ᠰᠢ ᠶᠢᠨ ᠫᠢᠩ ᠤᠷᠤᠰ ᠤᠨ ᠶᠡᠷᠦᠩᠬᠡᠶᠢᠯᠡᠭᠴᠢ ᠫᠦᠲ᠋ᠢᠨ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2023/3/23
       ᠲᠤᠬᠠᠢ ᠶᠢᠨ ᠭᠠᠵᠠᠷ ᠤᠨ ᠴᠠᠭ ᠢᠶᠠᠷ 3 ᠰᠠᠷ᠎ᠠ ᠶᠢᠨ 21 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠮᠣᠰᠺᠸᠠ ᠶᠢᠨ ᠺᠧᠷᠮᠯᠢ ᠣᠷᠳᠣᠨ ᠳᠤ ᠣᠷᠣᠰ ᠤᠨ ᠶᠡᠷᠦᠩᠬᠡᠶᠢᠯᠡᠭᠴᠢ ᠫᠦᠲ᠋ᠢᠨ ᠲᠠᠢ ᠬᠡᠯᠡᠯᠴᠡᠭᠡ ᠬᠢᠪᠡ᠃ ᠫᠦᠲ᠋ᠢᠨ ᠵᠤᠷᠵ ᠶᠡᠭᠡ ᠲᠢᠩᠬᠢᠮ ᠳᠤ ᠰᠢ ᠶᠢᠨ ᠫᠢᠩ ᠢ ᠤᠭᠲᠤᠬᠤ ᠦᠪᠡᠳᠡᠭᠰᠢ ᠶᠣᠰᠣᠯᠠᠯ ᠶᠠᠪᠤᠭᠤᠯᠪᠠ᠃ ᠵᠢᠷᠤᠭ ᠪᠣᠯ ᠬᠤᠶᠠᠷ ᠤᠯᠤᠰ ᠤᠨ ᠲᠡᠷᠢᠭᠦᠨ ᠭᠠᠷ ᠠᠳᠬᠤᠯᠴᠠᠵᠤ᠂ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠵᠦ ᠪᠠᠶᠢᠭ᠎ᠠ ᠨᠢ᠃        ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ        ᠲᠤᠬᠠᠢ ᠶᠢᠨ ᠭᠠᠵᠠᠷ ᠤᠨ ᠴᠠᠭ ᠢᠶᠠᠷ 3 ᠰᠠᠷ᠎ᠠ ᠶᠢᠨ 21 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠮᠣᠰᠺᠸᠠ ᠶᠢᠨ ᠺᠧᠷᠮᠯᠢ ᠣᠷᠳᠣᠨ ᠳᠤ ᠣᠷᠣᠰ ᠤᠨ ᠶᠡᠷᠦᠩᠬᠡᠶᠢᠯᠡᠭᠴᠢ ᠫᠦᠲ᠋ᠢᠨ ᠲᠠᠢ ᠬᠡᠯᠡᠯᠴᠡᠭᠡ ᠬᠢᠪᠡ᠃ ᠬᠤᠶᠠᠷ ᠤᠯᠤᠰ ᠤᠨ ᠲᠡᠷᠢᠭᠦᠨ ᠳᠤᠮᠳᠠᠳᠤ ᠣᠷᠣᠰ ᠤᠨ ᠬᠠᠷᠢᠯᠴᠠᠭ᠎ᠠ ᠵᠢᠴᠢ ᠬᠠᠮᠲᠤ ᠪᠠᠷ ᠠᠩᠬᠠᠷᠴᠤ ᠪᠠᠶᠢᠭ᠎ᠠ ᠣᠯᠠᠨ ᠤᠯᠤᠰ ᠤᠨ ᠪᠠ ᠭᠠᠵᠠᠷ ᠣᠷᠣᠨ ᠤ ᠴᠢᠬᠤᠯᠠ ᠶᠡᠭᠡ ᠠᠰᠠᠭᠤᠳᠠᠯ ᠤᠨ ᠲᠤᠬᠠᠢ ᠦᠨᠡᠨᠴᠢ ᠨᠥᠭᠦᠷᠰᠡᠭ᠂ ᠦᠷ᠎ᠡ ᠪᠦᠲᠦᠭᠡᠯ ᠰᠠᠶᠢᠲᠠᠢ ᠬᠡᠯᠡᠯᠴᠡᠭᠡ ᠬᠢᠵᠦ᠂ ᠮᠠᠰᠢ ᠣᠯᠠᠨ ᠴᠢᠬᠤᠯᠠ ᠰᠢᠨ᠎ᠡ ᠬᠠᠮᠲᠤ ᠶᠢᠨ ᠲᠠᠨᠢᠯᠲᠠ ᠲᠠᠢ ᠪᠣᠯᠵᠠᠢ᠃ ᠬᠤᠶᠠᠷ ᠲᠠᠯ᠎ᠠ ᠪᠠᠷ ᠢᠶᠠᠨ ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭ᠎ᠠ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠦᠷᠳᠡᠭᠦ ᠵᠠᠷᠴᠢᠮ ᠢᠶᠠᠷ ᠡᠯ᠎ᠡ ᠬᠦᠷᠢᠶᠡᠨ ᠤ ᠶᠠᠪᠤᠯᠴᠠᠭ᠎ᠠ ᠬᠠᠮᠲᠤᠷᠠᠯᠴᠠᠭ᠎ᠠ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠦᠨ᠎ᠡ ᠭᠡᠵᠦ ᠰᠠᠨᠠᠯ ᠨᠢᠭᠡᠲᠡᠢ ᠵᠥᠪᠰᠢᠶᠡᠷᠡᠪᠡ᠃        3 ᠰᠠᠷ᠎ᠠ ᠶᠢᠨ ᠮᠣᠰᠺᠸᠠ ᠲᠡᠭᠷᠢ ᠴᠡᠯᠮᠡᠭᠰᠢᠨ ᠠᠭᠤᠷ ᠠᠮᠢᠰᠬᠤᠯ ᠲᠠᠭᠠᠯᠠᠮᠵᠢᠲᠠᠢ ᠪᠠᠶᠢᠯ᠎ᠠ᠃ ᠰᠢ ᠶᠢᠨ ᠫᠢᠩ ᠲᠡᠷᠭᠡᠨ ᠳᠤ ᠰᠠᠭᠤᠵᠤ ᠺᠷᠧᠮᠯᠢ ᠶᠢᠨ ᠣᠷᠳᠣᠨ ᠳᠤ ᠬᠦᠷᠬᠦ ᠦᠶ᠎ᠡ ᠳᠤ᠂ ᠺᠷᠧᠮᠯᠢ ᠣᠷᠳᠣᠨ ᠤ ᠵᠣᠴᠢᠨ ᠤᠭᠲᠤᠬᠤ ᠮᠣᠷᠢᠲᠤ ᠠᠩᠭᠢ ᠵᠢᠭᠰᠠᠭᠠᠯ ᠵᠢᠭᠰᠠᠵᠤ ᠤᠭᠲᠤᠪᠠ᠂ ᠺᠷᠧᠮᠯᠢ ᠣᠷᠳᠣᠨ ᠤ ᠺᠣᠮᠠᠨᠳ᠋ᠯᠠᠭᠴᠢ ᠲᠡᠷᠭᠡᠨ ᠠᠴᠠ ᠪᠠᠭᠤᠬᠤ ᠭᠠᠵᠠᠷ ᠲᠤ ᠤᠭᠲᠤᠪᠠ᠃        ᠫᠦᠲ᠋ᠢᠨ ᠵᠤᠷᠵ ᠶᠡᠭᠡ ᠲᠢᠩᠬᠢᠮ ᠳᠤ ᠰᠢ ᠶᠢᠨ ᠫᠢᠩ ᠢ ᠤᠭᠲᠤᠬᠤ ᠦᠪᠡᠳᠡᠭᠰᠢ ᠶᠣᠰᠣᠯᠠᠯ ᠶᠠᠪᠤᠭᠤᠯᠪᠠ᠃ ᠰᠦᠷ ᠵᠢᠪᠬᠤᠯᠠᠩᠲᠤ ᠵᠣᠴᠢᠨ ᠤᠭᠲᠤᠬᠤ ᠬᠥᠭᠵᠢᠮ ᠤᠨ ᠠᠶᠠᠰ ᠤᠨ ᠳᠤᠮᠳᠠ᠂ ᠰᠢ ᠶᠢᠨ ᠫᠢᠩ ᠪᠣᠯᠣᠨ ᠫᠦᠲ᠋ᠢᠨ ᠲᠣᠰ ᠲᠤᠰ ᠵᠤᠷᠵ ᠶᠡᠭᠡ ᠲᠢᠩᠬᠢᠮ ᠤᠨ ᠬᠤᠶᠠᠷ ᠲᠠᠯ᠎ᠠ ᠠᠴᠠ ᠤᠯᠠᠭᠠᠨ ᠬᠡᠪᠢᠰ ᠤᠨ ᠳᠡᠭᠡᠭᠦᠷ ᠢᠳᠡᠷᠬᠡᠭ ᠠᠯᠬᠤᠭ᠎ᠠ ᠪᠠᠷ ᠠᠯᠬᠤᠨ ᠶᠡᠭᠡ ᠲᠢᠩᠬᠢᠮ ᠤᠨ ᠲᠥᠪ ᠲᠤ ᠭᠦᠷᠪᠠ᠃ ᠬᠤᠶᠠᠷ ᠤᠯᠤᠰ ᠤᠨ ᠲᠡᠷᠢᠭᠦᠨ ᠭᠠᠷ ᠠᠳᠬᠤᠯᠴᠠᠵᠤ᠂ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠤᠷᠤᠰ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ᠃
       ᠲᠤᠬᠠᠢ ᠶᠢᠨ ᠭᠠᠵᠠᠷ ᠤᠨ ᠴᠠᠭ ᠢᠶᠠᠷ 3 ᠰᠠᠷ᠎ᠠ ᠶᠢᠨ 21 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠮᠣᠰᠺᠸᠠ ᠶᠢᠨ ᠺᠧᠷᠮᠯᠢ ᠣᠷᠳᠣᠨ ᠳᠤ ᠣᠷᠣᠰ ᠤᠨ ᠶᠡᠷᠦᠩᠬᠡᠶᠢᠯᠡᠭᠴᠢ ᠫᠦᠲ᠋ᠢᠨ ᠲᠠᠢ ᠬᠡᠯᠡᠯᠴᠡᠭᠡ ᠬᠢᠪᠡ᠃ ᠵᠢᠷᠤᠭ ᠪᠣᠯ ᠫᠦᠲ᠋ᠢᠨ ᠵᠤᠷᠵ ᠶᠡᠭᠡ ᠲᠢᠩᠬᠢᠮ ᠳᠤ ᠰᠢ ᠶᠢᠨ ᠫᠢᠩ ᠢ ᠤᠭᠲᠤᠬᠤ ᠦᠪᠡᠳᠡᠭᠰᠢ ᠶᠣᠰᠣᠯᠠᠯ ᠶᠠᠪᠤᠭᠤᠯᠵᠤ ᠪᠠᠶᠢᠭ᠎ᠠ ᠨᠢ᠃        ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ        ᠬᠤᠶᠠᠷ ᠤᠯᠤᠰ ᠤᠨ ᠲᠡᠷᠢᠭᠦᠨ ᠤᠷᠢᠳ ᠬᠤᠵᠢᠳ ᠪᠠᠭ᠎ᠠ ᠬᠡᠪᠴᠢᠶᠡᠨ ᠤ᠂ ᠶᠡᠭᠡ ᠬᠡᠪᠴᠢᠶᠡᠨ ᠤ ᠬᠡᠯᠡᠯᠴᠡᠭᠡ ᠬᠢᠪᠡ᠃        ᠰᠢ ᠶᠢᠨ ᠫᠢᠩ᠂ ᠳᠤᠮᠳᠠᠳᠤ ᠤᠷᠤᠰ ᠪᠣᠯ ᠲᠤᠰ ᠲᠤᠰ ᠤᠨ ᠢᠶᠠᠨ ᠬᠠᠮᠤᠭ ᠤᠨ ᠶᠡᠭᠡ ᠬᠥᠷᠰᠢ ᠤᠯᠤᠰ ᠪᠣᠯᠣᠨ᠎ᠠ᠂ ᠤᠷᠤᠰ ᠯᠤᠭ᠎ᠠ ᠶᠢᠨ ᠤᠷᠳᠤ ᠬᠤᠭᠤᠴᠠᠭᠠᠨ ᠤ ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭ᠎ᠠ ᠪᠠᠨ ᠪᠠᠬᠢᠵᠢᠭᠦᠯᠦᠨ ᠬᠥᠭᠵᠢᠭᠦᠯᠬᠦ ᠨᠢ ᠲᠡᠦᠬᠡ ᠶᠢᠨ ᠯᠣᠭᠢᠭ ᠲᠠᠢ ᠨᠡᠶᠢᠴᠡᠨ᠎ᠡ᠂ ᠡᠨᠡ ᠪᠣᠯ ᠳᠤᠮᠳᠠᠳᠤ ᠶᠢᠨ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠪᠣᠯᠣᠨ᠎ᠠ᠂ ᠲᠦᠷ ᠴᠠᠭ ᠶᠠᠮᠠᠷ ᠨᠢᠭᠡᠨ ᠶᠠᠪᠤᠳᠠᠯ ᠠᠴᠠ ᠪᠣᠯᠵᠤ ᠬᠤᠪᠢᠷᠠᠬᠤ ᠦᠭᠡᠢ ᠶᠤᠮ᠃ ᠪᠢ 10 ᠵᠢᠯ ᠤᠨ ᠡᠮᠦᠨ᠎ᠡ ᠣᠷᠣᠰ ᠲᠤ ᠠᠩᠬ᠎ᠠ ᠤᠳᠠᠭ᠎ᠠ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠭᠰᠡᠨ ᠠᠴᠠ ᠨᠠᠭᠠᠰᠢ᠂ ᠳᠤᠮᠳᠠᠳᠤ ᠣᠷᠣᠰ ᠬᠤᠶᠠᠷ ᠲᠠᠯ᠎ᠠ ᠪᠠᠷ ᠢᠶᠠᠨ ᠬᠠᠷᠢᠯᠴᠠᠨ ᠭᠦᠨᠳᠦᠳᠭᠡᠵᠦ᠂ ᠬᠠᠷᠢᠯᠴᠠᠨ ᠢᠲᠡᠭᠡᠯᠴᠡᠵᠦ᠂ ᠬᠠᠷᠢᠯᠴᠠᠨ ᠠᠰᠢᠭ ᠬᠦᠷᠲᠡᠭᠡᠵᠦ᠂ ᠬᠤᠶᠠᠷ ᠤᠯᠤᠰ ᠤᠨ ᠬᠠᠷᠢᠯᠴᠠᠭ᠎ᠠ ᠶᠠᠪᠤᠬᠤ ᠲᠤᠲᠤᠮ ᠪᠠᠬᠢᠵᠢᠵᠦ᠂ ᠨᠠᠩ ᠪᠦᠭᠦ ᠲᠠᠯ᠎ᠠ ᠶᠢᠨ᠂ ᠨᠠᠩ ᠪᠣᠳᠠᠲᠠᠢ ᠶᠢ ᠡᠷᠬᠢᠮᠯᠡᠭᠰᠡᠨ᠂ ᠨᠠᠩ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠣᠨᠴᠠᠯᠢᠭ ᠢᠯᠡᠷᠡᠭᠰᠡᠨ ᠪᠠᠶᠢᠨ᠎ᠠ᠃ ᠲᠣᠰ ᠤᠳᠠᠭ᠎ᠠ ᠶᠢᠨ ᠠᠶᠢᠯᠴᠢᠯᠠᠯᠲᠠ ᠶᠢᠨ ᠬᠤᠭᠤᠴᠠᠭᠠᠨ ᠳᠤ᠂ ᠮᠠᠨ ᠤ ᠮᠠᠰᠢᠨ ᠲᠡᠷᠭᠡᠨ ᠤ ᠠᠩᠭᠢ ᠶᠢᠨ ᠭᠦᠷᠦᠭᠰᠡᠨ ᠭᠠᠵᠠᠷ ᠢᠶᠠᠷ᠂ ᠣᠷᠣᠰ ᠤᠨ ᠮᠠᠰᠢ ᠣᠯᠠᠨ ᠢᠷᠭᠡᠨ ᠭᠠᠷ ᠡᠷᠭᠦᠨ ᠮᠡᠨᠳᠦᠴᠢᠯᠡᠯ ᠬᠦᠷᠭᠡᠵᠦ᠂ ᠳᠤᠮᠳᠠᠳᠤ ᠣᠷᠣᠰ ᠤᠨ ᠬᠠᠷᠢᠯᠴᠠᠭ᠎ᠠ ᠪᠣᠯ ᠭᠦᠨ ᠵᠤᠵᠠᠭᠠᠨ ᠠᠷᠠᠳ ᠤᠨ ᠰᠡᠳᠬᠢᠯ ᠤᠨ ᠰᠠᠭᠤᠷᠢ ᠲᠠᠢ ᠭᠡᠳᠡᠭ ᠢ ᠨᠠᠳᠠ ᠳᠤ ᠭᠦᠨᠵᠡᠭᠡᠢ ᠣᠶᠢᠯᠠᠭᠠᠭᠤᠯᠵᠠᠢ᠃ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠳᠤᠮᠳᠠᠳᠤ ᠤᠷᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠠᠬᠢᠭᠤᠯᠬᠤ ᠪᠠᠷ ᠳᠤᠮᠳᠠᠳᠤ ᠤᠯᠤᠰ ᠦᠷᠭᠦᠯᠵᠢᠯᠡᠨ ᠴᠢᠷᠮᠠᠶᠢᠨ᠎ᠠ᠃ ᠮᠢᠨᠤ ᠡᠨᠡ ᠤᠳᠠᠭ᠎ᠠ ᠶᠢᠨ ᠤᠷᠤᠰ ᠲᠠᠬᠢ ᠲᠦᠷᠦ ᠶᠢᠨ ᠶᠠᠪᠤᠳᠠᠯ ᠤᠨ ᠠᠶᠢᠯᠴᠢᠯᠠᠯᠲᠠ ᠪᠣᠯ ᠨᠥᠬᠦᠷᠯᠡᠯ ᠤᠨ ᠠᠶᠠᠯᠠᠯ᠂ ᠬᠠᠮᠲᠤᠷᠠᠯᠴᠠᠭᠠᠨ ᠤ ᠠᠶᠠᠯᠠᠯ᠂ ᠡᠩᠬᠡ ᠲᠠᠶᠢᠪᠤᠩ ᠤᠨ ᠠᠶᠠᠯᠠᠯ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠣᠷᠣᠰ ᠤᠨ ᠬᠢᠨ ᠲᠠᠢ ᠬᠠᠮᠲᠤ ᠪᠠᠷ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ᠂ ᠳᠤᠮᠳᠠᠳᠤ ᠣᠷᠣᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠠᠭᠤᠯᠤᠭᠳᠠᠬᠤᠨ ᠢ ᠪᠠᠶᠠᠯᠢᠭᠵᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠠᠩ ᠣᠯᠠᠨ ᠪᠤᠶᠠᠨ ᠦᠢᠯᠡᠳᠴᠦ᠂ ᠬᠥᠮᠥᠨ ᠲᠥᠷᠥᠯᠬᠢᠲᠡᠨ ᠤ ᠳᠠᠪᠰᠢᠯᠲᠠ ᠶᠢᠨ ᠦᠢᠯᠡᠰ ᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠵᠢᠭᠠᠵᠤ ᠭᠠᠷᠭᠠᠪᠠ᠃        ᠰᠢ ᠶᠢᠨ ᠫᠢᠩ᠂ ᠣᠳᠣᠬᠠᠨ ᠳᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠨ ᠠᠬᠢᠵᠤ ᠂ ᠤᠯᠠᠨ ᠤᠯᠤᠰ ᠤᠨ ᠬᠦᠴᠦᠨ ᠤ ᠬᠠᠷᠢᠴᠠᠯ ᠭᠦᠨᠵᠡᠭᠡᠢ ᠬᠤᠪᠢᠷᠠᠵᠤ ᠪᠠᠶᠢᠨ᠎ᠠ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠤᠨ ᠪᠠᠶᠢᠩᠭᠤ ᠶᠢᠨ ᠬᠡᠷᠡᠭ ᠡᠷᠭᠢᠯᠡᠭᠴᠢ ᠤᠯᠤᠰ ᠪᠠ ᠳᠡᠯᠡᠬᠡᠢ ᠶᠢᠨ ᠭᠤᠣᠯ ᠪᠤᠯᠬᠤ ᠲᠣᠮᠣ ᠤᠯᠤᠰ ᠪᠣᠯᠤᠭᠰᠠᠨ ᠤ ᠬᠤᠪᠢ ᠳᠤ᠂ ᠳᠤᠮᠳᠠᠳᠤ ᠤᠷᠤᠰ ᠵᠠᠶᠢᠯᠠᠭᠤᠯᠵᠤ ᠪᠣᠯᠣᠰᠢ ᠦᠭᠡᠢ ᠬᠠᠷᠢᠭᠤᠴᠠᠯᠭ᠎ᠠ ᠲᠠᠢ ᠶᠤᠮ᠂ ᠬᠠᠮᠲᠤ ᠪᠠᠷ ᠴᠢᠷᠮᠠᠶᠢᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ ᠳᠡᠯᠡᠬᠡᠢ ᠨᠡᠶᠢᠭᠡᠮ ᠤᠨ ᠬᠦᠰᠡᠯ ᠡᠷᠡᠮᠡᠯᠵᠡᠯ ᠳᠤ ᠨᠡᠶᠢᠴᠡᠭᠦ ᠴᠢᠭᠯᠡᠯ ᠢᠶᠠᠷ ᠤᠷᠤᠭᠰᠢᠯᠠᠬᠤ ᠶᠢ ᠬᠥᠲᠥᠯᠥᠨ ᠵᠢᠯᠤᠭᠤᠳᠬᠤ ᠪᠠ ᠠᠬᠢᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠪᠠᠯ ᠵᠣᠬᠢᠨ᠎ᠠ᠃ ᠬᠤᠶᠠᠷ ᠲᠠᠯ᠎ᠠ ᠪᠠᠷ ᠢᠶᠠᠨ ᠲᠣᠰ ᠲᠣᠰ ᠤᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠬᠤ ᠠᠰᠠᠭᠤᠳᠠᠯ ᠳᠡᠭᠡᠷ᠎ᠡ ᠬᠠᠷᠢᠯᠴᠠᠨ ᠳᠡᠮᠵᠢᠵᠦ᠂ ᠳᠣᠲᠣᠭᠠᠳᠤ ᠵᠠᠰᠠᠭ ᠲᠤ ᠭᠠᠳᠠᠭᠠᠳᠤ ᠬᠦᠴᠦᠨ ᠤ ᠭᠠᠷ ᠲᠦᠷᠦᠭᠦ ᠶᠢ ᠬᠠᠮᠲᠤ ᠪᠠᠷ ᠡᠰᠡᠷᠭᠦᠴᠡᠶ᠎ᠡ᠃ ᠤᠯᠠᠨ ᠤᠯᠤᠰ ᠤᠨ ᠬᠡᠷᠡᠭ ᠶᠠᠪᠤᠳᠠᠯ ᠢᠯᠠᠩᠭᠤᠶ᠎ᠠ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠠᠯᠳᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭᠠᠨ ᠤ ᠲᠣᠭᠲᠠᠴᠠ ᠵᠡᠷᠭᠡ ᠤᠯᠠᠨ ᠲᠠᠯᠠᠲᠤ ᠪᠦᠳᠦᠭᠦᠪᠴᠢ ᠲᠥᠰᠥᠪ ᠤᠨ ᠳᠣᠲᠣᠷᠠᠬᠢ ᠣᠯᠣᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠡᠵᠡᠷᠬᠡᠬᠦ ᠦᠵᠡᠯ ᠪᠣᠯᠣᠨ ᠬᠦᠴᠦᠷᠬᠡᠭᠯᠡᠯ ᠤᠨ ᠤᠯᠤᠰ ᠲᠦᠷᠦ ᠶᠢ ᠡᠰᠡᠷᠭᠦᠴᠡᠵᠦ᠂ ᠪᠦᠭᠦ ᠪᠥᠮᠪᠥᠷᠴᠡᠭ ᠤᠨ ᠬᠢᠵᠢᠭ ᠤᠨ ᠳᠠᠷᠠᠭᠠᠬᠢ ᠠᠵᠤ ᠠᠬᠤᠢ ᠶᠢᠨ ᠰᠡᠷᠭᠦᠯᠲᠡ ᠶᠢ ᠠᠬᠢᠭᠤᠯᠵᠤ᠂ ᠤᠯᠠᠨ ᠲᠦᠢᠯᠵᠢᠬᠤ ᠬᠠᠨᠳᠤᠰᠢ ᠶᠢᠨ ᠬᠥᠭᠵᠢᠯᠲᠡ ᠶᠢ ᠠᠬᠢᠭᠤᠯᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠬᠤᠪᠢᠰᠤᠨ ᠲᠡᠭᠦᠯᠳᠡᠷᠵᠢᠬᠦ ᠶᠢ ᠠᠬᠢᠭᠤᠯᠤᠶ᠎ᠠ ᠭᠡᠵᠦ ᠵᠢᠭᠠᠵᠤ ᠭᠠᠷᠭᠠᠵᠠᠢ᠃        ᠬᠤᠶᠠᠷ ᠤᠯᠤᠰ ᠤᠨ ᠲᠡᠷᠢᠭᠦᠨ ᠬᠤᠶᠠᠷ ᠤᠯᠤᠰ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ ᠡᠯ᠎ᠡ ᠬᠦᠷᠢᠶᠡᠨ ᠤ ᠬᠠᠮᠲᠤᠷᠠᠯᠴᠠᠭᠠᠨ ᠤ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃        ᠰᠢ ᠶᠢᠨ ᠫᠢᠩ᠂ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠬᠤᠶᠠᠷ ᠤᠯᠤᠰ ᠤᠨ ᠤᠯᠤᠰ ᠲᠦᠷᠦ ᠶᠢᠨ ᠢᠲᠡᠭᠡᠯᠴᠡᠭᠡ᠂ ᠠᠰᠢᠭ ᠲᠤᠰᠠ ᠶᠢᠨ ᠠᠭᠤᠰᠤᠯᠴᠠᠯ᠂ ᠠᠷᠠᠳ ᠤᠨ ᠰᠡᠳᠬᠢᠯ ᠤᠨ ᠨᠡᠪᠲᠡᠷᠡᠯᠴᠡᠭᠡ ᠲᠠᠰᠤᠷᠠᠯᠳᠡ ᠦᠭᠡᠢ ᠭᠦᠨᠵᠡᠭᠡᠶᠢᠷᠡᠵᠦ᠂ ᠠᠵᠤ ᠠᠬᠤᠢ ᠠᠷᠠᠯᠵᠢᠶ᠎ᠠ᠂ ᠪᠡᠯᠡ ᠣᠷᠣᠭᠤᠯᠤᠯᠲᠠ᠂ ᠡᠨᠧᠷᠭᠢ᠂ ᠰᠣᠶᠣᠯ ᠢᠷᠭᠡᠨᠰᠢᠯ᠂ ᠣᠷᠣᠨ ᠨᠤᠲᠤᠭ ᠵᠡᠷᠭᠡ ᠬᠦᠷᠢᠶ᠎ᠡ ᠶᠢᠨ ᠬᠠᠮᠲᠤᠷᠠᠯᠴᠠᠭ᠎ᠠ ᠦᠷᠭᠦᠯᠵᠢᠯᠡᠨ ᠠᠬᠢᠵᠤ᠂ ᠬᠠᠮᠲᠤᠷᠠᠯᠴᠠᠭ᠎ᠠ ᠶᠢᠨ ᠬᠦᠷᠢᠶ᠎ᠡ ᠲᠠᠰᠤᠷᠠᠯᠳᠡ ᠦᠭᠡᠢ ᠥᠷᠭᠡᠵᠢᠵᠦ᠂ ᠬᠠᠮᠲᠤ ᠶᠢᠨ ᠲᠠᠨᠢᠯᠲᠠ ᠤᠯᠠᠮ ᠴᠢᠨᠠᠭᠰᠢᠳᠠ ᠴᠢᠩᠭᠠᠷᠠᠪᠠ᠃ ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠭᠢᠯᠡᠯᠲᠡ ᠶᠢᠨ ᠵᠢᠯ ᠮᠥᠨ᠂ ᠪᠢᠳᠡ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠤᠨ᠎ᠠ᠃ ᠳᠤᠮᠳᠠᠳᠤ ᠤᠷᠤᠰ ᠤᠨ ᠬᠠᠮᠲᠤᠷᠠᠯᠴᠠᠭᠠᠨ ᠤ ᠲᠠᠯᠳᠠ ᠬᠦᠴᠦᠨ ᠪᠠ ᠣᠷᠣᠨ ᠵᠠᠢ ᠮᠠᠰᠢ ᠶᠡᠭᠡ ᠪᠠᠶᠢᠵᠤ᠂ ᠪᠠᠶᠢᠯᠳᠤᠬᠤ ᠪᠣᠳᠣᠯᠭ᠎ᠠ ᠶᠢᠨ ᠴᠢᠨᠠᠷ᠂ ᠨᠠᠶᠢᠳᠠᠪᠤᠷᠢᠲᠤ ᠴᠢᠨᠠᠷ᠂ ᠲᠣᠭᠲᠠᠪᠤᠷᠢᠲᠤ ᠴᠢᠨᠠᠷ ᠲᠠᠢ ᠶᠤᠮ᠃ ᠬᠤᠶᠠᠷ ᠲᠠᠯ᠎ᠠ ᠪᠠᠷ ᠢᠶᠠᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠡᠨᠧᠷᠭᠢ᠂ ᠡᠬᠢ ᠪᠠᠶᠠᠯᠢᠭ᠂ ᠮᠠᠰᠢᠨ ᠴᠠᠭᠢᠯᠭᠠᠨ ᠤ ᠦᠢᠯᠡᠳᠬᠦᠨ ᠵᠡᠷᠭᠡ ᠤᠯᠠᠮᠵᠢᠯᠠᠯᠲᠤ ᠠᠷᠠᠯᠵᠢᠶ᠎ᠠ ᠪᠠᠨ ᠥᠷᠭᠡᠳᠬᠡᠵᠦ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠢ ᠦᠷᠭᠦᠯᠵᠢᠯᠡᠨ ᠴᠢᠩᠭᠠᠳᠬᠠᠵᠤ᠂ ᠮᠡᠳᠡᠭᠡ ᠵᠠᠩᠭᠢ ᠶᠢᠨ ᠮᠡᠷᠭᠡᠵᠢᠯ᠂ ᠲᠣᠭᠠᠴᠢᠯᠠᠭᠰᠠᠨ ᠠᠵᠤ ᠠᠬᠤᠢ᠂ ᠬᠥᠳᠡᠭᠡ ᠠᠵᠤ ᠠᠬᠤᠢ᠂ ᠦᠢᠯᠡᠴᠢᠯᠡᠭᠡᠨ ᠤ ᠠᠷᠠᠯᠵᠢᠶ᠎ᠠ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠥᠷᠭᠡᠳᠬᠡᠶ᠎ᠡ᠃ ᠰᠢᠨ᠎ᠡ ᠶᠢ ᠡᠭᠦᠳᠭᠦ ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠢᠯᠢ ᠠᠯᠤᠰᠯᠠᠭᠰᠠᠨ ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠶᠢ ᠰᠠᠭᠠᠳ ᠦᠭᠡᠢ ᠨᠡᠪᠲᠡᠷᠡᠭᠦᠯᠦᠶ᠎ᠡ᠃ ᠰᠣᠶᠣᠯ ᠢᠷᠭᠡᠨᠰᠢᠯ ᠤᠨ ᠰᠣᠯᠢᠯᠴᠠᠭᠠᠨ ᠤ ᠰᠠᠭᠤᠷᠢ ᠶᠢ ᠪᠠᠬᠢᠵᠢᠭᠦᠯᠵᠦ᠂ ᠨᠥᠭᠦᠷᠰᠡᠭ ᠮᠤᠵᠢ ᠵᠧᠦ᠂ ᠨᠥᠭᠦᠷᠰᠡᠭ ᠬᠤᠳᠠ ᠶᠢᠨ ᠰᠣᠯᠢᠯᠴᠠᠭ᠎ᠠ ᠪᠠᠨ ᠥᠷᠭᠡᠳᠬᠡᠬᠦ ᠶᠢ ᠠᠬᠢᠭᠤᠯᠵᠤ᠂ ᠳᠤᠮᠳᠠᠳᠤ ᠤᠷᠤᠰ ᠤᠨ ᠪᠡᠶ᠎ᠡ ᠶᠢᠨ ᠲᠠᠮᠢᠷ ᠤᠨ ᠰᠣᠯᠢᠯᠴᠠᠭᠠᠨ ᠤ ᠣᠨ ᠢ ᠦᠷᠭᠦᠯᠵᠢᠯᠡᠨ ᠰᠠᠶᠢᠲᠤᠷ ᠡᠷᠭᠢᠯᠡᠵᠤ᠂ ᠬᠤᠶᠠᠷ ᠤᠯᠤᠰ ᠤᠨ ᠬᠥᠮᠥᠰ ᠤᠨ ᠶᠠᠪᠤᠯᠴᠠᠭ᠎ᠠ ᠶᠢ ᠠᠬᠢᠭᠤᠯᠬᠤ ᠳᠤ ᠲᠦᠭᠦᠮ ᠨᠥᠬᠦᠴᠡᠯ ᠪᠦᠷᠢᠯᠳᠦᠭᠦᠯᠵᠦ ᠥᠭᠭᠦᠶ᠎ᠡ ᠭᠡᠵᠦ ᠵᠢᠭᠠᠵᠤ ᠭᠠᠷᠭᠠᠪᠠ᠃        ᠫᠦᠲ᠋ᠢᠨ᠂ ᠤᠷᠤᠰ ᠤᠨ ᠬᠢᠨ ᠲᠡᠷᠢᠭᠦᠯᠡᠭᠴᠢ ᠰᠢ ᠶᠢᠨ ᠫᠢᠩ ᠤᠨ ᠪᠦᠷᠢᠨ ᠪᠢᠯᠧᠲ ᠢᠶᠠᠷ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠪᠠᠷ ᠳᠠᠬᠢᠨᠲᠠ ᠰᠣᠩᠭᠤᠭᠳᠠᠵᠤ᠂ ᠳᠤᠮᠳᠠᠳᠤ ᠤᠯᠤᠰ ᠤᠨ ᠰᠢᠨ᠎ᠡ ᠨᠢᠭᠡ ᠡᠭᠡᠯᠵᠢ ᠶᠢᠨ ᠵᠠᠰᠠᠭ ᠤᠨ ᠣᠷᠳᠣᠨ ᠪᠦᠷᠢᠯᠳᠦᠭᠰᠡᠨ ᠳᠤ ᠬᠠᠯᠠᠭᠤᠨ ᠪᠠᠶᠠᠷ ᠬᠦᠷᠭᠡᠵᠦ ᠪᠠᠶᠢᠨ᠎ᠠ᠃ ᠣᠳᠣᠬᠠᠨ ᠳᠤ᠂ ᠤᠷᠤᠰ ᠳᠤᠮᠳᠠᠳᠤ ᠶᠢᠨ ᠬᠠᠷᠢᠯᠴᠠᠭ᠎ᠠ ᠶᠢᠨ ᠬᠥᠭᠵᠢᠯᠲᠡ ᠮᠠᠰᠢ ᠰᠠᠶᠢᠨ ᠪᠠᠶᠢᠵᠤ᠂ ᠬᠤᠶᠠᠷ ᠤᠯᠤᠰ ᠤᠨ ᠡᠯ᠎ᠡ ᠬᠦᠷᠢᠶᠡᠨ ᠤ ᠬᠠᠮᠲᠤᠷᠠᠯᠴᠠᠭ᠎ᠠ ᠲᠦᠷᠭᠡᠨ ᠠᠬᠢᠵᠤ᠂ ᠵᠠᠰᠠᠭ ᠤᠨ ᠣᠷᠳᠣᠨ᠂ ᠬᠠᠤᠯᠢ ᠲᠣᠭᠲᠠᠭᠠᠬᠤ ᠪᠠᠶᠢᠭᠤᠯᠤᠮᠵᠢ ᠵᠢᠴᠢ ᠡᠯ᠎ᠡ ᠱᠠᠲᠤ ᠳᠠᠪᠬᠤᠷᠭ᠎ᠠ᠂ ᠡᠯ᠎ᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠮᠠᠰᠢ ᠬᠥᠭᠵᠢᠶᠡᠨᠲᠡᠢ ᠶᠠᠪᠤᠭᠳᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠵᠡᠷᠭᠡ ᠨᠠᠷᠢᠨ ᠪᠤᠳᠤᠯᠢᠶᠠᠨᠲᠠᠢ ᠭᠠᠳᠠᠭᠠᠳᠤ ᠣᠷᠴᠢᠨ ᠨᠥᠬᠦᠴᠡᠯ ᠳᠣᠣᠷ᠎ᠠ᠂ ᠤᠷᠤᠰ ᠳᠤᠮᠳᠠᠳᠤ ᠶᠢᠨ ᠬᠤᠶᠠᠷ ᠲᠠᠯ᠎ᠠ ᠶᠢᠨ ᠠᠷᠠᠯᠵᠢᠶ᠎ᠠ ᠬᠠᠨᠳᠤᠰᠢ ᠶᠢ ᠥᠭᠰᠥᠨ ᠨᠡᠮᠡᠭᠳᠡᠯ ᠢ ᠪᠡᠶᠡᠯᠡᠭᠦᠯᠪᠡ᠃ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠤᠳᠤ ᠶᠢᠨ ᠰᠣᠯᠢᠯᠴᠠᠭ᠎ᠠ ᠬᠢᠬᠦ ᠠᠷᠭ᠎ᠠ ᠵᠠᠮ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠤᠶᠠᠷ ᠤᠯᠤᠰ ᠤᠨ ᠠᠵᠤ ᠠᠬᠤᠢ ᠠᠷᠠᠯᠵᠢᠶ᠎ᠠ᠂ ᠪᠡᠯᠡ ᠣᠷᠣᠭᠤᠯᠤᠯᠲᠠ᠂ ᠡᠨᠧᠷᠭᠢ᠂ ᠰᠠᠨᠰᠠᠷ ᠤᠨ ᠠᠶᠠᠯᠠᠯ᠂ ᠬᠢᠯᠢ ᠠᠯᠤᠰᠯᠠᠭᠰᠠᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠵᠡᠷᠭᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠰᠢᠨ᠎ᠡ ᠠᠬᠢᠴᠠ ᠲᠠᠢ ᠪᠤᠯᠬᠤ ᠶᠢ ᠠᠬᠢᠭᠤᠯᠵᠤ᠂ ᠪᠡᠶ᠎ᠡ ᠶᠢᠨ ᠲᠠᠮᠢᠷ᠂ ᠵᠢᠭᠤᠯᠴᠢᠯᠠᠯ᠂ ᠣᠷᠣᠨ ᠨᠤᠲᠤᠭ ᠵᠡᠷᠭᠡ ᠲᠠᠯ᠎ᠠ ᠶᠢᠨ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠰᠢᠨ᠎ᠡ ᠲᠦᠪᠰᠢᠨ ᠳᠤ ᠭᠦᠷᠭᠡᠭᠦ ᠶᠢ ᠬᠦᠰᠡᠵᠦ ᠪᠠᠶᠢᠨ᠎ᠠ᠃ ᠤᠷᠤᠰ ᠤᠨ ᠬᠢᠨ ᠳᠤᠮᠳᠠᠳᠤ ᠤᠯᠤᠰ ᠤᠨ ᠲᠠᠶᠢᠸᠠᠨ ᠲᠠᠢ ᠬᠤᠯᠪᠣᠭᠳᠠᠭᠰᠠᠨ᠂ ᠰᠢᠶᠠᠩᠭᠠᠩ ᠲᠠᠢ ᠬᠤᠯᠪᠣᠭᠳᠠᠭᠰᠠᠨ᠂ ᠰᠢᠨᠵᠢᠶᠠᠩ ᠲᠠᠢ ᠬᠤᠯᠪᠣᠭᠳᠠᠭᠰᠠᠨ ᠵᠡᠷᠭᠡ ᠠᠰᠠᠭᠤᠳᠠᠯ ᠳᠡᠭᠡᠷ᠎ᠡ ᠲᠤᠰ ᠤᠯᠤᠰ ᠤᠨ ᠢᠶᠠᠨ ᠵᠦᠢ ᠶᠣᠰᠣᠨ ᠤ ᠠᠰᠢᠭ ᠲᠤᠰᠠ ᠪᠠᠨ ᠬᠠᠮᠠᠭᠠᠯᠠᠬᠤ ᠶᠢ ᠡᠷᠡᠰ ᠳᠡᠮᠵᠢᠨ᠎ᠠ᠃ ᠳᠤᠮᠳᠠᠳᠤ ᠤᠯᠤᠰ ᠤᠨ ᠬᠢᠨ ᠰᠠᠦ᠋ᠳᠢ ᠠᠷᠠᠪ ᠪᠣᠯᠣᠨ ᠢᠷᠠᠨ ᠤ ᠪᠡᠭᠡᠵᠢᠩ ᠳᠠᠬᠢ ᠶᠠᠷᠢᠯᠴᠠᠭ᠎ᠠ ᠶᠢᠨ ᠲᠡᠦᠬᠡᠲᠦ ᠴᠢᠨᠠᠷᠲᠠᠢ ᠦᠷ᠎ᠡ ᠪᠦᠲᠦᠭᠡᠯ ᠣᠯᠬᠤ ᠶᠢ ᠠᠮᠵᠢᠯᠲᠠ ᠲᠠᠢ ᠠᠬᠢᠭᠤᠯᠤᠭᠰᠠᠨ ᠳᠤ ᠪᠠᠶᠠᠷ ᠬᠦᠷᠭᠡᠵᠦ ᠪᠠᠶᠢᠨ᠎ᠠ᠂ ᠡᠨᠡ ᠨᠢ ᠳᠤᠮᠳᠠᠳᠤ ᠤᠯᠤᠰ ᠤᠨ ᠪᠦᠭᠦ ᠪᠥᠮᠪᠥᠷᠴᠡᠭ ᠤᠨ ᠲᠣᠮᠣ ᠤᠯᠤᠰ ᠪᠣᠯᠤᠭᠰᠠᠨ ᠤ ᠬᠤᠪᠢ ᠳᠠᠬᠢ ᠴᠢᠬᠤᠯᠠ ᠪᠠᠶᠢᠷᠢ ᠰᠠᠭᠤᠷᠢ ᠪᠠ ᠢᠳᠡᠪᠬᠢᠲᠡᠢ ᠨᠥᠯᠥᠭᠡ ᠶᠢ ᠭᠦᠢᠴᠡᠳ ᠢᠯᠡᠷᠡᠭᠦᠯᠪᠡ᠃ ᠤᠷᠤᠰ ᠤᠨ ᠬᠢᠨ ᠳᠤᠮᠳᠠᠳᠤ ᠤᠯᠤᠰ ᠤᠨ ᠢᠮᠠᠭᠲᠠ ᠤᠯᠠᠨ ᠤᠯᠤᠰ ᠤᠨ ᠬᠡᠷᠡᠭ ᠶᠠᠪᠤᠳᠠᠯ ᠳᠤ ᠪᠤᠰᠤᠳᠴᠢ ᠲᠥᠪ ᠭᠤᠣᠯᠴᠢ ᠵᠣᠭᠰᠣᠯᠲᠠ ᠶᠢ ᠪᠠᠷᠢᠮᠲᠠᠯᠠᠵᠤ ᠪᠠᠶᠢᠬᠤ ᠶᠢ ᠮᠠᠭᠲᠠᠨ ᠰᠠᠶᠢᠰᠢᠶᠠᠵᠤ᠂ ᠳᠤᠮᠳᠠᠳᠤ ᠤᠯᠤᠰ ᠤᠨ ᠳᠤᠷᠠᠳᠤᠭᠰᠠᠨ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠳᠡᠮᠵᠢᠵᠦ᠂ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠠᠨ ᠤᠯᠤᠰ ᠤᠨ ᠬᠠᠮᠵᠢᠯᠴᠠᠭ᠎ᠠ ᠪᠠᠨ ᠤᠯᠠᠮ ᠨᠢᠭᠲᠠᠷᠠᠭᠤᠯᠤᠨ᠎ᠠ ᠭᠡᠵᠦ ᠢᠯᠡᠳᠬᠡᠪᠡ᠃        ᠬᠤᠶᠠᠷ ᠤᠯᠤᠰ ᠤᠨ ᠲᠡᠷᠢᠭᠦᠨ᠂ ᠲᠤᠰ ᠤᠳᠠᠭ᠎ᠠ ᠶᠢᠨ ᠠᠶᠢᠯᠴᠢᠯᠠᠯᠲᠠ ᠶᠢᠨ ᠬᠤᠭᠤᠴᠠᠭᠠᠨ ᠳᠤ ᠬᠤᠶᠠᠷ ᠲᠠᠯ᠎ᠠ ᠶᠢᠨ ᠰᠣᠯᠢᠯᠴᠠᠭ᠎ᠠ ᠭᠦᠨᠵᠡᠭᠡᠢ᠂ ᠠᠭᠤᠯᠭ᠎ᠠ ᠪᠠᠶᠠᠯᠢᠭ ᠪᠥᠭᠡᠳ ᠪᠦᠭᠦ ᠲᠠᠯ᠎ᠠ ᠶᠢᠨ ᠪᠠᠶᠢᠵᠤ᠂ ᠤᠷᠤᠰ ᠳᠤᠮᠳᠠᠳᠤ ᠶᠢᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠬᠥᠭᠵᠢᠯᠲᠡ ᠳᠤ ᠰᠢᠨ᠎ᠡ ᠬᠥᠳᠡᠯᠭᠡᠭᠦ ᠬᠦᠴᠦᠨ ᠨᠡᠮᠡᠷᠢᠯᠡᠵᠡᠢ ᠭᠡᠵᠦ ᠦᠵᠡᠪᠡ᠃        ᠬᠤᠶᠠᠷ ᠤᠯᠤᠰ ᠤᠨ ᠲᠡᠷᠢᠭᠦᠨ ᠤ ᠲᠣᠬᠢᠷᠠᠯᠴᠠᠭᠰᠠᠨ ᠬᠠᠮᠲᠤ ᠶᠢᠨ ᠲᠠᠨᠢᠯᠲᠠ ᠶᠣᠰᠣᠭᠠᠷ᠂ ᠣᠯᠣᠯᠴᠠᠭ᠎ᠠ ᠪᠠᠨ ᠴᠢᠩᠭᠠᠳᠬᠠᠵᠤ᠂ ᠨᠢᠭᠲᠠ ᠬᠠᠮᠵᠢᠯᠴᠠᠵᠤ᠂ ᠬᠤᠶᠠᠷ ᠤᠯᠤᠰ ᠤᠨ ᠪᠣᠳᠠᠲᠠᠢ ᠶᠢ ᠡᠷᠭᠢᠮᠯᠡᠭᠦ ᠬᠠᠮᠲᠤᠷᠠᠯᠴᠠᠭ᠎ᠠ ᠶᠢᠨ ᠨᠡᠩ ᠶᠡᠭᠡ ᠰᠢᠨ᠎ᠡ ᠬᠥᠭᠵᠢᠯᠲᠡ ᠲᠠᠢ ᠪᠤᠯᠬᠤ ᠶᠢ ᠠᠬᠢᠭᠤᠯᠵᠤ᠂ ᠬᠤᠶᠠᠷ ᠤᠯᠤᠰ ᠤᠨ ᠲᠤᠰ ᠲᠤᠰ ᠤᠨ ᠬᠥᠭᠵᠢᠯ ᠮᠠᠨᠳᠤᠯ ᠳᠤ ᠬᠦᠴᠦᠨ ᠨᠡᠮᠡᠷᠢᠯᠡᠬᠦ ᠶᠢ ᠬᠤᠶᠠᠷ ᠤᠯᠤᠰ ᠤᠨ ᠲᠡᠷᠢᠭᠦᠨ ᠬᠤᠶᠠᠷ ᠤᠯᠤᠰ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠤ ᠬᠠᠷᠢᠭᠤᠴᠠᠭᠤᠯᠤᠨ ᠳᠠᠭᠠᠭᠠᠯᠭᠠᠪᠠ᠃        ᠬᠤᠶᠠᠷ ᠤᠯᠤᠰ ᠤᠨ ᠲᠡᠷᠢᠭᠦᠨ ᠦᠷᠭᠦᠯᠵᠢᠯᠡᠨ ᠡᠯ᠎ᠡ ᠵᠦᠢᠯ ᠤᠨ ᠠᠷᠭ᠎ᠠ ᠭᠡᠯᠪᠡᠷᠢ ᠪᠠᠷ ᠨᠢᠭᠲᠠ ᠣᠯᠣᠯᠴᠠᠭ᠎ᠠ ᠪᠠᠨ ᠪᠠᠲᠤᠯᠠᠵᠤ᠂ ᠳᠤᠮᠳᠠᠳᠤ ᠤᠷᠤᠰ ᠤᠨ ᠬᠠᠷᠢᠯᠴᠠᠭ᠎ᠠ ᠶᠢᠨ ᠲᠣᠭᠲᠠᠭᠤᠨ ᠢᠶᠠᠷ ᠭᠦᠭᠵᠢᠭᠦ ᠶᠢ ᠬᠠᠮᠲᠤ ᠪᠠᠷ ᠬᠥᠲᠥᠯᠥᠨ ᠳᠠᠭᠠᠭᠤᠯᠬᠤ ᠶᠢ ᠵᠥᠪᠰᠢᠶᠡᠷᠡᠪᠡ᠃        ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ︽ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠤᠷᠤᠰ ᠤᠨ ᠬᠤᠯᠪᠣᠭᠠᠨ ᠤ ᠬᠠᠮᠲᠤᠷᠠᠭᠰᠠᠨ ᠢᠯᠡᠷᠬᠡᠶᠢᠯᠡᠯᠲᠡ︾ ᠪᠣᠯᠣᠨ ︽2030 ᠣᠨ ᠠᠴᠠ ᠡᠮᠦᠨᠡᠬᠢ ᠳᠤᠮᠳᠠᠳᠤ ᠤᠷᠤᠰ ᠤᠨ ᠠᠵᠤ ᠠᠬᠤᠢ ᠶᠢᠨ ᠬᠠᠮᠲᠤᠷᠠᠯᠴᠠᠭᠠᠨ ᠤ ᠭᠤᠣᠯᠳᠠᠯᠭ᠎ᠠ ᠲᠠᠢ ᠴᠢᠭᠯᠡᠯ ᠤᠨ ᠬᠥᠭᠵᠢᠯᠲᠡ ᠶᠢᠨ ᠲᠥᠯᠦᠪᠵᠢᠭᠦᠯᠭᠡ ᠶᠢᠨ ᠲᠤᠬᠠᠢ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠪᠣᠯᠣᠨ ᠤᠷᠤᠰ ᠤᠨ ᠬᠤᠯᠪᠣᠭᠠᠨ ᠤ ᠶᠡᠷᠦᠩᠬᠡᠶᠢᠯᠡᠭᠴᠢ ᠶᠢᠨ ᠬᠠᠮᠲᠤᠷᠠᠭᠰᠠᠨ ᠢᠯᠡᠷᠬᠡᠶᠢᠯᠡᠯᠲᠡ︾ ᠳᠤ ᠭᠠᠷ ᠤᠨ ᠦᠰᠦᠭ ᠵᠢᠷᠤᠪᠠ᠃
      ᠲᠤᠬᠠᠢ ᠶᠢᠨ ᠭᠠᠵᠠᠷ ᠤᠨ ᠴᠠᠭ ᠢᠶᠠᠷ 3 ᠰᠠᠷ᠎ᠠ ᠶᠢᠨ 21 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠮᠣᠰᠺᠸᠠ ᠶᠢᠨ ᠺᠧᠷᠮᠯᠢ ᠣᠷᠳᠣᠨ ᠳᠤ ᠣᠷᠣᠰ ᠤᠨ ᠶᠡᠷᠦᠩᠬᠡᠶᠢᠯᠡᠭᠴᠢ ᠫᠦᠲ᠋ᠢᠨ ᠲᠠᠢ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ ᠲᠡᠭᠦᠰᠦᠭᠰᠡᠨ ᠤ ᠲᠠᠷᠠᠭ᠎ᠠ ᠬᠤᠶᠠᠷ ᠤᠯᠤᠰ ᠤᠨ ᠲᠡᠷᠢᠭᠦᠨ ︽ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠤᠷᠤᠰ ᠤᠨ ᠬᠤᠯᠪᠣᠭᠠᠨ ᠤ ᠬᠠᠮᠲᠤᠷᠠᠭᠰᠠᠨ ᠢᠯᠡᠷᠬᠡᠶᠢᠯᠡᠯᠲᠡ︾ ᠪᠣᠯᠣᠨ ︽2030 ᠣᠨ ᠠᠴᠠ ᠡᠮᠦᠨᠡᠬᠢ ᠳᠤᠮᠳᠠᠳᠤ ᠤᠷᠤᠰ ᠤᠨ ᠠᠵᠤ ᠠᠬᠤᠢ ᠶᠢᠨ ᠬᠠᠮᠲᠤᠷᠠᠯᠴᠠᠭᠠᠨ ᠤ ᠭᠤᠣᠯᠳᠠᠯᠭ᠎ᠠ ᠲᠠᠢ ᠴᠢᠭᠯᠡᠯ ᠤᠨ ᠬᠥᠭᠵᠢᠯᠲᠡ ᠶᠢᠨ ᠲᠥᠯᠦᠪᠵᠢᠭᠦᠯᠭᠡ ᠶᠢᠨ ᠲᠤᠬᠠᠢ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠪᠣᠯᠣᠨ ᠤᠷᠤᠰ ᠤᠨ ᠬᠤᠯᠪᠣᠭᠠᠨ ᠤ ᠶᠡᠷᠦᠩᠬᠡᠶᠢᠯᠡᠭᠴᠢ ᠶᠢᠨ ᠬᠠᠮᠲᠤᠷᠠᠭᠰᠠᠨ ᠢᠯᠡᠷᠬᠡᠶᠢᠯᠡᠯᠲᠡ︾ ᠳᠤ ᠭᠠᠷ ᠤᠨ ᠦᠰᠦᠭ ᠵᠢᠷᠤᠪᠠ᠃        ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ        ᠠᠶᠢᠯᠴᠢᠯᠠᠯᠲᠠ ᠶᠢᠨ ᠬᠤᠭᠤᠴᠠᠭᠠᠨ ᠳᠤ᠂ ᠬᠤᠶᠠᠷ ᠲᠠᠯ᠎ᠠ ᠪᠠᠷ ᠢᠶᠠᠨ ᠪᠠᠰᠠ ᠬᠥᠳᠡᠭᠡ ᠠᠵᠤ ᠠᠬᠤᠢ᠂ ᠤᠢ ᠰᠢᠭᠤᠢ᠂ ᠰᠠᠭᠤᠷᠢ ᠰᠢᠨᠵᠢᠯᠡᠬᠦ ᠤᠬᠠᠭᠠᠨ ᠤ ᠰᠤᠳᠤᠯᠭᠠᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠭᠤᠴᠢᠯᠠᠭᠤᠷ ᠵᠡᠷᠭᠡ ᠬᠦᠷᠢᠶᠡᠨ ᠤ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠪᠠ᠃        ᠬᠤᠶᠠᠷ ᠤᠯᠤᠰ ᠤᠨ ᠲᠡᠷᠢᠭᠦᠨ ᠪᠠᠰᠠ ᠬᠠᠮᠲᠤ ᠪᠠᠷ ᠰᠤᠷᠪᠤᠯᠵᠢᠯᠠᠬᠴᠢᠳ ᠲᠠᠢ ᠠᠭᠤᠯᠵᠠᠪᠠ᠃        ᠲᠤᠰ ᠣᠷᠣᠢ᠂ ᠫᠦᠲ᠋ᠢᠨ ᠺᠷᠧᠮᠯᠢ ᠣᠷᠳᠣᠨ ᠳᠤ ᠰᠢ ᠶᠢᠨ ᠫᠢᠩ ᠢ ᠤᠭᠲᠤᠬᠤ ᠦᠪᠡᠳᠡᠭᠰᠢ ᠶᠡᠭᠡ ᠳᠠᠶᠢᠯᠠᠯᠭ᠎ᠠ ᠬᠢᠪᠡ᠃        ᠼᠠᠢ ᠴᠢ᠂ ᠸᠠᠩ ᠢ᠂ ᠴᠢᠨ ᠭᠠᠩ ᠵᠢᠴᠢ ᠤᠷᠤᠰ ᠤᠨ ᠬᠤᠯᠪᠣᠭᠠᠨ ᠤ ᠵᠠᠰᠠᠭ ᠤᠨ ᠣᠷᠳᠣᠨ ᠤ ᠤᠳᠤᠷᠢᠳᠬᠤ ᠬᠥᠮᠥᠰ ᠳᠡᠭᠡᠷᠡᠬᠢ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号