ᠵᠥᠪᠯᠡᠯᠴᠡᠭᠡᠷ ᠲᠣᠭᠲᠠᠭᠰᠠᠨ ᠬᠡᠮᠵᠢᠶ᠎ᠡ 2400 ᠳ᠋ᠦᠩᠰᠢᠭᠤᠷ ᠲᠥᠭᠦᠷᠢᠭ ᠢ ᠳᠠᠪᠠᠪᠠ - ᠥᠪᠥᠷ ᠮᠣᠩᠭᠤᠯ ᠪᠡᠭᠡᠵᠢᠩ ᠳᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠲᠠᠨᠢᠯᠴᠠᠭᠤᠯᠭ᠎ᠠ ᠬᠢᠬᠦ ᠶᠢᠨ ᠬᠠᠮᠲᠤ ᠲᠥᠷᠥᠯ ᠵᠦᠢᠯ ᠤᠨ ᠵᠥᠪᠯᠡᠯᠴᠡᠭᠡᠷ ᠲᠣᠭᠲᠠᠪᠠ ᠸᠠᠩ ᠯᠢ ᠰᠢᠶᠠ ᠣᠷᠣᠯᠴᠠᠵᠠᠢ
ᠨᠡᠶᠢᠲᠡᠯᠡᠭᠰᠡᠨ ᠴᠠᠭ᠄
2023/3/27
       3 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠡᠭᠡᠵᠢᠩ ᠳᠤ ᠲᠥᠪ ᠤᠨ ᠠᠵᠤ ᠠᠬᠤᠶᠢᠯᠠᠯ ᠯᠤᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠲᠤᠬᠠᠢ ᠶᠠᠷᠢᠯᠴᠠᠬᠤ ᠶᠢᠨ ᠬᠠᠮᠲᠤ ᠪᠡᠭᠡᠵᠢᠩ ᠲᠢᠶᠠᠨᠵᠢᠨ ᠾᠧᠪᠧᠢ ᠣᠷᠣᠨ ᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠲᠠᠨᠢᠯᠴᠠᠭᠤᠯᠭ᠎ᠠ ᠵᠢᠴᠢ ᠲᠦᠷᠦᠯ ᠵᠦᠢᠯ ᠤᠨ ᠵᠥᠪᠯᠡᠯᠴᠡᠭᠡᠷ ᠲᠣᠭᠲᠠᠬᠤ ᠶᠣᠰᠣᠯᠠᠯ ᠶᠠᠪᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠶᠠᠷᠢᠯᠴᠠᠬᠤ ᠬᠤᠷᠠᠯ ᠢ ᠡᠷᠭᠢᠯᠡᠭᠰᠡᠨ ᠪᠥᠭᠡᠳ ᠶᠣᠰᠣᠯᠠᠯ ᠳᠤ ᠣᠷᠣᠯᠴᠠᠪᠠ᠃
       30 ᠭᠠᠷᠤᠢ ᠲᠥᠪ ᠤᠨ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠵᠤ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ᠂ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠠᠵᠤ ᠦᠢᠯᠡᠳᠪᠦᠷᠢ ᠶᠢᠨ ᠪᠦᠯᠦᠭᠯᠡᠯ ᠵᠡᠷᠭᠡ ᠲᠥᠪ ᠤᠨ 10 ᠠᠵᠤ ᠠᠬᠤᠶᠢᠯᠠᠯ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠲᠤᠬᠠᠢ ᠰᠠᠨᠠᠯ ᠢᠶᠠᠨ ᠰᠣᠯᠢᠯᠴᠠᠵᠤ᠂ ᠸᠠᠩ ᠯᠢ ᠰᠢᠶᠠ ᠲᠤᠬᠠᠢ ᠶᠢᠨ ᠲᠠᠯᠠᠪᠠᠢ ᠳᠤ ᠨᠢᠭᠡᠳ ᠨᠢᠭᠡ ᠪᠠᠷ ᠬᠠᠷᠢᠭᠤᠯᠲᠠ ᠥᠭᠪᠡ᠃
       ᠸᠠᠩ ᠯᠢ ᠰᠢᠶᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠪᠣᠯ ᠥᠪᠥᠷ ᠮᠣᠩᠭᠤᠯ ᠪᠣᠯᠣᠨ ᠲᠥᠪ ᠤᠨ ᠠᠵᠤ ᠠᠬᠤᠶᠢᠯᠠᠯ ᠤᠨ ᠬᠠᠮᠲᠤ ᠶᠢᠨ ᠬᠠᠷᠢᠭᠤᠴᠠᠯᠭ᠎ᠠ ᠡᠭᠦᠷᠭᠡ ᠪᠣᠯᠣᠨ᠎ᠠ᠃ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠮᠠᠰᠢ ᠴᠢᠬᠤᠯᠠ ᠨᠢᠭᠡ ᠵᠦᠢᠯ ᠪᠣᠯ ︽ᠲᠥᠪ ᠤᠨ ᠠᠵᠤ ᠠᠬᠤᠶᠢᠯᠠᠯ ᠲᠠᠢ ᠬᠠᠮᠲᠤ ᠪᠠᠷ ᠪᠥᠵᠢᠭᠯᠡᠵᠦ︾᠂ ︽ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠲᠠᠢ ᠨᠠᠶᠢᠷᠠᠯ ᠳᠠᠭᠤᠤ ᠳᠠᠭᠤᠯᠠᠬᠤ︾ ᠶᠠᠪᠤᠳᠠᠯ ᠪᠣᠯᠣᠨ᠎ᠠ᠃ ᠰᠢᠨ᠎ᠡ ᠴᠠᠭ ᠦᠶ᠎ᠡ ᠶᠢᠨ ᠨᠠᠮ ᠤᠨ ᠲᠥᠪ ᠬᠤᠷᠢᠶ᠎ᠠ ᠶᠢᠨ ᠬᠠᠶᠢᠷ᠎ᠠ ᠬᠠᠯᠠᠮᠵᠢ ᠪᠣᠯ ᠣᠷᠣᠨ ᠨᠤᠲᠤᠭ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠤᠯᠠᠮ ᠭᠦᠨᠵᠡᠭᠡᠶᠢᠷᠡᠭᠦᠯᠬᠦ ᠦᠨᠳᠦᠰᠦᠨ ᠲᠦᠰᠢᠭ ᠮᠥᠨ᠂ ᠬᠠᠮᠲᠤ ᠪᠠᠷ ᠠᠰᠢᠭ ᠬᠦᠷᠲᠡᠵᠦ ᠬᠠᠮᠲᠤ ᠪᠠᠷ ᠴᠡᠴᠡᠭᠯᠡᠨ ᠭᠦᠭᠵᠢᠭᠦ ᠢᠯᠡᠳᠲᠡ ᠳᠠᠪᠠᠭᠤᠯᠢᠭ ᠪᠣᠯ ᠣᠷᠣᠨ ᠨᠤᠲᠤᠭ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠤᠯᠠᠮ ᠭᠦᠨᠵᠡᠭᠡᠶᠢᠷᠡᠭᠦᠯᠬᠦ ᠪᠠᠲᠤ ᠪᠠᠬᠢ ᠰᠠᠭᠤᠷᠢ ᠮᠥᠨ᠂ ᠴᠢᠨᠠᠷ ᠰᠠᠶᠢᠲᠠᠢ ᠬᠥᠭᠵᠢᠯᠲᠡ ᠶᠢᠨ ᠰᠠᠷᠠᠭᠤᠯ ᠢᠷᠡᠭᠡᠳᠦᠢ ᠪᠣᠯ ᠣᠷᠣᠨ ᠨᠤᠲᠤᠭ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠤᠯᠠᠮ ᠭᠦᠨᠵᠡᠭᠡᠶᠢᠷᠡᠭᠦᠯᠬᠦ ᠲᠠᠲᠠᠭᠤᠷᠠᠰᠢ ᠦᠭᠡᠢ ᠬᠥᠳᠡᠯᠭᠡᠭᠦ ᠬᠦᠴᠦᠨ ᠮᠥᠨ᠂ ᠥᠪᠥᠷ ᠮᠣᠩᠭᠤᠯ ᠤᠨ ᠡᠬᠢ ᠪᠠᠶᠠᠯᠢᠭ᠂ ᠣᠷᠣᠨ ᠪᠠᠶᠢᠷᠢ᠂ ᠪᠣᠬᠢᠷᠳᠤᠯ ᠦᠭᠡᠢ ᠴᠠᠭᠢᠯᠭᠠᠨ᠂ ᠬᠥᠭᠵᠢᠯᠲᠡ ᠶᠢᠨ ᠳᠠᠪᠠᠭᠤᠯᠢᠭ ᠲᠠᠢ ᠨᠢᠭᠲᠠ ᠤᠶᠠᠯᠳᠤᠭᠤᠯᠤᠨ᠂ ᠡᠨᠧᠷᠭᠢ ᠶᠢᠨ ᠠᠵᠤ ᠠᠬᠤᠢ᠂ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠲᠣᠭᠠᠴᠢᠯᠠᠭᠰᠠᠨ ᠠᠵᠤ ᠠᠬᠤᠢ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠥᠷᠭᠡᠨ ᠣᠯᠠᠨ ᠠᠵᠤ ᠠᠬᠤᠶᠢᠯᠠᠯ ᠢ ᠠᠩᠬᠠᠷᠤᠯ ᠢᠶᠠᠨ ᠲᠥᠪᠯᠡᠷᠡᠭᠦᠯᠵᠦ᠂ ᠥᠪᠥᠷ ᠮᠣᠩᠭᠤᠯ ᠳᠤ ᠪᠡᠯᠡ ᠣᠷᠣᠭᠤᠯᠵᠤ᠂ ᠥᠪᠥᠷ ᠮᠣᠩᠭᠤᠯ ᠳᠤ ᠠᠭᠤᠰᠤᠯᠴᠠᠬᠤ ᠶᠢ ᠬᠦᠰᠡᠵᠦ ᠪᠠᠶᠢᠨ᠎ᠠ᠃ ᠪᠢᠳᠡ ᠬᠠᠮᠤᠭ ᠤᠨ ᠦᠨᠡᠨᠴᠢ ᠰᠡᠳᠬᠢᠯ᠂ ᠬᠠᠮᠤᠭ ᠤᠨ ᠶᠡᠭᠡ ᠬᠦᠴᠦᠨ ᠢᠶᠠᠷ ᠭᠠᠷ ᠬᠤᠯᠪᠣᠨ ᠭᠦᠭᠵᠢᠭᠦ ᠳᠤ ᠨᠡᠩ ᠰᠢᠯᠢᠳᠡᠭ ᠦᠢᠯᠡᠴᠢᠯᠡᠭᠡ᠂ ᠨᠡᠩ ᠰᠠᠶᠢᠨ ᠣᠷᠴᠢᠨ ᠨᠥᠬᠦᠴᠡᠯ ᠢ ᠬᠠᠩᠭᠠᠵᠤ᠂ ᠠᠵᠤ ᠠᠬᠤᠶᠢᠯᠠᠯ ᠢ ᠲᠠᠯ᠎ᠠ ᠨᠤᠲᠤᠭ ᠲᠤ ᠦᠨᠳᠦᠰᠦᠯᠡᠭᠦᠯᠵᠦ᠂ ᠳᠡᠯᠡᠬᠡᠢ ᠳᠠᠶᠠᠭᠠᠷ ᠬᠥᠭᠵᠢᠭᠦᠯᠦᠨ᠎ᠡ ᠭᠡᠵᠦ ᠬᠡᠯᠡᠪᠡ᠃
       200 ᠰᠢᠬᠠᠮ ᠠᠵᠤ ᠠᠬᠤᠶᠢᠯᠠᠯ ᠲᠣᠰ ᠤᠳᠠᠭᠠᠨ ᠤ ᠲᠠᠨᠢᠯᠴᠠᠭᠤᠯᠭ᠎ᠠ ᠵᠢᠴᠢ ᠲᠥᠷᠥᠯ ᠵᠦᠢᠯ ᠤᠨ ᠵᠥᠪᠯᠡᠯᠴᠡᠭᠡᠷ ᠲᠣᠭᠲᠠᠬᠤ ᠳᠤ ᠣᠷᠣᠯᠴᠠᠪᠠ᠂ ᠡᠭᠦᠨ ᠳᠤ 78 ᠠᠵᠤ ᠠᠬᠤᠶᠢᠯᠠᠯ 80 ᠲᠥᠷᠥᠯ ᠵᠦᠢᠯ ᠤᠨ ᠵᠥᠪᠯᠡᠯᠴᠡᠭᠡᠷ ᠲᠣᠭᠲᠠᠵᠤ᠂ ᠶᠡᠷᠦᠩᠬᠡᠢ ᠬᠡᠮᠵᠢᠶ᠎ᠡ ᠨᠢ 2400 ᠳ᠋ᠦᠩᠰᠢᠭᠤᠷ ᠲᠥᠭᠦᠷᠢᠭ ᠢ ᠳᠠᠪᠠᠵᠠᠢ᠃ ᠸᠠᠩ ᠯᠢ ᠰᠢᠶᠠ ᠪᠡᠭᠡᠵᠢᠩ ᠲᠢᠶᠠᠨᠵᠢᠨ ᠾᠧᠪᠧᠢ ᠣᠷᠣᠨ ᠤ ᠬᠤᠯᠪᠣᠭᠳᠠᠯ ᠪᠦᠬᠦᠢ ᠬᠤᠳᠠᠯᠳᠤᠭᠠᠴᠢᠳ ᠤᠨ ᠡᠪᠯᠡᠯ ᠵᠢᠴᠢ ᠥᠪᠡᠷᠲᠡᠭᠡᠨ ᠵᠠᠰᠠᠬᠤ ᠣᠷᠣᠨ ᠤ ᠪᠡᠭᠡᠵᠢᠩ ᠳᠤ ᠰᠠᠭᠤᠭ᠎ᠠ ᠠᠯᠪᠠᠨ ᠭᠡᠷ ᠤᠨ ᠬᠠᠷᠢᠭᠤᠴᠠᠯᠭᠠᠲᠠᠨ ᠳᠤ ︽ᠥᠪᠥᠷ ᠮᠣᠩᠭᠤᠯ ᠤᠨ ᠠᠷᠠᠯᠵᠢᠶᠠᠴᠢᠨ ᠤᠷᠢᠬᠤ ᠡᠯᠴᠢᠨ ᠰᠠᠶᠢᠳ︾ ᠤᠨ ᠤᠷᠢᠯᠭ᠎ᠠ ᠶᠢᠨ ᠪᠢᠴᠢᠭ᠂ ︽ᠭᠠᠳᠠᠨ᠎ᠠ ᠣᠷᠣᠨ ᠤ ᠠᠵᠤ ᠠᠬᠤᠶᠢᠯᠠᠯ ᠤᠨ ᠭᠡᠷ ᠣᠷᠣᠨ︾ ᠭᠡᠬᠦ ᠫᠠᠶᠢᠰᠠ ᠢᠯᠡᠷᠬᠡᠶᠢᠯᠡᠯ ᠣᠯᠭᠤᠪᠠ᠃
       ᠪᠡᠭᠡᠵᠢᠩ ᠲᠢᠶᠠᠨᠵᠢᠨ ᠾᠧᠪᠧᠢ ᠣᠷᠣᠨ ᠤ ᠠᠷᠠᠯᠵᠢᠶᠠᠴᠢᠨ ᠤᠷᠢᠬᠤ ᠠᠵᠢᠯᠯᠠᠭ᠎ᠠ ᠶᠢᠨ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠪᠠᠰᠠ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ 2 ᠲᠠᠯᠠᠪᠠᠢ ︽ᠭᠠᠷᠴᠤ ᠶᠠᠪᠤᠬᠤ︾ ᠭᠤᠣᠯᠳᠠᠯᠭ᠎ᠠ ᠲᠠᠢ ᠠᠷᠠᠯᠵᠢᠶᠠᠴᠢᠨ ᠤᠷᠢᠬᠤ ᠠᠵᠢᠯᠯᠠᠭ᠎ᠠ ᠶᠢ ᠡᠷᠭᠢᠯᠡᠭᠦ ᠪᠣᠯᠣᠨ᠎ᠠ᠃
       ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠸᠠᠩ ᡁᠢ ᠴᠢᠶᠠᠩ᠂ ᠶᠠᠩ ᠶᠢᠨ᠂ ᠶᠠᠩ ᠵᠢᠶᠧ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号