤᠳᠤ ᠪᠤᠯᠲᠠᠯ᠎ᠠ ᠲᠣᠪ ᠲᠣᠳᠣᠷᠬᠠᠢ ᠴᠡᠭᠡᠵᠢᠯᠡᠭᠰᠡᠭᠡᠷ ᠪᠠᠶᠢᠨ᠎ᠠ᠃ ᠠᠷᠪᠠᠨ ᠵᠢᠯ ᠤᠨ | ᠲᠤᠷᠰᠢ᠂ ᠪᠢ ᠶᠡᠷᠦᠩᠬᠡᠶᠢᠯᠡᠭᠴᠢ ᠫᠦᠲ᠋ᠢᠨ ᠯᠦᠭᠡ ᠶᠢᠨ ᠨᠢᠭᠲᠠ ᠬᠠᠷᠢᠯᠴᠠᠭ᠎ᠠ ᠪᠠᠨ ᠪᠠᠲᠤᠯᠠᠪᠠ᠃ ᠪᠢ ᠳᠤᠮᠳᠠᠳᠤ | ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠳᠡᠭᠡᠷ᠎ᠡ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠶᠢᠨ ᠲᠤᠰᠢᠶᠠᠯ ᠢ ᠦᠷᠭᠦᠯᠵᠢᠯᠡᠨ ᠡᠭᠦᠷᠭᠡᠯᠡᠭᠰᠡᠨ ᠴᠦ ᠲᠡᠷᠡ᠂ | ᠲᠦᠷᠦᠭᠦᠬᠡᠨ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠪᠠᠷ ᠳᠠᠬᠢᠨᠲᠠ ᠰᠣᠩᠭᠤᠭᠳᠠᠭᠰᠠᠨ ᠴᠤ ᠲᠡᠷᠡ᠂ | ᠲᠡᠷᠡ ᠳᠣᠣᠷ᠎ᠠ ᠨᠢ ᠨᠠᠳᠠ ᠳᠤ ᠪᠠᠶᠠᠷ ᠤᠨ ᠴᠠᠭᠢᠯᠭᠠᠨ ᠴᠢᠮᠡᠭᠡ ᠢᠷᠡᠭᠦᠯᠦᠭᠰᠡᠨ ᠳᠤ ᠲᠠᠨᠢ ᠪᠢ ᠭᠦᠨ ᠲᠠᠯᠠᠷᠬᠠᠵᠤ | ᠪᠠᠶᠢᠨ᠎ᠠ᠃ ᠣᠷᠣᠰ ᠢᠷᠡᠬᠦ ᠵᠢᠯ ᠶᠡᠷᠦᠩᠬᠡᠶᠢᠯᠡᠭᠴᠢ ᠶᠢᠨ ᠰᠣᠩᠭᠤᠭᠤᠯᠢ ᠶᠠᠪᠤᠭᠤᠯᠬᠤ ᠪᠣᠯᠣᠨ᠎ᠠ᠃ ᠲᠠᠨ ᠤ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠤᠷᠤᠰ ᠤᠨ ᠬᠥᠭᠵᠢᠯ ᠮᠠᠨᠳᠤᠯ ᠲᠦᠷᠭᠡᠨ ᠠᠬᠢᠴᠠ ᠲᠠᠢ ᠪᠣᠯᠪᠠ᠃ ᠤᠷᠤᠰ ᠤᠨ | ᠠᠷᠠᠳ ᠲᠦᠮᠡᠨ ᠯᠠᠪᠲᠠᠢ ᠦᠷᠭᠦᠯᠵᠢᠯᠡᠨ ᠲᠠᠨ ᠳᠤ ᠡᠷᠡᠰ ᠳᠡᠮᠵᠢᠯᠭᠡ ᠦᠵᠡᠭᠦᠯᠦᠨ᠎ᠡ ᠭᠡᠳᠡᠭ ᠢ ᠪᠢ ᠪᠠᠲᠤ ᠢᠲᠡᠭᠡᠵᠦ | ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠷᠤᠰ ᠤᠨ ᠬᠠᠷᠢᠯᠴᠠᠭ᠎ᠠ ᠥᠨᠥᠳᠥᠷ ᠪᠤᠯᠲᠠᠯ᠎ᠠ ᠬᠥᠭᠵᠢᠭᠰᠡᠨ ᠨᠢ ᠭᠦᠨᠵᠡᠭᠡᠢ | ᠲᠡᠦᠬᠡ ᠶᠢᠨ ᠯᠣᠭᠢᠭ ᠲᠠᠢ ᠶᠤᠮ᠃ ᠬᠠᠮᠤᠭ ᠤᠨ ᠶᠡᠭᠡ ᠬᠥᠷᠰᠢ ᠤᠯᠤᠰ ᠪᠠ ᠪᠦᠭᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠪᠣᠯᠤᠭᠰᠠᠨ ᠤ ᠬᠤᠪᠢ ᠳᠤ᠂ ᠳᠤᠮᠳᠠᠳᠤ ᠤᠷᠤᠰ ᠤᠨ ᠬᠠᠷᠢᠯᠴᠠᠭ᠎ᠠ ᠨᠢ | ᠲᠤᠰ ᠲᠤᠰ ᠤᠨ ᠢᠶᠠᠨ ᠭᠠᠳᠠᠭᠠᠳᠤ ᠬᠠᠷᠢᠯᠴᠠᠭᠠᠨ ᠤ ᠪᠦᠭᠦ ᠲᠠᠯ᠎ᠠ ᠪᠠ ᠭᠠᠳᠠᠭᠠᠳᠤ ᠲᠦᠷᠦ ᠶᠢᠨ ᠪᠣᠳᠣᠯᠭ᠎ᠠ ᠳᠤ ᠪᠦᠷ | ᠲᠡᠷᠢᠭᠦᠨ ᠪᠠᠶᠢᠷᠢ ᠶᠢ ᠡᠵᠡᠯᠡᠵᠦ ᠪᠠᠶᠢᠨ᠎ᠠ᠃ ᠳᠤᠮᠳᠠᠳᠤ ᠤᠯᠤᠰ ᠶᠡᠷᠦ ᠠᠴᠠ ᠪᠡᠶ᠎ᠡ ᠪᠠᠨ ᠳᠠᠭᠠᠭᠠᠵᠤ ᠡᠵᠡᠨ ᠮᠡᠳᠡᠭᠦ | ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭ᠎ᠠ ᠶᠢ ᠪᠠᠷᠢᠮᠲᠠᠯᠠᠭᠰᠠᠭᠠᠷ ᠢᠷᠡᠭᠰᠡᠨ ᠶᠤᠮ᠃ ᠳᠤᠮᠳᠠᠳᠤ ᠤᠷᠤᠰ ᠤᠨ | ᠬᠠᠷᠢᠯᠴᠠᠭ᠎ᠠ ᠶᠢ ᠰᠠᠶᠢᠲᠤᠷ ᠪᠠᠬᠢᠵᠢᠭᠦᠯᠵᠦ᠂ ᠰᠠᠶᠢᠲᠤᠷ ᠬᠥᠭᠵᠢᠭᠦᠯᠬᠦ ᠪᠣᠯ ᠳᠤᠮᠳᠠᠳᠤ ᠤᠯᠤᠰ ᠤᠨ ᠲᠤᠰ ᠪᠡᠶ᠎ᠡ ᠶᠢᠨ | ᠦᠨᠳᠦᠰᠦᠨ ᠠᠰᠢᠭ ᠲᠤᠰᠠ ᠪᠣᠯᠣᠨ ᠳᠡᠯᠡᠬᠡᠢ ᠶᠢᠨ ᠬᠥᠭᠵᠢᠯᠲᠡ ᠶᠢᠨ ᠶᠡᠭᠡ ᠬᠠᠨᠳᠤᠰᠢ ᠳᠤ ᠰᠠᠭᠤᠷᠢᠯᠠᠵᠤ | ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠪᠣᠯᠣᠨ᠎ᠠ᠃ ᠳᠤᠮᠳᠠᠳᠤ ᠤᠯᠤᠰ ᠤᠨ ᠣᠷᠣᠰ ᠯᠤᠭ᠎ᠠ | ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠬᠤ ᠶᠡᠭᠡ ᠴᠢᠭᠯᠡᠯ ᠤᠬᠳᠤ ᠭᠤᠶᠢᠪᠢᠰᠢ ᠦᠭᠡᠢ ᠶᠤᠮ᠃ | ᠳᠤᠮᠳᠠᠳᠤ ᠤᠷᠤᠰ ᠴᠥᠮ ᠤᠯᠤᠰ ᠣᠷᠣᠨ ᠤ ᠬᠥᠭᠵᠢᠯ ᠮᠠᠨᠳᠤᠯ ᠢ ᠪᠡᠶᠡᠯᠡᠭᠦᠯᠬᠦ ᠪᠠᠷ ᠴᠢᠷᠮᠠᠶᠢᠵᠤ᠂ ᠴᠥᠮ | ᠳᠡᠯᠡᠬᠡᠢ ᠶᠢᠨ ᠤᠯᠠᠨ ᠲᠦᠢᠯᠵᠢᠯᠳᠡ ᠶᠢ ᠳᠡᠮᠵᠢᠵᠦ᠂ ᠴᠥᠮ ᠤᠯᠠᠨ ᠤᠯᠤᠰ ᠤᠨ ᠬᠠᠷᠢᠯᠴᠠᠭᠠᠨ ᠤ ᠠᠷᠠᠳᠴᠢᠯᠠᠯᠲᠠ ᠶᠢ | ᠠᠬᠢᠭᠤᠯᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ | ᠤᠯᠠᠮ ᠭᠦᠨᠵᠡᠭᠡᠶᠢᠷᠡᠭᠦᠯᠵᠦ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠵᠡᠷᠭᠡ ᠤᠯᠠᠨ ᠲᠠᠯᠠᠲᠤ ᠲᠠᠪᠴᠠᠩ ᠳᠠᠬᠢ | ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠲᠤᠰ ᠲᠤᠰ ᠤᠨ ᠤᠯᠤᠰ ᠤᠨ ᠢᠶᠠᠨ ᠬᠥᠭᠵᠢᠯ ᠮᠠᠨᠳᠤᠯ ᠳᠤ | ᠬᠦᠴᠦᠨ ᠨᠡᠮᠡᠷᠢᠯᠡᠵᠦ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠤ ᠭᠤᠣᠯ ᠲᠤᠯᠭᠠᠭᠤᠷᠢ ᠪᠣᠯᠣᠶ᠎ᠠ ᠭᠡᠵᠦ | ᠴᠢᠬᠤᠯᠠᠴᠢᠯᠠᠪᠠ᠃ | ᠫᠦᠲ᠋ᠢᠨ ᠰᠢ ᠶᠢᠨ ᠫᠢᠩ ᠤᠨ ᠤᠷᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠶᠢ | ᠬᠠᠯᠠᠭᠤᠨ ᠢᠶᠠᠷ ᠤᠭᠲᠤᠵᠤ᠂ ᠰᠢ ᠶᠢᠨ ᠫᠢᠩ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠶᠢᠨ ᠲᠤᠰᠢᠶᠠᠯ ᠢ | ᠦᠷᠭᠦᠯᠵᠢᠯᠡᠨ ᠡᠭᠦᠷᠭᠡᠯᠡᠭᠰᠡᠨ ᠳᠤ ᠬᠠᠯᠠᠭᠤᠨ ᠪᠠᠶᠠᠷ ᠬᠦᠷᠭᠡᠪᠡ᠃ ᠫᠦᠲ᠋ᠢᠨ᠂ ᠥᠩᠭᠡᠷᠡᠭᠰᠡᠨ ᠠᠷᠪᠠᠨ ᠵᠢᠯ ᠤᠨ ᠲᠤᠷᠰᠢ᠂ | ᠳᠤᠮᠳᠠᠳᠤ ᠤᠯᠤᠰ ᠤᠨ ᠡᠯ᠎ᠡ ᠲᠠᠯ᠎ᠠ ᠶᠢᠨ ᠬᠥᠭᠵᠢᠯᠲᠡ ᠴᠥᠮ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠠᠭᠤᠤ | ᠶᠡᠭᠡ ᠠᠮᠵᠢᠯᠲᠠ ᠣᠯᠵᠠᠢ᠂ ᠡᠨᠡ ᠨᠢ ᠲᠡᠷᠢᠭᠦᠯᠡᠭᠴᠢ ᠰᠢ ᠶᠢᠨ ᠫᠢᠩ ᠤᠨ ᠭᠠᠷᠮᠠᠭᠠᠢ ᠤᠳᠤᠷᠢᠳᠤᠯᠭ᠎ᠠ ᠶᠢᠨ ᠠᠴᠢ | ᠭᠠᠪᠢᠶ᠎ᠠ ᠪᠤᠯᠬᠤ ᠪᠥᠭᠡᠳ ᠪᠠᠰᠠ ᠳᠤᠮᠳᠠᠳᠤ ᠤᠯᠤᠰ ᠤᠨ ᠤᠯᠤᠰ ᠤᠨ ᠪᠠᠶᠢᠭᠤᠯᠤᠯ ᠪᠣᠯᠣᠨ ᠵᠠᠰᠠᠯᠲᠠ ᠶᠢᠨ | ᠰᠢᠰᠲ᠋ᠧᠮ ᠤᠨ ᠳᠠᠪᠠᠭᠤᠯᠢᠭ ᠢ ᠭᠡᠷᠡᠴᠢᠯᠡᠭᠰᠡᠨ ᠪᠠᠶᠢᠨ᠎ᠠ᠃ ᠲᠡᠷᠢᠭᠦᠯᠡᠭᠴᠢ ᠰᠢ ᠶᠢᠨ ᠫᠢᠩ ᠤᠨ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠯᠠᠪᠲᠠᠢ ᠦᠷᠭᠦᠯᠵᠢᠯᠡᠨ ᠬᠥᠭᠵᠢᠨ ᠴᠡᠴᠡᠭᠯᠡᠵᠦ᠂ ᠡᠯ᠎ᠡ ᠵᠦᠢᠯ ᠤᠨ | ᠲᠣᠭᠲᠠᠭᠰᠠᠨ ᠠᠤᠭ᠎ᠠ ᠬᠠᠷᠠᠯᠲᠠ ᠪᠠᠨ ᠤᠷᠤᠭᠰᠢᠲᠠᠢ ᠪᠡᠶᠡᠯᠡᠭᠦᠯᠬᠦ ᠶᠢ ᠪᠢ ᠪᠠᠲᠤ ᠢᠲᠡᠭᠡᠵᠦ ᠪᠠᠶᠢᠨ᠎ᠠ᠃ ᠬᠤᠶᠠᠷ | ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠣᠶᠢᠷ᠎ᠠ ᠶᠢᠨ ᠵᠢᠯ ᠳᠤ ᠤᠷᠤᠰ ᠳᠤᠮᠳᠠᠳᠤ ᠶᠢᠨ ᠬᠠᠷᠢᠯᠴᠠᠭ᠎ᠠ ᠡᠯ᠎ᠡ | ᠬᠦᠷᠢᠶᠡᠨ ᠳᠤ ᠴᠥᠮ ᠡᠯᠪᠡᠭ ᠪᠠᠶᠠᠯᠢᠭ ᠦᠷ᠎ᠡ ᠪᠦᠲᠦᠭᠡᠯ ᠣᠯᠪᠠ᠃ ᠤᠷᠤᠰ ᠤᠨ ᠬᠢᠨ ᠳᠤᠷᠠᠲᠠᠶ᠎ᠠ ᠳᠤᠮᠳᠠᠳᠤ | ᠤᠯᠤᠰ ᠯᠤᠭ᠎ᠠ ᠬᠤᠶᠠᠷ ᠲᠠᠯ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠦᠷᠭᠦᠯᠵᠢᠯᠡᠨ | ᠭᠦᠨᠵᠡᠭᠡᠶᠢᠷᠡᠭᠦᠯᠵᠦ᠂ ᠤᠯᠠᠨ ᠤᠯᠤᠰ ᠤᠨ ᠬᠡᠷᠡᠭ ᠶᠠᠪᠤᠳᠠᠯ ᠳᠠᠬᠢ ᠣᠯᠣᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ | ᠳᠡᠯᠡᠬᠡᠢ ᠶᠢᠨ ᠤᠯᠠᠨ ᠲᠦᠢᠯᠵᠢᠯᠳᠡ ᠪᠠ ᠤᠯᠠᠨ ᠤᠯᠤᠰ ᠤᠨ ᠬᠠᠷᠢᠯᠴᠠᠭᠠᠨ ᠤ ᠠᠷᠠᠳᠴᠢᠯᠠᠯ ᠤᠨ ᠠᠬᠢᠴᠠ ᠶᠢ | ᠠᠬᠢᠭᠤᠯᠤᠨ᠎ᠠ ᠭᠡᠵᠦ ᠢᠯᠡᠳᠬᠡᠪᠡ᠃ | ᠬᠤᠶᠠᠷ ᠲᠠᠯ᠎ᠠ ᠪᠠᠷ ᠢᠶᠠᠨ ᠦᠺᠷᠠᠶᠢᠨ ᠤ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ | ᠰᠢ ᠶᠢᠨ ᠫᠢᠩ᠂ ᠦᠺᠷᠠᠶᠢᠨ ᠤ ᠠᠰᠠᠭᠤᠳᠠᠯ ᠳᠡᠭᠡᠷ᠎ᠡ ᠡᠩᠬᠡ ᠲᠠᠶᠢᠪᠤᠩ ᠤᠨ᠂ ᠣᠶᠤᠨᠯᠢᠭ ᠳᠠᠭᠤᠨ ᠲᠠᠰᠤᠷᠠᠯᠲᠠ ᠦᠭᠡᠢ | ᠦᠷᠭᠦᠯᠵᠢᠯᠡᠵᠦ᠂ ᠣᠯᠠᠩᠬᠢ ᠤᠯᠤᠰ ᠴᠥᠮ ᠪᠠᠴᠢᠮ ᠪᠠᠶᠢᠳᠠᠯ ᠢ ᠨᠠᠮᠳᠠᠭᠤᠯᠬᠤ ᠶᠢ ᠳᠡᠮᠵᠢᠵᠦ᠂ ᠢᠳᠬᠠᠨ ᠡᠪᠰᠡᠭᠦᠯᠵᠦ | ᠬᠡᠯᠡᠯᠴᠡᠭᠡ ᠭᠢᠯᠭᠡᠭᠦ ᠶᠢ ᠵᠣᠷᠢᠵᠤ᠂ ᠭᠠᠯ ᠳᠡᠭᠡᠷ᠎ᠡ ᠲᠣᠰᠣ ᠨᠡᠮᠡᠭᠦ ᠶᠢ ᠡᠰᠡᠷᠭᠦᠴᠡᠵᠦ ᠪᠠᠶᠢᠨ᠎ᠠ᠃ ᠲᠡᠦᠬᠡᠨ ᠠᠴᠠ ᠠᠪᠴᠤ | ᠦᠵᠡᠪᠡᠯ᠂ ᠮᠥᠷᠭᠦᠯᠳᠦᠭᠡᠨ ᠢ ᠡᠴᠦᠰ ᠲᠡᠭᠡᠨ ᠴᠥᠮ ᠶᠠᠷᠢᠯᠴᠠᠭ᠎ᠠ ᠪᠠ ᠬᠡᠯᠡᠯᠴᠡᠭᠡ ᠪᠠᠷ ᠳᠠᠮᠵᠢᠭᠤᠯᠤᠨ ᠰᠢᠢᠳᠪᠦᠷᠢᠯᠡᠬᠦ | ᠴᠢᠬᠤᠯᠠᠲᠠᠢ ᠶᠤᠮ᠃ ᠲᠦᠷᠦᠭᠦᠬᠡᠨ ᠳᠤᠮᠳᠠᠳᠤ ᠤᠯᠤᠰ ᠲᠤᠰᠬᠠᠶᠢᠯᠠᠨ ᠵᠣᠭᠰᠣᠯᠲᠠ ᠪᠠᠨ ᠢᠯᠡᠷᠬᠡᠶᠢᠯᠡᠭᠰᠡᠨ ᠪᠢᠴᠢᠭ | ᠮᠠᠲ᠋ᠧᠷᠢᠶᠠᠯ ᠨᠡᠶᠢᠲᠡᠯᠡᠵᠦ᠂ ᠦᠺᠷᠠᠶᠢᠨ ᠤ ᠬᠢᠮᠤᠷᠠᠯ ᠢ ᠤᠯᠤᠰ ᠲᠦᠷᠦ ᠪᠠᠷ ᠰᠢᠢᠳᠪᠦᠷᠢᠯᠡᠵᠦ᠂ ᠬᠦᠢᠲᠡᠨ ᠳᠠᠶᠢᠨ ᠤ | ᠰᠡᠳᠬᠢᠬᠦᠢ ᠶᠢ ᠡᠰᠡᠷᠭᠦᠴᠡᠵᠦ᠂ ᠭᠠᠭᠴᠠ ᠲᠠᠯ᠎ᠠ ᠶᠢᠨ ᠵᠠᠯᠬᠠᠭᠠᠯ ᠢ ᠡᠰᠡᠷᠭᠦᠴᠡᠬᠦ ᠶᠢ ᠤᠷᠢᠶᠠᠯᠠᠪᠠ᠃ ᠪᠢᠳᠡᠨ ᠤ | ᠦᠵᠡᠬᠦ ᠪᠠᠷ᠂ ᠬᠦᠴᠢᠷ ᠪᠡᠷᠬᠡᠰᠢᠶᠡᠯ ᠬᠡᠳᠦᠢ ᠳᠠᠪᠬᠤᠷᠳᠠᠭᠰᠠᠨ ᠴᠤ ᠡᠩᠬᠡ ᠲᠠᠶᠢᠪᠤᠩ ᠳᠤ ᠣᠷᠣᠨ ᠵᠠᠢ ᠦᠯᠡᠳᠡᠭᠡᠵᠦ | ᠥᠭᠭᠦ ᠭᠡᠷᠡᠭᠲᠡᠢ᠃ ᠵᠥᠷᠢᠴᠡᠯ ᠬᠡᠳᠦᠢ ᠬᠤᠷᠴᠠᠳᠤᠬᠰᠠᠨ ᠴᠤ ᠶᠠᠷᠢᠯᠴᠠᠭ᠎ᠠ ᠬᠢᠬᠦ ᠴᠢᠷᠮᠠᠶᠢᠯᠭ᠎ᠠ ᠪᠠᠨ ᠲᠠᠶᠠᠭᠳᠠᠵᠤ ᠪᠤᠯᠬᠤ | ᠦᠭᠡᠢ᠃ ᠳᠤᠮᠳᠠᠳᠤ ᠤᠯᠤᠰ ᠳᠤᠷᠠᠲᠠᠶ᠎ᠠ ᠦᠺᠷᠠᠶᠢᠨ ᠤ ᠠᠰᠠᠭᠤᠳᠠᠯ ᠢ ᠤᠯᠤᠰ ᠲᠥᠷᠥ ᠪᠠᠷ ᠰᠢᠢᠳᠪᠦᠷᠢᠯᠡᠬᠦ ᠳᠤ | ᠦᠷᠭᠦᠯᠵᠢᠯᠡᠨ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠦᠨ᠎ᠡ ᠭᠡᠵᠦ ᠴᠢᠬᠤᠯᠠᠴᠢᠯᠠᠵᠠᠢ᠃ | ᠫᠦᠲ᠋ᠢᠨ᠂ ᠤᠷᠤᠰ ᠤᠨ ᠬᠢᠨ ᠳᠤᠮᠳᠠᠳᠤ ᠤᠯᠤᠰ ᠤᠨ ᠴᠢᠬᠤᠯᠠ ᠶᠡᠭᠡ ᠳᠡᠯᠡᠬᠡᠢ ᠶᠢᠨ ᠠᠰᠠᠭᠤᠳᠠᠯ ᠳᠡᠭᠡᠷ᠎ᠡ | ᠢᠮᠠᠭᠲᠠ ᠲᠥᠪ ᠭᠤᠣᠯᠴᠢ᠂ ᠪᠤᠰᠤᠳᠴᠢ᠂ ᠲᠡᠩᠴᠡᠭᠦᠷᠢᠲᠡᠢ ᠵᠣᠭᠰᠣᠯᠲᠠ ᠶᠢ ᠪᠠᠷᠢᠮᠲᠠᠯᠠᠵᠤ᠂ ᠲᠥᠪ ᠭᠤᠣᠯᠴᠢ | ᠰᠢᠳᠤᠷᠭᠤ ᠶᠣᠰᠣ ᠶᠢ ᠪᠠᠷᠢᠮᠲᠠᠯᠠᠳᠠᠭ ᠢ ᠮᠠᠭᠲᠠᠨ ᠰᠠᠶᠢᠰᠢᠶᠠᠵᠤ ᠪᠠᠶᠢᠨ᠎ᠠ᠃ ᠣᠷᠣᠰ ᠤᠨ ᠬᠢᠨ ᠦᠺᠷᠠᠶᠢᠨ ᠤ | ᠠᠰᠠᠭᠤᠳᠠᠯ ᠢ ᠤᠯᠤᠰ ᠲᠥᠷᠥ ᠪᠠᠷ ᠰᠢᠢᠳᠪᠦᠷᠢᠯᠡᠬᠦ ᠲᠤᠬᠠᠢ ᠳᠤᠮᠳᠠᠳᠤ ᠤᠯᠤᠰ ᠤᠨ ᠵᠣᠭᠰᠣᠯᠲᠠ ᠪᠠᠨ | ᠢᠯᠡᠷᠬᠡᠶᠢᠯᠡᠭᠰᠡᠨ ᠮᠠᠲ᠋ᠧᠷᠢᠶᠠᠯ ᠢ ᠬᠢᠨᠠᠮᠠᠭᠠᠢ ᠰᠤᠳᠤᠯᠵᠤ᠂ ᠨᠠᠶᠢᠷᠠᠮᠳᠠᠯ ᠤᠨ ᠬᠡᠯᠡᠯᠴᠡᠭᠡ ᠳᠤ ᠨᠡᠭᠡᠭᠡᠯᠲᠡ ᠲᠠᠢ ᠣᠪᠣᠷ ᠢᠶᠠᠷ | ᠬᠠᠨᠳᠤᠵᠤ ᠪᠠᠶᠢᠨ᠎ᠠ᠂ ᠡᠭᠦᠨ ᠤ ᠲᠥᠯᠥᠭᠡ ᠳᠤᠮᠳᠠᠳᠤ ᠤᠯᠤᠰ ᠤᠨ ᠪᠦᠲᠦᠭᠡᠯᠴᠢ ᠴᠢᠨᠠᠷᠲᠠᠢ ᠦᠢᠯᠡᠳᠦᠯ ᠭᠠᠷᠭᠠᠬᠤ ᠶᠢ | ᠪᠠᠶᠠᠷᠯᠠᠨ ᠤᠭᠲᠤᠵᠤ ᠪᠠᠶᠢᠨ᠎ᠠ ᠭᠡᠵᠦ ᠢᠯᠡᠳᠬᠡᠪᠡ᠃ | ᠬᠤᠶᠠᠷ ᠤᠯᠤᠰ ᠤᠨ ᠲᠡᠷᠢᠭᠦᠨ᠂ ᠮᠠᠷᠭᠠᠰᠢ ᠳᠠᠬᠢᠨᠲᠠ ᠬᠡᠯᠡᠯᠴᠡᠭᠡ ᠬᠢᠵᠦ᠂ ᠢᠷᠡᠭᠡᠳᠦᠢ ᠶᠢᠨ ᠨᠢᠭᠡ | ᠬᠤᠭᠤᠴᠠᠭᠠᠨ ᠤ ᠳᠤᠮᠳᠠᠳᠤ ᠤᠷᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ | ᠬᠠᠨᠢᠲᠠᠨ ᠤ ᠬᠠᠷᠢᠯᠴᠠᠭ᠎ᠠ ᠶᠢᠨ ᠰᠢᠨ᠎ᠡ ᠵᠢᠷᠤᠭ ᠲᠥᠰᠥᠪ ᠢ ᠲᠥᠯᠥᠪᠵᠢᠭᠦᠯᠬᠦ ᠶᠢ ᠬᠦᠰᠡᠵᠦ ᠪᠠᠶᠢᠨ᠎ᠠ ᠭᠡᠵᠦ | ᠢᠯᠡᠳᠬᠡᠵᠡᠭᠡᠪᠡ᠃ | | |