ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/24
       3 ᠰᠠᠷ᠎ᠠ ᠶᠢᠨ 23 ᠤ ᠡᠳᠦᠷ᠂ ᠮᠠᠨ ᠤ ᠬᠤᠰᠢᠭᠤ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠤᠨ᠂ ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ ᠴᠢᠭᠯᠡᠯᠲᠡ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠷᠠᠳ ᠲᠦᠮᠡᠨ ᠤ ᠬᠠᠨᠤᠮᠵᠢᠲᠠᠢ ᠰᠤᠷᠭᠠᠨ ᠬᠥᠮᠦᠵᠢᠯ ᠢ ᠦᠨᠡᠨ ᠰᠡᠳᠬᠢᠯ ᠠᠴᠠ ᠪᠠᠨ ᠰᠠᠶᠢᠲᠤᠷ ᠡᠷᠭᠢᠯᠡᠵᠦ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠤᠷᠭᠠᠨ ᠬᠥᠮᠦᠵᠢᠯ ᠤᠨ ᠬᠦᠴᠦᠨ ᠴᠢᠳᠠᠯ ᠢᠶᠠᠨ ᠡᠷᠭᠦᠪᠡ᠃ ᠬᠤᠰᠢᠭᠤᠨ ᠤ ᠤᠳᠤᠷᠢᠳᠤᠯᠭ᠎ᠠ ᠪᠥᠬᠡᠪᠠᠶᠠᠷ᠂ ᠴᠠᠩ ᠴᠢᠩ᠂ ᠴᠧᠨ ᠯᠦᠩ᠂ ᠯᠢ ᠭᠤᠸᠠᠩ᠂ ᠤᠯᠠᠭᠠᠨᠲᠤᠶᠠᠭ᠎ᠠ᠂ ᠶᠢᠨ ᠷᠦᠩ ᠬᠤᠷᠠᠯ ᠳᠤ ᠣᠷᠣᠯᠴᠠᠪᠠ᠃
       ᠬᠤᠷᠠᠯ ᠠᠴᠠ ︽ᠰᠢᠨ᠎ᠡ ᠪᠠᠷᠭᠤ ᠪᠠᠷᠠᠭᠤᠨ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯᠯᠠᠭ᠎ᠠ ᠶᠢᠨ ᠲᠥᠰᠥᠯ ︵2023 ︱ 2025︶︾ ︽2022 ᠣᠨ ᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ᠂ ᠭᠤᠣᠯ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠭᠤᠣᠯᠳᠠᠯᠭ᠎ᠠ ᠲᠠᠢ ᠠᠵᠢᠯ ᠢ ᠬᠢᠨᠠᠨ ᠵᠢᠯᠤᠭᠤᠳᠴᠤ ᠦᠨᠡᠯᠡᠨ ᠵᠢᠱᠢᠭᠰᠡᠨ ᠦᠷ᠎ᠡ ᠳ᠋ᠦᠩ ᠤᠨ ᠲᠤᠬᠠᠢ ᠵᠠᠷᠯᠠᠯ︾ ᠵᠡᠷᠭᠡ ᠶᠢ ᠤᠩᠰᠢᠨ ᠨᠡᠶᠢᠲᠡᠯᠡᠪᠡ᠃ ᠡᠭᠦᠨ ᠤ ᠬᠠᠮᠲᠤ ᠮᠦ ᠯᠠᠨ ᠨᠡᠷᠡᠳᠦ ᠪᠠᠭᠰᠢ ᠶᠢᠨ ᠠᠵᠢᠯᠯᠠᠬᠤ ᠲᠠᠰᠤᠭ᠂ ᠯᠢ ᠰᠢᠸ ᠴᠢᠩ ᠨᠡᠷᠡᠳᠦ ᠰᠤᠷᠭᠠᠭᠤᠯᠢ ᠶᠢᠨ ᠵᠠᠬᠢᠷᠤᠯ ᠤᠨ ᠠᠵᠢᠯᠯᠠᠬᠤ ᠲᠠᠰᠤᠭ᠂ ᠬᠠᠰᠤᠠᠭᠡᠷᠡᠯ ᠨᠡᠷᠡᠳᠦ ᠠᠩᠭᠢ ᠶᠢᠨ ᠡᠷᠬᠢᠯᠡᠭᠴᠢ ᠶᠢᠨ ᠠᠵᠢᠯᠯᠠᠬᠤ ᠲᠠᠰᠤᠭ ᠲᠤ ᠫᠠᠶᠢᠰᠠ ᠣᠯᠭᠤᠵᠤ᠂ ᠰᠤᠷᠭᠠᠭᠤᠯᠢ ᠶᠢᠨ ᠵᠠᠬᠢᠷᠤᠯ ᠤᠨ ᠲᠥᠯᠥᠭᠡᠯᠡᠭᠴᠢ᠂ ︽ᠭᠤᠷᠪᠠᠨ ᠠᠵᠢᠯᠯᠠᠬᠤ ᠲᠠᠰᠤᠭ︾ ᠤᠨ ᠲᠥᠯᠥᠭᠡᠯᠡᠭᠴᠢ᠂ ᠰᠢᠨ᠎ᠡ ᠪᠠᠭᠰᠢ ᠨᠠᠷ ᠤᠨ ᠲᠥᠯᠥᠭᠡᠯᠡᠭᠴᠢ ᠳᠤ ᠲᠤᠰ ᠲᠤᠰ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃        ᠪᠥᠬᠡᠪᠠᠶᠠᠷ ᠴᠢᠬᠤᠯᠠᠴᠢᠯᠠᠬᠤ ᠳᠠᠭᠠᠨ᠂ ᠡᠯ᠎ᠡ ᠰᠤᠮᠤ ᠪᠠᠯᠭᠠᠰᠤ᠂ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠪᠣᠯᠣᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠤᠷᠭᠠᠨ ᠬᠥᠮᠦᠵᠢᠯ ᠤᠨ ᠬᠢᠨᠠᠨ ᠵᠢᠯᠤᠭᠤᠳᠬᠤ ᠵᠥᠪᠯᠡᠯ ᠤᠨ ᠲᠣᠭᠲᠠᠴᠠ ᠶᠢ ᠪᠦᠷᠢᠨᠰᠢᠭᠦᠯᠵᠦ᠂ ᠵᠣᠬᠢᠶᠠᠨ ᠪᠠᠶᠢᠭᠤᠯᠵᠤ ᠤᠳᠤᠷᠢᠳᠬᠤ ᠲᠠᠯ᠎ᠠ ᠪᠠᠷ ᠤᠷᠢᠳᠠᠪᠠᠷ ᠪᠣᠳᠣᠯᠬᠢᠯᠠᠬᠤ᠂ ᠪᠡᠯᠡ ᠣᠷᠣᠭᠤᠯᠤᠯᠲᠠ ᠶᠢᠨ ᠲᠠᠯ᠎ᠠ ᠪᠠᠷ ᠤᠷᠢᠳᠠᠪᠠᠷ ᠪᠣᠳᠣᠯᠬᠢᠯᠠᠬᠤ᠂ ᠪᠠᠭᠰᠢ ᠶᠢ ᠬᠠᠯᠠᠮᠵᠢᠯᠠᠨ ᠬᠠᠶᠢᠷᠠᠯᠠᠬᠤ ᠲᠠᠯ᠎ᠠ ᠪᠠᠷ ᠤᠷᠢᠳᠠᠪᠠᠷ ᠪᠣᠳᠣᠯᠬᠢᠯᠠᠬᠤ᠂ ᠨᠠᠷᠠᠲᠤ ᠲᠥᠷᠥᠯ ᠲᠡᠮᠳᠡᠭᠲᠦ ᠶᠢ ᠡᠭᠦᠳᠴᠦ ᠨᠡᠶᠢᠲᠡᠯᠢᠭ ᠵᠢᠱᠢᠶ᠎ᠡ ᠶᠢ ᠪᠣᠶ ᠪᠣᠯᠭᠠᠬᠤ ᠲᠠᠯ᠎ᠠ ᠪᠠᠷ ᠤᠷᠢᠳᠠᠪᠠᠷ ᠪᠣᠳᠣᠯᠬᠢᠯᠠᠬᠤ᠂ ᠠᠭᠤᠷ ᠠᠮᠢᠰᠬᠤᠯ ᠢ ᠪᠣᠶ ᠪᠣᠯᠭᠠᠬᠤ ᠲᠠᠯ᠎ᠠ ᠪᠠᠷ ᠤᠷᠢᠳᠠᠪᠠᠷ ᠪᠣᠳᠣᠯᠬᠢᠯᠠᠬᠤ ᠶᠢ ᠪᠠᠷᠢᠮᠲᠠᠯᠠᠨ᠂ ᠴᠢᠳᠠᠪᠤᠷᠢᠲᠠᠨ ᠤ ᠬᠠᠮᠢᠶᠠᠷᠤᠯᠲᠠ᠂ ᠦᠨᠡᠯᠡᠯᠲᠡ᠂ ᠤᠷᠮᠠᠰᠢᠭᠤᠯᠤᠯ᠂ ᠦᠢᠯᠡᠴᠢᠯᠡᠭᠡᠨ ᠤ ᠲᠣᠭᠲᠠᠴᠠ ᠶᠢ ᠲᠡᠭᠦᠯᠳᠡᠷᠵᠢᠭᠦᠯᠵᠦ᠂ ᠴᠢᠳᠠᠪᠤᠷᠢᠲᠠᠨ ᠤ ᠦᠢᠯᠡᠳᠦᠯ ᠢᠶᠠᠨ ᠪᠠᠳᠠᠷᠠᠭᠤᠯᠬᠤ᠂ ᠠᠪᠢᠶᠠᠰ ᠴᠢᠳᠠᠪᠤᠷᠢ ᠪᠠᠨ ᠪᠠᠳᠠᠷᠠᠭᠤᠯᠬᠤ ᠳᠤ ᠨᠠᠩ ᠥᠷᠭᠡᠨ ᠠᠭᠤᠳᠠᠮ ᠲᠠᠪᠴᠠᠩ ᠬᠠᠩᠭᠠᠬᠤ ᠬᠡᠷᠡᠭᠲᠡᠢ᠃ ︽ᠷᠦᠨ ᠽᠧ︾ ᠰᠤᠷᠭᠠᠨ ᠬᠥᠮᠦᠵᠢᠯ ᠤᠨ ᠨᠠᠷᠠᠲᠤ ᠲᠡᠮᠳᠡᠭᠲᠦ ᠶᠢ ᠡᠭᠦᠳᠦᠨ ᠪᠠᠶᠢᠭᠤᠯᠵᠤ᠂ ᠪᠠᠭᠰᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠥᠷᠨᠢᠭᠦᠯᠵᠦ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠰᠤᠷᠭᠠᠨ ᠬᠥᠮᠦᠵᠢᠯ ᠤᠨ ︽ᠡᠷᠡᠯᠬᠡᠭᠯᠡᠨ ᠤᠷᠤᠭᠰᠢᠯᠠᠬᠤ ᠪᠢᠷ︾ ᠢᠶᠠᠷ ᠰᠢᠨ᠎ᠡ ᠪᠠᠷᠭᠤ ᠪᠠᠷᠠᠭᠤᠨ ᠬᠤᠰᠢᠭᠤᠨ ᠤ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠰᠠᠶᠢᠲᠤᠷ ᠪᠢᠴᠢᠭᠯᠡᠬᠦ ᠬᠡᠷᠡᠭᠲᠡᠢ ᠭᠡᠪᠡ᠃        ᠲᠤᠰ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ᠂ ᠴᠠᠩ ᠴᠢᠩ ᠴᠢᠬᠤᠯᠠᠴᠢᠯᠠᠬᠤ ᠳᠠᠭᠠᠨ᠂ ᠡᠯ᠎ᠡ ᠰᠤᠮᠤ ᠪᠠᠯᠭᠠᠰᠤ᠂ ᠰᠠᠯᠠᠭ᠎ᠠ ᠮᠥᠴᠢᠷ ᠤᠳ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠨ ᠪᠣᠳᠠᠲᠠᠶᠢᠵᠢᠭᠤᠯᠵᠤ᠂ ᠬᠠᠷᠠᠯᠲᠠ ᠡᠭᠦᠷᠭᠡ ᠪᠠᠨ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠰᠠᠯᠠᠭ᠎ᠠ ᠮᠥᠴᠢᠷ ᠤᠳ ᠬᠤᠯᠪᠤᠭᠠᠯᠠᠨ ᠬᠥᠳᠡᠯᠦᠯᠴᠡᠬᠦ ᠪᠠᠨ ᠴᠢᠩᠭᠠᠷᠠᠭᠤᠯᠤᠨ ᠪᠣᠳᠠᠲᠠᠶᠢᠵᠢᠭᠤᠯᠵᠤ᠂ ︽ᠰᠤᠷᠬᠤ ᠨᠠᠰᠤᠨ  ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠠᠰᠢᠭ ᠬᠦᠷᠲᠡᠭᠡᠬᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠢ ᠲᠡᠩᠴᠡᠭᠦᠷᠢᠲᠡᠢ ᠪᠠᠶᠢᠯᠭᠠᠬᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠰᠢᠯᠢᠳᠡᠭ ᠢ ᠪᠣᠯᠪᠠᠰᠤᠷᠠᠭᠤᠯᠬᠤ᠂ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠢ ᠵᠢᠷᠤᠮᠵᠢᠭᠤᠨ ᠪᠥᠭᠡᠳ ᠡᠮᠬᠢ ᠵᠢᠷᠤᠮ ᠲᠠᠢ ᠪᠠᠶᠢᠯᠭᠠᠬᠤ︾ ᠬᠥᠭᠵᠢᠯᠲᠡ ᠶᠢᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠭ᠎ᠠ ᠬᠡᠮᠵᠢᠶ᠎ᠡ ᠪᠠᠨ ᠪᠣᠳᠠᠲᠠᠶᠢᠵᠢᠭᠤᠯᠵᠤ᠂ ᠬᠠᠷᠠᠯᠲᠠ ᠶᠢ ᠠᠬᠢᠭᠤᠯᠤᠨ᠂ ᠰᠢᠨ᠎ᠡ ᠪᠠᠷᠭᠤ ᠪᠠᠷᠠᠭᠤᠨ ᠬᠤᠰᠢᠭᠤᠨ ᠤ ᠰᠤᠷᠭᠠᠨ ᠬᠥᠮᠦᠵᠢᠯ ᠤᠨ ᠰᠢᠨ᠎ᠡ ᠳᠡᠭᠲᠡᠷ ᠲᠤ ᠭᠠᠷᠬᠤ ᠶᠢ ᠴᠢᠷᠮᠠᠶᠢᠨ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号