ᠰᠢᠨᠬᠤᠸᠠ ᠬᠤᠷᠢᠶᠠᠨ ᠤ ᠪᠡᠭᠡᠵᠢᠩ ᠤᠨ 3 ᠳ᠋ᠤᠭᠠᠷ ᠰᠠᠷ᠎ᠠ ᠶᠢᠨ 17 ᠤ ᠡᠳᠦᠷ ᠤᠨ ᠮᠡᠳᠡᠭᠡ 3 ᠳ᠋ᠤᠭᠠᠷ | ᠰᠠᠷ᠎ᠠ ᠶᠢᠨ 17 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠰᠢᠨ᠎ᠡ ᠨᠢᠭᠡ | ᠬᠤᠭᠤᠴᠠᠭᠠᠨ ᠤ ᠲᠥᠷᠥ ᠶᠢᠨ ᠶᠠᠪᠤᠳᠠᠯ ᠤᠨ ᠬᠤᠷᠢᠶᠠᠨ ᠤ ᠠᠩᠬᠠᠳᠤᠭᠠᠷ ᠪᠦᠭᠦᠳᠡ ᠬᠤᠷᠠᠯ ᠢ ᠬᠤᠷᠠᠯᠳᠤᠭᠤᠯᠪᠠ᠃ | ᠬᠤᠷᠠᠯ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠤᠳᠤᠷᠢᠳᠬᠤ ᠨᠥᠬᠦᠳ ᠤᠨ ᠠᠵᠢᠯ ᠤᠨ ᠬᠤᠪᠢᠶᠠᠷᠢᠯᠠᠯ ᠪᠠ | ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠭᠤᠯᠤᠮᠵᠢ ᠶᠢᠨ ᠲᠣᠬᠢᠷᠠᠭᠤᠯᠤᠯᠲᠠ ᠶᠢ ᠨᠡᠶᠢᠲᠡᠯᠡᠵᠦ᠂ ᠰᠢᠨ᠎ᠡ ᠪᠠᠷ | ᠵᠠᠰᠠᠪᠤᠷᠢ ᠣᠷᠣᠭᠤᠯᠤᠭᠰᠠᠨ ︽ᠲᠥᠷᠥ ᠶᠢᠨ ᠶᠠᠪᠤᠳᠠᠯ ᠤᠨ ᠬᠤᠷᠢᠶᠠᠨ ᠤ ᠠᠵᠢᠯ ᠤᠨ ᠳᠦᠷᠢᠮ︾ ᠢ ᠬᠢᠨᠠᠨ ᠵᠥᠪᠯᠡᠵᠦ | ᠪᠠᠲᠤᠯᠠᠭᠠᠳ᠂ ᠵᠠᠰᠠᠭ ᠤᠨ ᠣᠷᠳᠣᠨ ᠤ ᠠᠵᠢᠯ ᠳᠤ ᠪᠠᠶᠢᠷᠢᠯᠠᠭᠤᠯᠤᠯᠲᠠ ᠬᠢᠵᠡᠢ᠃ ᠯᠢ ᠴᠢᠶᠠᠩ᠂ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠭᠤᠰᠢᠯᠠᠭᠤᠯᠤᠨ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠤᠨ ᠭᠤᠣᠯ ᠡᠭᠦᠷᠭᠡ ᠶᠢᠨ | ᠲᠣᠭᠤᠷᠢᠨ ᠳᠤ ᠠᠵᠢᠯ ᠢᠶᠠᠨ ᠥᠷᠨᠢᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ | ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ | ᠬᠦᠰᠡᠯ ᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ | ᠯᠢ ᠴᠢᠶᠠᠩ ᠵᠢᠭᠠᠬᠤ ᠳᠤ ᠪᠠᠨ᠂ ᠲᠣᠰ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠤᠨ | ᠬᠤᠭᠤᠴᠠᠭᠠᠨ ᠤ ᠲᠠᠪᠤᠨ ᠵᠢᠯ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠦᠲᠦᠭᠡᠨ | ᠪᠠᠶᠢᠭᠤᠯᠬᠤ ᠡᠬᠢᠯᠡᠯᠲᠡ ᠶᠢᠨ ᠵᠠᠩᠭᠢᠯᠠᠭ᠎ᠠ ᠶᠢᠨ ᠬᠤᠭᠤᠴᠠᠭ᠎ᠠ ᠮᠥᠨ᠃ ᠲᠤᠰ ᠬᠤᠭᠤᠴᠠᠭᠠᠨ ᠤ ᠵᠠᠰᠠᠭ ᠤᠨ | ᠣᠷᠳᠣᠨ ᠤ ᠠᠵᠢᠯ ᠪᠣᠯ ᠳᠠᠷᠤᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠰᠠᠶᠢᠲᠤᠷ ᠲᠤᠭᠤᠰᠢᠯᠠᠭᠤᠯᠵᠤ᠂ ᠰᠠᠶᠢᠲᠤᠷ ᠨᠠᠶᠢᠳᠠᠪᠤᠷᠢᠵᠢᠭᠤᠯᠬᠤ ᠶᠠᠪᠤᠳᠠᠯ ᠶᠤᠮ᠂ ᠮᠠᠨ ᠤ ᠨᠥᠬᠦᠳ ᠨᠢᠭᠡᠪᠦᠷᠢ ᠴᠥᠮ | ᠰᠠᠶᠢᠲᠤᠷ ᠭᠦᠢᠴᠡᠳᠬᠡᠭᠴᠢ᠂ ᠠᠵᠢᠯᠯᠠᠭᠠᠴᠢ᠂ ᠪᠣᠳᠠᠲᠠᠢ ᠠᠵᠢᠯᠯᠠᠭᠴᠢ ᠪᠣᠯᠬᠤ ᠬᠡᠷᠡᠭᠲᠡᠢ᠃ ᠭᠦᠢᠴᠡᠳᠬᠡᠭᠴᠢ ᠨᠢ ᠳᠠᠷᠤᠢ | ᠨᠠᠮ ᠤᠨ ᠲᠥᠪ ᠬᠤᠷᠢᠶᠠᠨ ᠤ ᠪᠠᠶᠢᠯᠳᠤᠬᠤ ᠪᠣᠳᠣᠯᠭ᠎ᠠ ᠶᠢᠨ ᠵᠣᠷᠢᠯᠲᠠ ᠶᠢ ᠪᠦᠬᠦ ᠲᠠᠯ᠎ᠠ ᠪᠠᠷ ᠣᠨᠣᠪᠴᠢᠲᠠᠢ | ᠣᠶᠢᠯᠠᠭᠠᠨ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠱᠠᠭᠠᠷᠳᠠᠯᠭ᠎ᠠ ᠨᠤᠭᠤᠳ ᠢ ᠭᠤᠶᠢᠪᠢᠰᠢ ᠦᠭᠡᠢ | ᠨᠠᠶᠢᠳᠠᠪᠤᠷᠢᠵᠢᠭᠤᠯᠬᠤ ᠶᠢᠨ ᠬᠠᠮᠲᠤ ᠪᠦᠲᠦᠭᠡᠯᠴᠢ ᠪᠠᠷ ᠬᠡᠷᠡᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ᠂ ᠨᠠᠮ ᠤᠨ | ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠲᠠᠲᠠᠶᠢᠵᠢᠭᠤᠯᠤᠨ ᠦᠷ᠎ᠡ ᠪᠦᠲᠦᠮᠵᠢ | ᠣᠯᠬᠤ ᠶᠢ ᠪᠠᠲᠤᠯᠠᠬᠤ ᠬᠡᠷᠡᠭᠲᠡᠢ᠃ ᠠᠵᠢᠯᠯᠠᠭᠠᠴᠢ ᠨᠢ ᠳᠠᠷᠤᠢ ᠦᠢᠯᠡ ᠠᠵᠢᠯᠯᠠᠭ᠎ᠠ ᠪᠠᠷ ᠢᠶᠠᠨ | ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠤᠷᠢᠶᠠᠯᠠᠭ᠎ᠠ ᠶᠢ ᠲᠠᠭᠠᠨ᠂ ᠨᠠᠮ ᠤᠨ ᠲᠥᠪ | ᠬᠤᠷᠢᠶᠠᠨ ᠤ ᠱᠠᠭᠠᠷᠳᠠᠯᠭ᠎ᠠ ᠶᠢ ᠲᠤᠭᠤᠰᠢᠯᠠᠭᠤᠯᠵᠤ᠂ ᠡᠷᠬᠡᠪᠰᠢ ᠪᠤᠰᠢᠭᠤ ᠱᠠᠯᠠᠮᠠᠭᠠᠢ ᠪᠥᠭᠡᠳ ᠡᠷᠡᠰ ᠰᠢᠭᠤᠷᠬᠠᠢ | ᠪᠠᠶᠢᠵᠤ᠂ ᠨᠠᠮ ᠤᠨ ᠲᠥᠪ ᠬᠤᠷᠢᠶᠠᠨ ᠤ ᠵᠠᠰᠠᠭ ᠤᠨ ᠵᠠᠷᠯᠢᠭ ᠤᠨ ᠤᠷᠤᠭᠰᠢᠲᠠᠢ ᠶᠠᠪᠤᠭᠳᠠᠬᠤ᠂ ᠵᠠᠷᠯᠢᠭ ᠴᠠᠭᠠᠵᠠ ᠶᠢ | ᠴᠢᠩᠭ᠎ᠠ ᠲᠠᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠪᠣᠳᠠᠲᠠᠢ ᠠᠵᠢᠯᠯᠠᠭᠴᠢ ᠨᠢ ᠳᠠᠷᠤᠢ ᠦᠨᠡᠨ ᠬᠦ ᠠᠳᠬᠤᠨ | ᠪᠣᠳᠠᠲᠠᠢ ᠬᠢᠵᠦ ᠰᠢᠷᠭᠠᠭᠤ ᠬᠠᠲᠠᠭᠤᠵᠢᠯᠲᠠᠢ ᠠᠵᠢᠯᠯᠠᠬᠤ ᠪᠠᠷ ᠦᠯᠦ ᠪᠠᠷᠠᠮ ᠴᠢᠳᠠᠮᠠᠭᠠᠢ ᠪᠠᠷ ᠬᠢᠵᠦ ᠪᠦᠲᠦᠭᠡᠨ᠂ | ᠲᠡᠦᠬᠡ᠂ ᠦᠢᠯᠡᠳᠦᠯᠭᠡ ᠪᠠ ᠠᠷᠠᠳ ᠲᠦᠮᠡᠨ ᠤ ᠰᠢᠯᠭᠠᠯᠲᠠ ᠶᠢ ᠳᠠᠪᠠᠵᠤ ᠳᠡᠶᠢᠯᠬᠦ ᠠᠮᠵᠢᠯᠲᠠ ᠪᠦᠲᠦᠮᠵᠢ ᠶᠢ ᠴᠢᠷᠮᠠᠶᠢᠨ | ᠡᠭᠦᠳᠬᠦ ᠬᠡᠷᠡᠭᠲᠡᠢ ᠭᠡᠵᠡᠢ᠃ | ᠯᠢ ᠴᠢᠶᠠᠩ᠂ ᠨᠠᠮ ᠤᠨ ᠲᠥᠪ ᠬᠤᠷᠢᠶᠠᠨ ᠤ ᠡᠨᠡ ᠵᠢᠯ ᠤᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ | ᠭᠤᠣᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠬᠦᠴᠦᠯᠡᠨ ᠰᠠᠶᠢᠲᠤᠷ ᠠᠳᠬᠤᠵᠤ᠂ ᠰᠢᠨ᠎ᠡ | ᠭᠠᠷᠤᠭ᠎ᠠ ᠠᠴᠠ ᠡᠯ᠎ᠡ ᠵᠦᠢᠯ ᠤᠨ ᠠᠵᠢᠯ ᠤᠨ ᠰᠠᠶᠢᠨ ᠡᠬᠢᠯᠡᠯᠲᠡ ᠲᠠᠢ ᠪᠣᠯᠬᠤ ᠶᠢ ᠠᠬᠢᠭᠤᠯᠬᠤ ᠬᠡᠷᠡᠭᠲᠡᠢ᠃ ᠴᠢᠨᠠᠷ | ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠴᠢᠩᠭ᠎ᠠ ᠠᠳᠬᠤᠨ᠂ ᠲᠣᠭᠲᠠᠭᠤᠨ ᠢ | ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠬᠤ ᠶᠢ ᠪᠠᠷᠢᠮᠲᠠᠯᠠᠨ᠂ ᠰᠢᠨᠵᠢᠯᠡᠬᠦ ᠤᠬᠠᠭᠠᠨᠴᠢ ᠪᠥᠭᠡᠳ | ᠣᠨᠣᠪᠴᠢᠲᠠᠢ ᠪᠠᠷ ᠬᠤᠷᠸ᠎ᠠ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠷᠭ᠎ᠠ ᠪᠣᠳᠣᠯᠭ᠎ᠠ ᠨᠤᠭᠤᠳ ᠢ | ᠶᠡᠷᠦᠩᠬᠡᠶᠢᠯᠡᠨ ᠬᠡᠷᠡᠭᠵᠢᠭᠦᠯᠵᠦ ᠪᠠᠶᠢᠭᠠᠳ ᠳᠣᠲᠣᠭᠠᠳᠤ ᠬᠡᠷᠡᠭᠴᠡᠭᠡᠨ ᠤ ᠳᠠᠯᠳᠠ ᠬᠦᠴᠦᠨ ᠢ ᠪᠠᠳᠠᠷᠠᠭᠤᠯᠤᠨ᠂ ᠠᠵᠤ | ᠠᠬᠤᠢ ᠶᠢᠨ ᠠᠵᠢᠯᠯᠠᠭᠠᠨ ᠤ ᠪᠦᠬᠦᠯᠢ ᠴᠣᠭᠴᠠ ᠪᠠᠷ ᠢᠶᠠᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃ | ᠠᠵᠤ ᠠᠬᠤᠢ ᠶᠢ ᠬᠥᠭᠵᠢᠭᠦᠯᠬᠦ ᠬᠦᠴᠦᠯᠡᠴᠡ ᠶᠢ ᠪᠣᠳᠠᠲᠤ ᠴᠣᠭᠴᠠᠲᠤ ᠠᠵᠤ ᠠᠬᠤᠢ ᠳᠡᠭᠡᠷ᠎ᠡ ᠲᠠᠯᠪᠢᠨ᠂ | ᠵᠠᠩᠭᠢᠯᠠᠭ᠎ᠠ ᠶᠢᠨ ᠭᠤᠣᠯᠯᠠᠭᠴᠢ ᠮᠡᠷᠭᠡᠵᠢᠯ ᠤᠨ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠵᠦ᠂ | ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠬᠤ ᠬᠡᠷᠡᠭᠲᠡᠢ᠃ ᠥᠭᠡᠷᠡᠴᠢᠯᠡᠯᠲᠡ | ᠨᠡᠭᠡᠭᠡᠯᠲᠡ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠰᠢᠨ᠎ᠡ | ᠨᠢᠭᠡ ᠡᠭᠡᠯᠵᠢ ᠶᠢᠨ ᠥᠭᠡᠷᠡᠴᠢᠯᠡᠯᠲᠡ ᠶᠢ ᠲᠥᠯᠥᠪᠵᠢᠭᠦᠯᠦᠨ ᠬᠡᠷᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠤᠨ᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠦᠨᠳᠦᠰᠦᠨ | ᠪᠠᠶᠢᠳᠠᠯ ᠢ ᠲᠣᠭᠲᠠᠪᠤᠷᠢᠵᠢᠭᠤᠯᠬᠤ ᠬᠡᠷᠡᠭᠲᠡᠢ᠃ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ | ᠠᠷᠢᠯᠭᠠᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠬᠤ | ᠬᠡᠷᠡᠭᠲᠡᠢ᠃ ᠲᠠᠷᠢᠶᠠᠯᠠᠩ ᠬᠥᠳᠡᠭᠡ ᠲᠣᠰᠬᠤᠨ ᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠨ᠂ ᠠᠮᠤ | ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠲᠣᠭᠲᠠᠭᠤᠨ ᠪᠥᠭᠡᠳ ᠠᠮᠤᠷ ᠲᠦᠪᠰᠢᠨ ᠬᠠᠩᠭᠠᠯᠭ᠎ᠠ ᠶᠢ | ᠦᠨᠡᠨ ᠬᠦ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠣᠷᠴᠢᠨ ᠲᠣᠭᠤᠷᠢᠨ ᠤ ᠪᠣᠬᠢᠷᠳᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠢ | ᠠᠬᠢᠭᠤᠯᠤᠨ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠠᠴᠠ ᠪᠠᠭᠤᠷᠠᠭᠤᠯᠬᠤ ᠪᠠ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ | ᠨᠡᠶᠢᠭᠡᠮ ᠤᠨ ᠦᠢᠯᠡᠰ ᠤᠨ ᠬᠥᠭᠵᠢᠯᠲᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠡᠯ᠎ᠡ ᠲᠠᠯ᠎ᠠ ᠶᠢᠨ | ᠠᠵᠢᠯ ᠤᠳ ᠢ ᠰᠠᠶᠢᠲᠤᠷ ᠬᠢᠵᠦ᠂ ᠠᠷᠠᠳ ᠲᠦᠮᠡᠨ ᠤ ᠬᠦᠷᠲᠡᠭᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ | ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠵᠢᠭᠠᠨ ᠭᠠᠷᠭᠠᠪᠠ᠃ | ᠯᠢ ᠴᠢᠶᠠᠩ ᠴᠢᠬᠤᠯᠠᠴᠢᠯᠠᠬᠤ ᠳᠤ ᠪᠠᠨ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ | ᠪᠥᠬᠦ ᠲᠠᠯ᠎ᠠ ᠪᠠᠷ ᠴᠢᠩᠭᠠᠳᠬᠠᠨ᠂ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ | ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠭᠡ ᠪᠠᠷ ᠪᠠᠳᠠᠷᠠᠭᠤᠯᠤᠨ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ | ᠡᠭᠦᠷᠭᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠭ᠎ᠠ ᠪᠠᠷᠢᠮᠲᠠᠯᠠᠨ᠂ | ᠪᠦᠲᠦᠭᠡᠯᠴᠢ ᠪᠠᠷ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠯ᠎ᠡ ᠵᠦᠢᠯ ᠤᠨ ᠬᠠᠷᠠᠯᠲᠠ ᠡᠭᠦᠷᠭᠡ ᠶᠢ | ᠪᠡᠶᠡᠯᠡᠭᠦᠯᠬᠦ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃ ᠲᠦᠷᠦ ᠶᠢᠨ ᠶᠠᠪᠤᠳᠠᠯ ᠤᠨ ᠬᠤᠷᠢᠶ᠎ᠠ ᠵᠢᠴᠢ ᠡᠯ᠎ᠡ | ᠰᠠᠯᠠᠭ᠎ᠠ ᠮᠥᠴᠢᠷ ᠤᠨ ᠤᠳᠤᠷᠢᠳᠬᠤ ᠨᠥᠬᠦᠳ ᠲᠦᠷᠦᠭᠦᠯᠡᠨ ᠤᠯᠤᠰ ᠲᠦᠷᠦ ᠶᠢ ᠡᠷᠬᠢᠮᠯᠡᠬᠦ᠂ ᠶᠣᠰᠣ ᠳᠦᠷᠢᠮ ᠢ | ᠰᠠᠬᠢᠬᠤ᠂ ᠪᠡᠶ᠎ᠡ ᠪᠠᠨ ᠴᠢᠩᠭ᠎ᠠ ᠱᠠᠭᠠᠷᠳᠠᠬᠤ᠂ ᠬᠤᠪᠢ ᠶᠢᠨ ᠠᠰᠢᠭ ᠢ ᠬᠥᠭᠡᠭᠡᠴᠡᠯᠳᠦᠬᠦ ᠦᠭᠡᠢ᠂ ᠠᠵᠢᠯᠴᠢ | ᠬᠢᠴᠢᠶᠡᠩᠭᠦᠢ ᠪᠠᠷ ᠠᠵᠢᠯᠯᠠᠬᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠰᠤᠷᠲᠠᠯ ᠴᠢᠬᠡᠴᠢ ᠣᠪᠣᠷ ᠲᠥᠪ᠂ | ᠪᠦᠯᠬᠦᠮᠳᠡᠨ ᠲᠡᠮᠡᠴᠡᠬᠦ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠬᠡᠷᠡᠭᠲᠡᠢ ᠭᠡᠵᠡᠢ᠃ | ᠲᠦᠷᠦ ᠶᠢᠨ ᠶᠠᠪᠤᠳᠠᠯ ᠤᠨ ᠬᠤᠷᠢᠶᠠᠨ ᠤ ᠪᠦᠬᠦᠳᠡ ᠬᠤᠷᠠᠯ ᠤᠨ ᠭᠡᠰᠢᠭᠦᠳ ᠬᠤᠷᠠᠯ ᠳᠤ ᠣᠷᠣᠯᠴᠠᠪᠠ᠃ | ᠲᠥᠷᠥ ᠶᠢᠨ ᠶᠠᠪᠤᠳᠠᠯ ᠤᠨ ᠬᠤᠷᠢᠶᠠᠨ ᠤ ᠪᠤᠰᠤᠳ ᠰᠠᠯᠠᠭ᠎ᠠ ᠮᠥᠴᠢᠷ᠂ ᠨᠢᠭᠡᠴᠢ ᠶᠢᠨ ᠬᠠᠷᠢᠭᠤᠴᠠᠯᠭᠠᠲᠠᠳ ᠬᠤᠷᠠᠯ ᠳᠤ | ᠰᠤᠯᠠ ᠣᠷᠣᠯᠴᠠᠭᠰᠠᠨ ᠪᠠᠶᠢᠨ᠎ᠠ᠃ | | |