ᠬᠤᠶᠠᠷ ᠶᠡᠭᠡ ᠶᠠᠪᠤᠳᠠᠯ ᠢᠶᠠᠷ ᠭᠤᠣᠯ ᠭᠠᠷᠳᠠᠴᠠ ᠪᠣᠯᠭᠠᠨ ᠥᠪᠥᠷ ᠮᠣᠩᠭᠤᠯ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ ᠰᠦᠨ ᠱᠤᠤ ᠴᠧᠩ
ᠨᠡᠶᠢᠲᠡᠯᠡᠭᠰᠡᠨ ᠴᠠᠭ᠄
2023/3/27
       ᠥᠪᠥᠷ ᠮᠣᠩᠭᠤᠯ ᠳᠤ ᠠᠪᠴᠤ ᠬᠡᠯᠡᠪᠡᠯ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠪᠦᠭᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠬᠦᠴᠦᠯᠡᠬᠦ ᠴᠡᠭ ᠢᠶᠠᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠡᠭᠡᠷ᠎ᠡ ᠲᠠᠯᠪᠢᠬᠤ ᠬᠡᠷᠡᠭᠲᠡᠢ᠃        ᠨᠢᠭᠡ ᠨᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠷᠮᠠᠶᠢᠨ ᠪᠡᠶᠡᠯᠡᠭᠦᠯᠬᠦ ᠶᠠᠪᠤᠳᠠᠯ ᠪᠣᠯᠣᠨ᠎ᠠ᠃ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠭᠠᠨ ᠪᠦᠲᠦᠭᠡᠨ ᠪᠠᠶᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠮᠠᠨ ᠤ ᠤᠯᠤᠰ ᠤᠨ ᠬᠥᠭᠵᠢᠯᠲᠡ ᠶᠢᠨ ᠪᠦᠭᠦ ᠲᠠᠯ᠎ᠠ ᠠᠴᠠ ᠡᠭᠦᠰᠴᠦ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠮᠥᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤᠮᠳᠠᠬᠢ ᠥᠪᠥᠷ ᠮᠣᠩᠭᠤᠯ ᠤᠨ ᠴᠢᠬᠤᠯᠠ ᠬᠠᠷᠢᠭᠤᠴᠠᠯᠭ᠎ᠠ ᠪᠠ ᠬᠦᠨᠳᠦ ᠡᠭᠦᠷᠭᠡ ᠮᠥᠨ᠃ ᠡᠲᠡᠭᠡᠷ ᠡᠭᠦᠷᠭᠡ ᠶᠢ ᠰᠠᠶᠢᠲᠤᠷ ᠪᠡᠶᠡᠯᠡᠭᠦᠯᠪᠡᠯ᠂ ᠤᠯᠤᠰ ᠤᠨ ᠶᠡᠭᠡ ᠲᠠᠯ᠎ᠠ ᠳᠤ ᠦᠢᠯᠡᠴᠢᠯᠡᠵᠦ ᠪᠠᠲᠤᠯᠠᠬᠤ ᠲᠠᠯ᠎ᠠ ᠪᠠᠷ ᠬᠢ ᠥᠪᠥᠷ ᠮᠣᠩᠭᠤᠯ ᠤᠨ ᠨᠠᠩ ᠶᠡᠭᠡ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠵᠦ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠬᠡᠷᠡᠭᠵᠢᠭᠦᠯᠬᠦ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ᠂ ᠦᠨᠳᠦᠰᠦᠲᠡᠨ ᠤ ᠭᠠᠵᠠᠷ ᠣᠷᠣᠨ ᠢ ᠲᠦᠷᠭᠡᠳᠬᠡᠨ ᠬᠥᠭᠵᠢᠭᠦᠯᠬᠦ᠂ ᠬᠢᠯᠢ ᠬᠢᠵᠠᠭᠠᠷ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠤᠯᠤᠰ ᠤᠨ ᠪᠠᠶᠢᠯᠳᠤᠬᠤ ᠪᠣᠳᠣᠯᠭ᠎ᠠ ᠳᠤ ᠨᠠᠩ ᠶᠡᠭᠡ ᠦᠢᠯᠡᠳᠦᠯ ᠦᠵᠡᠭᠦᠯᠵᠦ᠂ ᠪᠦᠭᠦ ᠣᠷᠣᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠴᠤ ᠪᠠᠲᠤ ᠴᠢᠩᠭ᠎ᠠ ᠲᠤᠯᠭᠠᠭᠤᠷᠢᠯᠠᠯ ᠲᠠᠢ ᠪᠣᠯᠵᠤ ᠴᠢᠳᠠᠨ᠎ᠠ᠃        ᠨᠢᠳᠤᠨᠤᠨ ᠠᠴᠠ ᠨᠠᠭᠠᠰᠢ᠂ ᠪᠢᠳᠡ ᠲᠠᠪᠤᠨ ᠬᠡᠷᠡᠭᠵᠢᠭᠦᠯᠬᠦ ᠲᠥᠰᠥᠯ ᠪᠠ ᠣᠨ ᠤ ᠡᠭᠦᠷᠭᠡ ᠶᠢᠨ ᠨᠠᠷᠢᠨ ᠳᠠᠩᠰᠠ ᠶᠢ ᠰᠤᠳᠤᠯᠤᠨ ᠲᠣᠭᠲᠠᠭᠠᠵᠤ᠂ ᠠᠵᠢᠯ ᠢ ᠵᠣᠬᠢᠴᠠᠭᠤᠯᠬᠤ ᠪᠠ ᠶᠠᠪᠤᠭᠳᠠᠭᠤᠯᠬᠤ ᠲᠣᠭᠲᠠᠴᠠ ᠶᠢ ᠪᠠᠶᠢᠭᠤᠯᠤᠨ᠂ ᠬᠢᠨᠠᠨ ᠰᠢᠯᠭᠠᠵᠤ ᠦᠨᠡᠯᠡᠭᠦ ᠠᠷᠭ᠎ᠠ ᠶᠢ ᠨᠡᠶᠢᠲᠡᠯᠡᠵᠦ᠂ ᠠᠩᠬᠠᠷᠤᠯ ᠢᠶᠠᠨ ᠲᠥᠪᠯᠡᠷᠡᠭᠦᠯᠦᠨ ᠬᠦᠴᠦ ᠪᠠᠨ ᠲᠥᠪᠯᠡᠷᠡᠭᠦᠯᠵᠦ ︽ᠲᠠᠪᠤᠨ ᠶᠡᠭᠡ ᠡᠭᠦᠷᠭᠡ︾ ᠶᠢ ᠠᠳᠬᠤᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠪᠡ᠃ ᠡᠨᠡ ᠵᠢᠯ ᠤᠨ ᠪᠦᠭᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ ᠫᠢᠩ ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠭᠦ ᠳᠤ ᠣᠷᠤᠯᠴᠠᠬᠤ ᠦᠶ᠎ᠡ ᠪᠠ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠪᠠ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠡᠲᠡᠭᠡᠳ ᠤᠨ ᠭᠡᠰᠢᠭᠦᠳ ᠢ ᠡᠷᠭᠢᠨ ᠦᠵᠡᠬᠦ ᠶᠢᠨ ᠬᠠᠮᠲᠤ ᠳᠤᠭᠤᠶᠢᠯᠠᠩ ᠬᠠᠮᠲᠤᠷᠠᠭᠰᠠᠨ ᠬᠤᠷᠠᠯ ᠳᠤ ᠣᠷᠤᠯᠴᠠᠬᠤ ᠦᠶ᠎ᠡ ᠶᠢᠨ ᠴᠢᠬᠤᠯᠠ ᠶᠠᠷᠢᠶ᠎ᠠ ᠨᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠯᠢ ᠤᠯᠠᠨ ᠴᠢᠬᠤᠯᠠ ᠶᠡᠭᠡ ᠤᠨᠤᠯ ᠪᠠ ᠦᠢᠯᠡᠳᠦᠯᠭᠡ ᠶᠢᠨ ᠠᠰᠠᠭᠤᠳᠠᠯ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠪᠢᠳᠡᠨ ᠤ ︽ᠲᠠᠪᠤᠨ ᠶᠡᠭᠡ ᠡᠭᠦᠷᠭᠡ︾ ᠪᠠᠨ ᠭᠦᠨᠵᠡᠭᠡᠢ ᠨᠠᠶᠢᠳᠠᠪᠤᠷᠢᠵᠢᠭᠤᠯᠬᠤ ᠳᠤ ᠴᠢᠬᠤᠯᠠ ᠵᠢᠷᠤᠮᠯᠠᠯ ᠬᠠᠩᠭᠠᠵᠠᠢ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ︽ᠳᠥᠷᠪᠡᠨ ᠡᠷᠬᠡᠪᠰᠢ︾ ᠪᠠ ︽ᠵᠠᠶᠢᠯᠠᠰᠢ ᠦᠭᠡᠢ ᠵᠠᠮᠨᠠᠬᠤ ᠵᠠᠮ︾᠂ ︽ᠪᠠᠶᠢᠯᠳᠤᠬᠤ ᠪᠣᠳᠣᠯᠭ᠎ᠠ ᠶᠢᠨ ᠰᠠᠭᠤᠷᠢ ᠴᠡᠭ︾᠂ ︽ᠵᠠᠶᠢᠯᠠᠰᠢ ᠦᠭᠡᠢ ᠱᠠᠭᠠᠷᠳᠠᠯᠭ᠎ᠠ︾᠂ ︽ᠡᠴᠦᠰ ᠤᠨ ᠵᠣᠷᠢᠯᠭ᠎ᠠ︾ ᠵᠡᠷᠭᠡ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠴᠢᠨᠠᠷ ᠰᠠᠶᠢᠲᠠᠢ ᠬᠥᠭᠵᠢᠭᠦᠯᠬᠦ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠣᠷᠣᠨ ᠨᠤᠲᠤᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠰᠤᠳᠤᠯᠤᠨ ᠠᠬᠢᠭᠤᠯᠬᠤ ᠲᠠᠢ ᠤᠶᠠᠯᠳᠤᠭᠤᠯᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠭᠦ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ᠂ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠭᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠬᠢᠬᠦ᠂ ᠦᠨᠳᠦᠰᠦᠨ ᠱᠠᠲᠤᠨ ᠤ ᠵᠠᠰᠠᠯᠲᠠ ᠵᠡᠷᠭᠡ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠦᠭᠵᠢᠷᠡᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠵᠤ ᠠᠬᠤᠢ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠡᠬᠢ ᠪᠠᠶᠠᠯᠢᠭ ᠢ ᠠᠷᠪᠢᠯᠠᠬᠤ ᠶᠢ ᠴᠢᠩᠭᠠᠳᠬᠠᠵᠤ᠂ ᠬᠡᠷᠡᠭᠯᠡᠭᠡ᠂ ᠪᠠᠷᠠᠭᠠᠨ ᠤ ᠭᠦᠢᠯᠭᠡᠭᠡ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠵᠡᠷᠭᠡ ᠲᠠᠯ᠎ᠠ ᠶᠢᠨ ᠳᠤᠲᠠᠭᠤᠳᠠᠯ ᠢ ᠨᠥᠬᠦᠪᠦᠷᠢᠯᠡᠵᠦ᠂ ᠰᠢᠨ᠎ᠡ ᠡᠨᠧᠷᠭᠢ ᠶᠢᠨ ᠠᠵᠤ ᠦᠢᠯᠡᠰ᠂ ᠬᠤᠪᠣᠷ ᠰᠢᠷᠣᠢ ᠪᠠ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ᠂ ᠮᠠᠯ ᠠᠵᠤ ᠠᠬᠤᠢ ᠲᠠᠷᠢᠶᠠᠯᠠᠩ ᠵᠡᠷᠭᠡ ᠳᠠᠪᠠᠭᠤᠯᠢᠭ ᠢ ᠤᠷᠲᠤᠳᠬᠠᠵᠤ᠂ ᠠᠮᠤᠷ ᠲᠦᠪᠰᠢᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠵᠤ᠂ ︽ᠲᠠᠪᠤᠨ ᠶᠡᠭᠡ ᠡᠭᠦᠷᠭᠡ︾ ᠶᠢ ᠵᠢᠯ ᠪᠦᠷᠢ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠲᠠᠢ ᠪᠤᠯᠭᠠᠬᠤ ᠶᠢ ᠪᠠᠲᠤᠯᠠᠨ᠎ᠠ᠃ ᠡᠭᠦᠨ ᠤ ᠬᠠᠮᠲᠤ᠂ ︽ᠲᠠᠪᠤᠨ ᠶᠡᠭᠡ ᠡᠭᠦᠷᠭᠡ︾ ᠶᠢᠨ ᠬᠠᠤᠯᠢ ᠲᠣᠭᠲᠠᠭᠠᠬᠤ ᠠᠬᠢᠴᠠ ᠶᠢ ᠲᠦᠷᠭᠡᠳᠬᠡᠨ ᠠᠬᠢᠭᠤᠯᠵᠤ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠭᠡᠯᠪᠡᠷᠢ ᠪᠠᠷ ᠬᠤᠯᠪᠣᠭᠳᠠᠯ ᠪᠦᠬᠦᠢ ᠠᠵᠢᠯ ᠢ ᠲᠣᠭᠲᠠᠪᠤᠷᠢᠵᠢᠭᠤᠯᠵᠤ᠂ ᠨᠢᠭᠡ ᠵᠢᠷᠤᠭ ᠲᠥᠰᠥᠪ ᠢ ᠡᠴᠦᠰ ᠲᠤᠨᠢ ᠲᠤᠯᠲᠠᠯ᠎ᠠ ᠵᠢᠷᠤᠭᠯᠠᠨ᠎ᠠ᠃ ᠪᠢᠳᠡᠨ ᠤ ᠬᠠᠷᠠᠯᠲᠠ ᠪᠣᠯ 2025 ᠣᠨ ᠪᠤᠯᠬᠤ ᠳᠤ ᠪᠦᠭᠦ ᠣᠷᠣᠨ ᠤ ᠠᠮᠢ ᠠᠬᠤᠢ ᠶᠢᠨ ᠪᠠᠶᠢᠳᠠᠯ ᠢ ᠤᠯᠠᠮ ᠰᠠᠶᠢᠵᠢᠷᠠᠭᠤᠯᠵᠤ᠂ ᠡᠬᠡ ᠤᠯᠤᠰ ᠤᠨ ︽ᠤᠮᠠᠷᠠᠲᠤ ᠶᠡᠭᠡ ᠬᠠᠭᠠᠯᠭ᠎ᠠ︾᠂ ᠨᠡᠶᠢᠰᠯᠡᠯ ᠤᠨ ︽ᠬᠠᠮᠠᠭᠠᠯᠠᠯᠲᠠ ᠶᠢᠨ ᠭᠤᠣᠯ︾ ᠢ ᠨᠠᠩ ᠪᠠᠲᠤ ᠪᠠᠬᠢ ᠪᠠᠶᠢᠭᠤᠯᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ 1.35 ᠳ᠋ᠦᠩᠰᠢᠭᠤᠷ ᠺᠢᠯᠣᠸᠠᠲ ᠠᠴᠠ ᠳᠠᠪᠠᠭᠤᠯᠵᠤ᠂ ᠡᠬᠢᠨ ᠤ ᠪᠠ ᠡᠴᠦᠰ ᠤᠨ ᠬᠡᠯᠬᠢᠶᠡᠨ ᠤ ᠠᠵᠤ ᠦᠢᠯᠡᠰ ᠤᠨ ᠦᠢᠯᠡᠳᠬᠦᠨ ᠤ ᠥᠷᠲᠡᠭ ᠢ 1 ᠲᠦᠮᠡᠨ ᠳ᠋ᠦᠩᠰᠢᠭᠤᠷ ᠲᠥᠭᠦᠷᠢᠭ ᠠᠴᠠ ᠳᠠᠪᠠᠭᠤᠯᠵᠤ᠂ ᠬᠤᠪᠣᠷ ᠰᠢᠷᠣᠢ ᠶᠢᠨ ᠠᠵᠤ ᠦᠢᠯᠡᠰ ᠤᠨ ᠬᠡᠯᠬᠢᠶ᠎ᠡ ᠶᠢᠨ ᠦᠢᠯᠡᠳᠬᠦᠨ ᠤ ᠥᠷᠲᠡᠭ ᠢ 1000 ᠳ᠋ᠦᠩᠰᠢᠭᠤᠷ ᠲᠥᠭᠦᠷᠢᠭ ᠠᠴᠠ ᠳᠠᠪᠠᠭᠤᠯᠵᠤ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠬᠦ ᠴᠢᠳᠠᠪᠤᠷᠢ ᠶᠢ 2000 ᠲᠦᠮᠡᠨ ᠲᠣᠨ ᠳᠤ ᠬᠦᠷᠭᠡᠵᠦ᠂ ᠰᠦ ᠮᠢᠬ᠎ᠠ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠪᠠ ᠪᠣᠭᠤᠮᠲᠠ ᠪᠠᠷ ᠪᠠᠷᠠᠭ᠎ᠠ ᠥᠩᠭᠡᠷᠡᠭᠦᠯᠬᠦ ᠬᠡᠮᠵᠢᠶ᠎ᠡ ᠶᠢ ᠨᠡᠮᠡᠭᠳᠡᠭᠦᠯᠵᠦ᠂ ᠭᠠᠳᠠᠭᠠᠳᠤ ᠠᠷᠠᠯᠵᠢᠶᠠᠨ ᠤ ᠲᠤᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ᠎ᠡ᠃ ᠬᠤᠶᠢᠰᠢᠳᠠ ᠶᠢᠨ ᠬᠡᠳᠦᠨ ᠵᠢᠯ ᠤᠨ ᠪᠣᠭᠤᠮᠲᠠ ᠰᠢᠪᠲᠤᠯᠬᠤ ᠪᠠᠷ ᠳᠠᠮᠵᠢᠨ᠂ ᠥᠪᠥᠷ ᠮᠣᠩᠭᠤᠯ ᠤᠨ ᠶᠡᠭᠡ ᠲᠠᠯ᠎ᠠ ᠶᠢ ᠪᠠᠲᠤᠯᠠᠵᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠪᠠ ᠲᠤᠰ ᠪᠡᠶ᠎ᠡ ᠶᠢᠨ ᠬᠥᠭᠵᠢᠯᠲᠡ ᠶᠢᠨ ᠲᠦᠪᠰᠢᠨ ᠢ ᠶᠡᠭᠡ ᠪᠠᠷ ᠳᠡᠭᠡᠭᠰᠢᠯᠡᠭᠦᠯᠦᠨ᠎ᠡ᠃        ᠨᠥᠭᠦᠭᠡ ᠨᠢᠭᠡ ᠨᠢ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠠᠪᠤᠳᠠᠯ ᠪᠣᠯᠣᠨ᠎ᠠ᠃ ᠡᠨᠡ ᠪᠣᠯ ᠪᠢᠳᠡᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠳᠤ ᠳᠤᠷᠠᠳᠤᠭᠰᠠᠨ ᠨᠢᠭᠡᠨ ᠰᠢᠨ᠎ᠡ ᠬᠠᠷᠠᠯᠲᠠ ᠮᠥᠨ᠃ ᠶᠡᠷᠦᠩᠬᠡᠢ ᠪᠣᠳᠣᠯᠬᠢᠯᠠᠯ ᠪᠣᠯ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠳᠤᠷᠠᠳᠤᠭᠰᠠᠨ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ︾᠂ ︽ᠦᠨᠳᠦᠰᠦᠲᠡᠨ ᠨᠦᠭᠦᠳ ᠤᠨ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ ᠡᠮᠦᠨ᠎ᠡ ᠡᠩᠨᠡᠭᠡᠨ ᠳᠤ ᠶᠠᠪᠤᠬᠤ︾᠂ ︽ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠡᠭᠦᠷᠢᠳᠡ ᠳᠡᠯᠭᠡᠷᠡᠭᠦᠯᠵᠦ᠂ ᠬᠢᠯᠢ ᠬᠢᠵᠠᠭᠠᠷ ᠢ ᠲᠣᠭᠲᠠᠭᠤᠨ ᠪᠠᠶᠢᠯᠭᠠᠵᠤ ᠥᠨᠢᠳᠡ ᠪᠠᠬᠢᠵᠢᠭᠦᠯᠬᠦ︾ ᠵᠡᠷᠭᠡ ᠴᠢᠬᠤᠯᠠ ᠱᠠᠭᠠᠷᠳᠠᠯᠭ᠎ᠠ ᠲᠠᠢ ᠪᠦᠭᠦ ᠲᠠᠯ᠎ᠠ ᠪᠠᠷ ᠪᠠᠷᠢᠮᠵᠢᠶᠠᠯᠠᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠠᠭᠤᠯᠤᠭᠳᠠᠬᠤᠨ ᠪᠠ ᠠᠭᠤᠯᠬᠤᠨ ᠢ ᠲᠠᠰᠤᠷᠠᠯᠲᠠ ᠦᠭᠡᠢ ᠪᠠᠶᠠᠯᠢᠭᠵᠢᠭᠤᠯᠤᠨ ᠥᠷᠭᠡᠳᠬᠡᠵᠦ᠂ ᠭᠤᠣᠯᠳᠠᠯᠭ᠎ᠠ ᠶᠢ ᠳᠣᠪᠤᠶᠢᠯᠭᠠᠵᠤ᠂ ᠠᠴᠢᠶᠠᠯᠠᠭᠴᠢ ᠶᠢᠨ ᠰᠢᠨ᠎ᠡ ᠶᠢ ᠡᠭᠦᠳᠴᠦ᠂ ᠭᠠᠷᠳᠠᠴᠠ ᠶᠢ ᠪᠣᠳᠠᠲᠠᠶᠢᠵᠢᠭᠤᠯᠵᠤ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠨᠠᠮ ᠢᠶᠠᠨ ᠳᠠᠭᠠᠬᠤ᠂ ᠨᠠᠮ ᠤᠨ ᠲᠥᠪ ᠬᠤᠷᠢᠶ᠎ᠠ ᠪᠠᠨ ᠳᠠᠭᠠᠬᠤ ᠬᠤᠪᠢᠰᠬᠠᠯᠲᠤ ᠤᠳᠤᠮᠰᠢᠯ ᠢ ᠦᠷᠭᠦᠯᠵᠢᠯᠡᠨ ᠰᠠᠶᠢᠲᠤᠷ ᠵᠠᠯᠭᠠᠮᠵᠢᠯᠠᠵᠤ᠂ ᠥᠪᠥᠷ ᠮᠣᠩᠭᠤᠯ ᠤᠨ ᠦᠨᠳᠦᠰᠦᠲᠡᠨ ᠤ ᠪᠦᠯᠬᠦᠮᠳᠡᠯ ᠤᠨ ᠢᠷᠠᠭᠤ ᠠᠯᠳᠠᠷᠲᠤ ᠤᠯᠠᠮᠵᠢᠯᠠᠯ ᠪᠠ ᠦᠨᠳᠦᠰᠦᠲᠡᠨ ᠨᠦᠭᠦᠳ ᠤᠨ ᠠᠷᠠᠳ ᠲᠦᠮᠡᠨ ᠤ ᠶᠡᠭᠡ ᠲᠠᠯ᠎ᠠ ᠶᠢ ᠲᠠᠨᠢᠬᠤ᠂ ᠪᠦᠭᠦ ᠲᠠᠯ᠎ᠠ ᠶᠢ ᠬᠠᠷᠠᠭᠠᠯᠵᠠᠬᠤ᠂ ᠬᠡᠪ ᠨᠠᠮᠪᠠ ᠶᠢ ᠡᠷᠭᠢᠮᠯᠡᠭᠦ᠂ ᠬᠤᠪᠢ ᠨᠡᠮᠡᠷᠢ ᠦᠵᠡᠭᠦᠯᠭᠦ᠂ ᠬᠠᠷᠢᠭᠤᠴᠠᠯᠭ᠎ᠠ ᠡᠭᠦᠷᠭᠡᠯᠡᠬᠦ ᠡᠷᠬᠢᠮ ᠨᠠᠨᠳᠢᠨ ᠵᠠᠩ ᠴᠢᠨᠠᠷ ᠢ ᠪᠠᠳᠠᠷᠠᠭᠤᠯᠤᠨ᠂ ᠪᠦᠭᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠨᠠᠮ ᠤᠨ ᠲᠣᠭᠤᠷᠢᠨ ᠳᠤ ᠨᠢᠭᠲᠠᠷᠠᠭᠤᠯᠤᠨ ᠪᠦᠯᠬᠦᠮᠳᠡᠭᠦᠯᠵᠦ᠂ ᠰᠢᠷᠭᠠᠭᠤ ᠠᠵᠢᠯᠯᠠᠵᠤ᠂ ᠡᠷᠡᠯᠬᠡᠭᠯᠡᠨ ᠤᠷᠤᠭᠰᠢᠯᠠᠵᠤ᠂ ︽ᠵᠢᠱᠢᠶᠡᠴᠢ︾ ᠶᠢ ᠡᠯ᠎ᠡ ᠬᠦᠷᠢᠶ᠎ᠡ ᠡᠯ᠎ᠡ ᠲᠠᠯ᠎ᠠ ᠳᠤ ᠢᠯᠡᠷᠡᠭᠦᠯᠭᠦ ᠪᠠᠷ ᠴᠢᠷᠮᠠᠶᠢᠨ᠎ᠠ᠃        ᠪᠣᠳᠠᠲᠠᠢ ᠶᠠᠷᠢᠪᠠᠯ᠂ ᠪᠦᠭᠦ ᠣᠷᠣᠨ ᠤ ᠳᠡᠭᠡᠷ᠎ᠡ ᠳᠣᠣᠷ᠎ᠠ ᠱᠠᠲᠤ ᠶᠢ ᠬᠥᠲᠥᠯᠥᠨ ᠵᠢᠯᠤᠭᠤᠳᠴᠤ ᠪᠠᠶᠢᠭᠠᠳ ᠨᠠᠮ ᠤᠨ ᠠᠴᠢ ᠡᠨᠡᠷᠢᠯ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠴᠤ᠂ ᠶᠡᠷᠦᠩᠬᠡᠢ ᠱᠦᠵᠢ ᠰᠢ ᠶᠢᠨ ᠫᠢᠩ ᠢ ᠡᠷᠡᠰ ᠲᠠᠭᠠᠵᠤ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠬᠤ ᠲᠠᠯ᠎ᠠ ᠪᠠᠷ ᠬᠤᠰᠢᠭᠤᠴᠢᠯᠠᠨ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ᠂ ᠬᠢᠯᠢ ᠬᠢᠵᠠᠭᠠᠷ ᠤᠨ ᠠᠮᠤᠷ ᠲᠦᠪᠰᠢᠨ ᠢ ᠬᠠᠮᠠᠭᠠᠯᠠᠬᠤ ᠲᠠᠯ᠎ᠠ ᠪᠠᠷ ᠵᠢᠳᠬᠦᠯ ᠴᠢᠷᠮᠠᠶᠢᠯᠭ᠎ᠠ ᠭᠠᠷᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠠᠯ᠎ᠠ ᠪᠠᠷ ᠡᠮᠦᠨ᠎ᠡ ᠨᠢ ᠶᠠᠪᠤᠵᠤ᠂ ᠰᠦᠷᠯᠢᠭ ᠰᠠᠶᠢᠬᠠᠨ ᠡᠶ᠎ᠡ ᠨᠠᠶᠢᠷᠰᠠᠭ ᠡᠨᠡᠷᠢᠩᠭᠦᠢ ᠴᠠᠶᠢᠯᠭᠠᠨ᠂ ᠢᠲᠡᠭᠡᠮᠵᠢᠲᠦ ᠳᠣᠲᠣᠨᠣᠰᠤᠭ ᠬᠠᠶᠢᠷ᠎ᠠ ᠶᠢ ᠲᠠᠲᠠᠭᠰᠠᠨ ᠥᠪᠥᠷ ᠮᠣᠩᠭᠤᠯ ᠤᠨ ᠳᠦᠷᠢ ᠲᠥᠷᠬᠦ ᠶᠢ ᠱᠤᠭᠤᠬᠤ ᠲᠠᠯ᠎ᠠ ᠪᠠᠷ ᠬᠠᠮᠲᠤ ᠪᠠᠷ ᠴᠢᠷᠮᠠᠶᠢᠵᠤ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ᠂ ᠥᠨᠳᠥᠷ ᠪᠦᠲᠦᠮᠵᠢᠲᠡᠶ ᠵᠠᠰᠠᠯᠲᠠ ᠶᠢ ᠠᠬᠢᠭᠤᠯᠬᠤ ᠲᠠᠯ᠎ᠠ ᠪᠠᠷ ᠰᠢᠨ᠎ᠡ ᠵᠠᠮ ᠨᠡᠭᠡᠭᠡᠵᠦ᠂ ︽ᠬᠦᠴᠢᠷ ᠠᠴᠠ ᠠᠶᠤᠬᠤ ᠦᠭᠡᠢ᠂ ᠴᠤᠴᠠᠯᠲᠠ ᠦᠭᠡᠢ ᠲᠡᠮᠡᠦᠯᠵᠦ᠂ ᠵᠣᠷᠢᠭᠰᠠᠨ ᠳᠠᠭᠠᠨ ᠵᠠᠪᠠᠯ ᠬᠦᠷᠬᠦ︾ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠲᠠᠯ᠎ᠠ ᠪᠠᠷ ᠬᠡᠪ ᠳᠠᠭᠤᠷᠢᠶᠠᠯ ᠦᠵᠡᠭᠦᠯᠵᠦ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠬᠥᠭᠵᠢᠭᠦᠯᠵᠦ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠶᠤᠨ ᠤ ᠰᠣᠶᠣᠯ ᠤᠨ ᠬᠡᠷᠡᠭᠴᠡᠭᠡ ᠶᠢ ᠬᠠᠩᠭᠠᠬᠤ ᠲᠠᠯ᠎ᠠ ᠪᠠᠷ ᠪᠣᠳᠠᠲᠠᠢ ᠠᠵᠢᠯ ᠬᠢᠨ᠎ᠡ᠃ ᠪᠣᠳᠠᠰ ᠤᠨ ᠪᠣᠯᠪᠠᠰᠤᠨ ᠤ ᠪᠠᠶᠢᠭᠤᠯᠤᠯᠲᠠ ᠪᠣᠯᠣᠨ ᠤᠶᠤᠨ ᠤ ᠪᠣᠯᠪᠠᠰᠤᠨ ᠤ ᠪᠠᠶᠢᠭᠤᠯᠤᠯᠲᠠ ᠬᠤᠶᠠᠷ ᠲᠠᠯ᠎ᠠ ᠪᠠᠷ ᠬᠦᠴᠦᠯᠡᠬᠦ ᠪᠠᠷ ᠲᠠᠮᠵᠢᠨ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠭᠡᠬᠦ ᠡᠨᠡ ᠬᠦ ᠠᠯᠳᠠᠨ ᠦᠰᠦᠭᠲᠦ ᠫᠠᠶᠢᠰᠠ ᠶᠢ ᠨᠡᠩ ᠭᠢᠯᠠᠯᠵᠠᠭᠤᠯᠬᠤ᠂ ᠴᠣ ᠰᠢᠨ᠎ᠡ ᠤᠶᠤᠨ ᠰᠠᠨᠠᠭᠠᠨ ᠤ ᠳᠦᠷᠰᠦ ᠪᠠᠶᠢᠳᠠᠯ ᠪᠣᠯᠣᠨ ᠨᠡᠩ ᠥᠨᠳᠥᠷ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢᠶᠠᠷ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠤᠮᠠᠷᠠᠲᠤ ᠬᠢᠵᠠᠭᠠᠷ ᠤᠨ ᠡᠬᠡ ᠭᠠᠵᠠᠷ ᠲᠤ ᠠᠭᠤᠤ ᠶᠡᠭᠡ ᠡᠬᠡ ᠤᠯᠤᠰ ᠢᠶᠠᠨ ᠬᠠᠮᠲᠤ ᠪᠠᠷ ᠪᠦᠲᠦᠭᠡᠨ ᠪᠠᠶᠢᠭᠤᠯᠬᠤ᠂ ᠰᠠᠶᠢᠨ ᠰᠠᠶᠢᠬᠠᠨ ᠠᠮᠢᠳᠤᠷᠠᠯ ᠢᠶᠠᠨ ᠬᠠᠮᠲᠤ ᠪᠠᠷ ᠴᠣᠭᠴᠠᠯᠠᠬᠤ ᠬᠦᠴᠦᠷᠬᠡᠭ ᠶᠡᠭᠡ ᠪᠠᠶᠢᠳᠠᠯ ᠢ ᠪᠤᠢ ᠪᠤᠯᠭᠠᠵᠤ᠂ ᠨᠢᠭᠡ ᠣᠷᠣᠨ ᠪᠦᠰᠡ ᠶᠢᠨ ᠭᠡᠷᠡᠯ ᠭᠢᠯᠪᠠᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠭᠡᠷᠡᠯ ᠭᠢᠯᠪᠠᠭ᠎ᠠ ᠨᠡᠮᠡᠷᠢᠯᠡᠨ᠎ᠡ᠃        ︵ᠵᠣᠬᠢᠶᠠᠭᠴᠢ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠭᠢᠯᠡᠭᠴᠢ︶        ︵ᠰᠢᠨᠬᠤᠸᠠ ᠡᠳᠦᠷ ᠪᠦᠷᠢ ᠶᠢᠨ ᠴᠠᠭᠢᠯᠭᠠᠨ ᠮᠡᠳᠡᠭᠡ ᠠᠴᠠ ᠰᠢᠯᠵᠢᠭᠦᠯᠪᠡ︶
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号