ᠮᠠᠨ ᠤ ᠬᠤᠰᠢᠭᠤ ᠳᠡᠯᠡᠬᠡᠢ ᠶᠢᠨ ᠢᠷᠠᠭᠤ ᠨᠠᠶᠢᠷᠠᠭ ᠤᠨ ᠡᠳᠦᠷ ᠢ ᠤᠭᠲᠤᠬᠤ ︽ᠳᠣᠮᠣᠭᠲᠤ ᠢᠰᠢᠭᠡᠨ︾ ᠬᠤᠨᠳᠠᠭᠠᠲᠤ ᠰᠢᠯᠦᠭ ᠤᠨ ᠤᠷᠤᠯᠳᠤᠭᠠᠨ ᠵᠢᠴᠢ ᠬᠤᠷᠢᠨ ᠳᠦᠷᠪᠡᠳᠡᠬᠢ ᠤᠳᠠᠭᠠᠨ ᠤ ︽ᠨᠠᠶᠢᠷᠠᠭ ᠤᠨ ᠪᠣᠯᠵᠤᠭ᠎ᠠ︾ ᠨᠠᠭᠠᠳᠤᠮ ᠡᠷᠬᠢᠯᠡᠪᠡ
ᠨᠡᠶᠢᠲᠡᠯᠡᠭᠰᠡᠨ ᠴᠠᠭ᠄
2023/3/24
       ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠴᠠᠭ ᠦᠶ᠎ᠡ ᠶᠢᠨ ᠤᠳᠬ᠎ᠠ ᠵᠣᠬᠢᠶᠠᠯ ᠤᠨ ᠡᠭᠦᠷᠭᠡ ᠬᠠᠷᠢᠭᠤᠴᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠵᠦ ᠤᠳᠬ᠎ᠠ ᠵᠣᠬᠢᠶᠠᠯ ᠤᠨ ᠨᠡᠷᠡᠲᠦ ᠲᠡᠮᠳᠡᠭ ᠢ ᠡᠭᠦᠳᠦᠨ᠂ ᠰᠣᠶᠣᠯ ᠤᠷᠠᠯᠢᠭ ᠢ ᠬᠦᠨᠳᠦᠳᠬᠡᠵᠦ᠂ ᠰᠢᠯᠢᠳᠡᠭ ᠰᠠᠶᠢᠬᠠᠨ ᠰᠣᠶᠣᠯ ᠤᠨ ᠣᠷᠴᠢᠨ ᠠᠬᠤᠢ ᠶᠢ ᠪᠣᠢ ᠪᠣᠯᠭᠠᠬᠤ ᠶᠢᠨ ᠲᠦᠯᠦᠭᠡ᠂ 3 ᠰᠠᠷ᠎ᠠ ᠶᠢᠨ 21 ᠤ ᠡᠳᠦᠷ᠂ ᠮᠠᠨ ᠤ ᠬᠤᠰᠢᠭᠤ ᠳᠡᠯᠡᠬᠡᠢ ᠶᠢᠨ ᠢᠷᠠᠭᠤ ᠨᠠᠶᠢᠷᠠᠭ ᠤᠨ ᠡᠳᠦᠷ ᠢ ᠤᠭᠲᠤᠬᠤ ︽ᠳᠣᠮᠣᠭᠲᠤ ᠢᠰᠢᠭᠡᠨ︾ ᠬᠤᠨᠳᠠᠭᠠᠲᠤ ᠰᠢᠯᠦᠭ ᠤᠨ ᠤᠷᠤᠯᠳᠤᠭᠠᠨ ᠵᠢᠴᠢ ᠬᠤᠷᠢᠨ ᠳᠦᠷᠪᠡᠳᠡᠬᠢ ᠤᠳᠠᠭᠠᠨ ᠤ ︽ᠨᠠᠶᠢᠷᠠᠭ ᠤᠨ ᠪᠣᠯᠵᠤᠭ᠎ᠠ︾ ᠨᠠᠭᠠᠳᠤᠮ ᠢ ᠡᠷᠬᠢᠯᠡᠨ ᠶᠠᠪᠤᠭᠳᠠᠭᠤᠯᠪᠠ᠃
       ᠲᠤᠰ ᠤᠳᠠᠭᠠᠨ ᠤ ᠠᠵᠢᠯᠯᠠᠭ᠎ᠠ ᠶᠢ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠠᠷᠤᠬᠠᠰᠢᠶᠠᠲᠤ ᠪᠠᠯᠭᠠᠰᠤ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠵᠦ᠂ ᠬᠤᠰᠢᠭᠤᠨ ᠤ ᠵᠣᠬᠢᠶᠠᠯᠴᠢᠳ ᠤᠨ ᠡᠪᠯᠡᠯ ᠠᠴᠠ ᠳᠠᠭᠠᠭᠠᠴᠢᠯᠠᠨ ᠡᠷᠬᠢᠯᠡᠪᠡ᠃        ᠣᠶᠢᠯᠠᠭᠠᠭᠰᠠᠨ ᠢᠶᠠᠷ᠂ ᠪᠦᠲᠦᠭᠡᠯ ᠡᠯᠰᠡᠭᠰᠡᠨ ᠬᠦᠷᠢᠶ᠎ᠡ ᠬᠡᠪᠴᠢᠶ᠎ᠡ ᠨᠢ ᠰᠢᠨ᠎ᠡ ᠪᠠᠷᠭᠤ ᠪᠠᠷᠠᠭᠤᠨ ᠬᠤᠰᠢᠭᠤᠨ ᠤ ᠬᠡᠪᠴᠢᠶᠡᠨ ᠳᠠᠬᠢ ᠢᠷᠠᠭᠤ ᠨᠠᠶᠢᠷᠠᠭ ᠤᠨ ᠳᠤᠷ᠎ᠠ ᠪᠠᠭ᠋ᠠᠲᠠᠳ ᠪᠠᠶᠢᠵᠤ᠂ ᠣᠷᠣᠯᠳᠣᠭᠠᠨ ᠳᠤ ᠣᠷᠣᠯᠴᠠᠭᠰᠠᠨ ᠪᠦᠲᠦᠭᠡᠯ ᠨᠢ ᠨᠡᠶᠢᠭᠡᠮ ᠵᠢᠷᠤᠮ ᠤᠨ ᠭᠤᠣᠯᠯᠠᠬᠤ ᠦᠷᠲᠡᠭ ᠤᠨ ᠦᠵᠡᠯᠲᠡ ᠶᠢ ᠪᠠᠷᠢᠮᠲᠠᠯᠠᠨ᠂ ᠴᠠᠭ ᠦᠶ᠎ᠡ ᠶᠢᠨ ᠣᠨᠴᠠᠯᠢᠭ᠂ ᠦᠵᠡᠯ ᠰᠠᠨᠠᠭᠠᠨ ᠤ ᠠᠭᠤᠯᠤᠭᠳᠠᠬᠤᠨ ᠪᠠ ᠰᠢᠯᠦᠭ ᠤᠨ ᠪᠦᠲᠦᠭᠡᠯᠴᠢ ᠴᠢᠨᠠᠷ ᠪᠠ ᠬᠡᠯᠪᠡᠷᠢ ᠶᠢᠨ ᠲᠠᠯ᠎ᠠ ᠪᠠᠷ ᠰᠢᠨ᠎ᠡ ᠡᠭᠦᠳᠦᠯᠲᠡ ᠲᠠᠢ ᠪᠠᠶᠢᠵᠤ᠂ ᠰᠣᠨᠢᠨ ᠰᠡᠳᠬᠦᠯ ᠪᠠ ᠰᠦᠯᠵᠢᠶᠡᠨ ᠳᠤ ᠨᠡᠶᠢᠲᠡᠯᠡᠭᠳᠡᠭᠡ ᠦᠭᠡᠢ ᠰᠢᠨ᠎ᠡ ᠪᠦᠲᠦᠭᠡᠯ ᠪᠠᠶᠢᠬᠤ ᠶᠢ ᠱᠠᠭᠠᠷᠳᠠᠪᠠ᠂ ᠡᠮᠦᠨᠡᠬᠢ ᠬᠤᠭᠤᠴᠠᠭᠠᠨ ᠤ ᠪᠦᠲᠦᠭᠡᠯ ᠢ ᠰᠢᠯᠭᠠᠷᠠᠭᠤᠯᠬᠤ ᠪᠠᠷ ᠳᠠᠮᠵᠢᠨ᠂ ᠬᠠᠮᠤᠭ ᠡᠴᠦᠰ ᠲᠤ ᠨᠡᠶᠢᠲᠡ 12 ᠣᠷᠣᠯᠴᠠᠭᠴᠢ ᠰᠢᠢᠳᠪᠦᠷᠢᠲᠦ ᠤᠷᠤᠯᠳᠤᠭᠠᠨ ᠳᠤ ᠣᠷᠣᠯᠴᠠᠵᠤ᠂ ᠠᠳᠠᠯᠢ ᠪᠣᠰᠤ ᠤᠷᠠᠯᠢᠭ ᠤᠨ ᠬᠡᠪ ᠨᠠᠮᠪᠠ ᠪᠠᠷ ᠮᠠᠯᠴᠢᠳ ᠤᠨ ᠨᠠᠮ᠂ ᠡᠬᠡ ᠤᠯᠤᠰ᠂ ᠨᠤᠲᠤᠭ ᠣᠷᠣᠨ᠂ ᠠᠪᠤ ᠡᠵᠢ ᠳᠡᠭᠡᠨ ᠬᠠᠨᠳᠤᠭᠤᠯᠤᠭᠰᠠᠨ ᠣᠷᠭᠢᠯᠤᠮ᠎ᠠ ᠬᠠᠯᠠᠭᠤᠨ ᠬᠠᠶᠢᠷ᠎ᠠ ᠰᠡᠳᠬᠢᠯᠭᠡ ᠶᠢ ᠰᠢᠯᠦᠭ ᠳᠠᠭᠤᠯᠠᠯ ᠳᠤ ᠰᠢᠩᠭᠡᠭᠡᠨ ᠢᠯᠡᠷᠡᠭᠦᠯᠵᠦ᠂ ᠠᠭᠤᠤ ᠶᠡᠭᠡ ᠳᠤᠮᠳᠠᠳᠤ ᠤᠯᠤᠰ ᠤᠨ ᠡᠪ ᠬᠠᠮᠲᠤ ᠨᠠᠮ ᠢᠶᠠᠨ ᠮᠠᠭᠲᠠᠨ ᠤᠶᠠᠩᠭᠠᠯᠠᠪᠠ᠃        ᠲᠤᠰ ᠤᠳᠠᠭᠠᠨ ᠤ ᠤᠷᠤᠯᠳᠤᠭᠠᠨ ᠳᠤ᠂ ᠳᠠᠨᠳᠢᠮ᠎ᠠ ︽ᠡᠭᠡᠮᠦᠭ ᠤᠨ ᠰᠢᠬᠢᠳᠭᠡ︾ ᠭᠡᠬᠦ ᠪᠦᠲᠦᠭᠡᠯ ᠢᠶᠠᠷ ᠢᠶᠠᠨ ᠮᠠᠩᠯᠠᠶᠢᠯᠠᠵᠤ᠂ ᠯ᠊ · ᠠᠯᠲᠠᠨᠴᠡᠴᠡᠭ᠂ ᠠ᠊ · ᠪᠠᠷᠬ᠎ᠠ ᠳᠡᠳ᠋ ᠪᠠᠶᠢᠷᠢᠨ ᠳᠤ ᠲᠣᠳᠣᠷᠠᠨ᠂ ᠰᠢᠪᠠᠭᠤᠬᠠᠢ᠂ ᠨᠠᠷᠠᠨᠳᠡᠯᠭᠡᠷ᠂ ᠤᠯᠠᠭᠠᠨᠲᠤᠶᠠᠭ᠎ᠠ ᠭᠤᠷᠪᠠᠳᠤᠭᠠᠷ ᠲᠤ ᠣᠷᠣᠵᠤ᠂ ︽ᠳᠣᠮᠣᠭᠲᠤ ᠢᠰᠢᠭᠡᠨ︾ ᠬᠤᠨᠳᠠᠭᠠᠲᠤ ᠰᠢᠯᠦᠭ ᠤᠨ ᠤᠷᠤᠯᠳᠤᠭᠠᠨ ᠵᠢᠴᠢ ᠬᠤᠷᠢᠨ ᠳᠦᠷᠪᠡᠳᠡᠬᠢ ᠤᠳᠠᠭᠠᠨ ᠤ ︽ᠨᠠᠶᠢᠷᠠᠭ ᠤᠨ ᠪᠣᠯᠵᠤᠭ᠎ᠠ︾ ᠨᠠᠭᠠᠳᠤᠮ ᠢᠶᠠᠨ ᠨᠢᠵᠢᠭᠢᠷ ᠰᠠᠶᠢᠬᠠᠨ ᠲᠡᠮᠳᠡᠭᠯᠡᠵᠦ᠂ ᠠᠬᠤᠢ ᠲᠠᠯᠠᠪᠠᠢ ᠶᠢᠨ ᠰᠣᠨᠢᠷᠬᠠᠭᠴᠢᠳ ᠲᠤ ᠨᠡᠩ ᠭᠦᠨ ᠰᠣᠶᠣᠯ ᠤᠷᠠᠯᠢᠭ ᠤᠨ ᠬᠦᠷᠲᠡᠭᠡᠯ ᠪᠣᠯᠣᠭᠰᠠᠨ ᠪᠠᠶᠢᠨ᠎ᠠ᠃                               ᠰᠤᠷᠪᠤᠯᠵᠢᠯᠠᠭᠴᠢ᠄ ᠤᠶᠠᠬᠠᠨ  ᠭᠠᠨᠳᠢᠭ ︵ᠳᠠᠳᠤᠯᠭ᠎ᠠ︶
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号