ᠤᠷᠤᠰ ᠤᠨ ᠬᠤᠯᠪᠤᠭ᠎ᠠ ᠳᠠᠬᠢ ᠲᠦᠷᠦ ᠶᠢᠨ ᠶᠠᠪᠤᠳᠠᠯ ᠤᠨ ᠠᠶᠢᠯᠴᠢᠯᠠᠯᠲᠠ ᠪᠠᠨ ᠲᠡᠭᠦᠰᠬᠡᠭᠡᠳ ᠰᠢ ᠶᠢᠨ ᠫᠢᠩ ᠪᠡᠭᠡᠵᠢᠩ ᠳᠤ ᠪᠤᠴᠠᠵᠤ ᠢᠷᠡᠪᠡ
ᠨᠡᠶᠢᠲᠡᠯᠡᠭᠰᠡᠨ ᠴᠠᠭ᠄
2023/3/24
       ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 22 ᠤᠨ ᠴᠠᠭᠢᠯᠭᠠᠨ ᠮᠡᠳᠡᠭᠡ 3 ᠰᠠᠷ᠎ᠠ ᠶᠢᠨ 22 ᠤᠨ ᠣᠷᠣᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠷᠤᠰ ᠤᠨ ᠬᠤᠯᠪᠤᠭ᠎ᠠ ᠳᠠᠬᠢ ᠲᠦᠷᠦ ᠶᠢᠨ ᠶᠠᠪᠤᠳᠠᠯ ᠤᠨ ᠠᠶᠢᠯᠴᠢᠯᠠᠯᠲᠠ ᠪᠠᠨ ᠲᠡᠭᠦᠰᠬᠡᠭᠡᠳ ᠪᠡᠭᠡᠵᠢᠩ ᠳᠤ ᠪᠤᠴᠠᠵᠤ ᠢᠷᠡᠪᠡ᠃        ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ ᠠᠯᠪᠠᠨ ᠭᠡᠷ ᠤᠨ ᠡᠷᠭᠢᠯᠡᠭᠴᠢ ᠸᠠᠩ ᠢ᠂ ᠲᠦᠷᠦ ᠶᠢᠨ ᠶᠠᠪᠤᠳᠠᠯ ᠤᠨ ᠭᠡᠰᠢᠭᠦᠨ ᠪᠥᠭᠡᠳ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠴᠢᠨ ᠭᠠᠩ ᠵᠡᠷᠭᠡ ᠪᠠᠷ᠎ᠠ ᠪᠣᠯᠣᠭᠰᠠᠳ ᠨᠢᠰᠬᠡᠯ ᠢᠶᠠᠷ ᠬᠠᠮᠲᠤ ᠬᠦᠷᠴᠦ ᠢᠷᠡᠪᠡ᠃        ᠮᠣᠰᠺᠸᠠ ᠠᠴᠠ ᠠᠶᠠᠷᠯᠠᠬᠤ ᠦᠶ᠎ᠡ ᠳᠤ᠂ ᠣᠷᠣᠰ ᠤᠨ ᠳᠡᠳ᠋ ᠶᠡᠷᠦᠩᠬᠡᠢ ᠰᠠᠶᠢᠳ ᠴᠧᠷᠨᠧᠱᠧᠨᠺᠧ ᠵᠡᠷᠭᠡ ᠵᠠᠰᠠᠭ ᠤᠨ ᠣᠷᠳᠣᠨ ᠤ ᠳᠡᠭᠡᠳᠦ ᠵᠡᠷᠭᠡ ᠶᠢᠨ ᠲᠤᠰᠢᠶᠠᠯᠲᠠᠳ ᠨᠢᠰᠬᠡᠯ ᠤᠨ ᠪᠠᠭᠤᠳᠠᠯ ᠳᠤ ᠬᠦᠷᠴᠦ ᠦᠳᠡᠨ ᠮᠣᠷᠳᠠᠭᠤᠯᠬᠤ ᠶᠢᠨ ᠬᠠᠮᠲᠤ ᠦᠪᠡᠳᠡᠭᠰᠢ ᠶᠡᠭᠡ ᠦᠳᠡᠨ ᠮᠣᠷᠳᠠᠭᠤᠯᠬᠤ ᠶᠣᠰᠣᠯᠠᠯ ᠶᠠᠪᠤᠭᠤᠯᠪᠠ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号