ᠪᠦᠬᠦ ᠣᠷᠣᠨ ᠤ ᠮᠠᠯᠴᠢᠨ ᠲᠠᠷᠢᠶᠠᠴᠢᠨ ᠬᠥᠯᠥᠰᠦᠨ ᠠᠵᠢᠯᠴᠢᠳ ᠤᠨ ᠠᠵᠢᠯ ᠵᠢᠴᠢ ᠮᠠᠯᠴᠢᠨ ᠲᠠᠷᠢᠶᠠᠴᠢᠨ ᠬᠥᠯᠥᠰᠦᠨ ᠠᠵᠢᠯᠴᠢᠳ ᠤᠨ ᠴᠠᠯᠢᠩ ᠢ ᠥᠷᠢᠲᠦᠵᠦ ᠤᠳᠠᠭᠠᠰᠢᠷᠠᠭᠤᠯᠬᠤ ᠶᠢ ᠤᠷᠢᠳᠴᠢᠯᠠᠨ ᠰᠡᠷᠭᠡᠶᠢᠯᠡᠵᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠳᠠᠶᠢᠴᠢᠯᠠᠨ ᠪᠠᠶᠢᠷᠢᠯᠠᠭᠤᠯᠬᠤ ᠲᠧᠯᠸᠢᠰ ᠤᠲᠠᠰᠤᠲᠤ ᠬᠤᠷᠠᠯ ᠬᠤᠷᠠᠯᠳᠤᠪᠠ ᠴᠢ᠊ ᠪᠠᠲᠤ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2023/3/27
       3 ᠳ᠋ᠤᠭᠠᠷ ᠰᠠᠷ᠎ᠠ ᠶᠢᠨ 23 ᠤ ᠡᠳᠦᠷ᠂ ᠪᠥᠬᠦ ᠣᠷᠣᠨ ᠤ ᠮᠠᠯᠴᠢᠨ ᠲᠠᠷᠢᠶᠠᠴᠢᠨ ᠬᠥᠯᠥᠰᠦᠨ ᠠᠵᠢᠯᠴᠢᠳ ᠤᠨ ᠠᠵᠢᠯ ᠵᠢᠴᠢ ᠮᠠᠯᠴᠢᠨ ᠲᠠᠷᠢᠶᠠᠴᠢᠨ ᠬᠥᠯᠥᠰᠦᠨ ᠠᠵᠢᠯᠴᠢᠳ ᠤᠨ ᠴᠠᠯᠢᠩ ᠢ ᠤᠳᠠᠭᠠᠰᠢᠷᠠᠭᠤᠯᠤᠨ ᠥᠷᠢᠲᠦᠬᠦ ᠶᠢ ᠤᠷᠢᠳᠴᠢᠯᠠᠨ ᠰᠡᠷᠭᠡᠶᠢᠯᠡᠵᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠳᠠᠶᠢᠴᠢᠯᠠᠨ ᠪᠠᠶᠢᠷᠢᠯᠠᠭᠤᠯᠬᠤ ᠲᠧᠯᠸᠢᠰ ᠤᠲᠠᠰᠤᠲᠤ ᠬᠤᠷᠠᠯ ᠬᠤᠷᠠᠯᠳᠤᠵᠤ᠂ 2022 ᠣᠨ ᠤ ᠮᠠᠯᠴᠢᠨ ᠲᠠᠷᠢᠶᠠᠴᠢᠨ ᠬᠥᠯᠥᠰᠦᠨ ᠠᠵᠢᠯᠴᠢᠳ ᠤᠨ ᠠᠵᠢᠯ ᠵᠢᠴᠢ ᠮᠠᠯᠴᠢᠨ ᠲᠠᠷᠢᠶᠠᠴᠢᠨ ᠬᠥᠯᠥᠰᠦᠨ ᠠᠵᠢᠯᠴᠢᠳ ᠤᠨ ᠴᠠᠯᠢᠩ ᠢ ᠥᠭᠬᠦ ᠶᠢ ᠪᠠᠲᠤᠯᠠᠭᠰᠠᠨ ᠠᠵᠢᠯ ᠤᠨ ᠪᠠᠶᠢᠳᠠᠯ ᠢ ᠵᠠᠷᠯᠠᠨ ᠮᠡᠳᠡᠭᠡᠯᠡᠵᠦ᠂ ᠪᠠᠶᠢᠳᠠᠯ ᠢ ᠵᠠᠳᠠᠯᠤᠨ ᠮᠠᠭᠠᠳᠯᠠᠵᠤ᠂ 2023 ᠣᠨ ᠤ ᠠᠵᠢᠯ ᠪᠠ ᠮᠠᠯᠴᠢᠨ ᠲᠠᠷᠢᠶᠠᠴᠢᠨ ᠬᠥᠯᠥᠰᠦᠨ ᠠᠵᠢᠯᠴᠢᠳ ᠤᠨ ᠴᠠᠯᠢᠩ ᠢ ᠤᠳᠠᠭᠠᠰᠢᠷᠠᠭᠤᠯᠤᠨ ᠥᠷᠢᠲᠦᠬᠦ ᠶᠢ ᠤᠷᠢᠳᠴᠢᠯᠠᠨ ᠰᠡᠷᠭᠡᠶᠢᠯᠡᠵᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠪᠠᠶᠢᠷᠢᠯᠠᠭᠤᠯᠪᠠ᠃        ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃        ᠬᠤᠷᠠᠯ ᠠᠴᠠ ᠴᠢᠬᠤᠯᠠᠴᠢᠯᠠᠬᠤ ᠳᠤ ᠪᠠᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ ᠴᠢᠩᠭᠠᠳᠬᠠᠵᠤ᠂ ᠴᠠᠯᠢᠩ ᠥᠷᠢᠲᠦᠬᠦ ᠶᠢ ᠵᠠᠰᠠᠬᠤ ᠠᠴᠠ ᠴᠠᠯᠢᠩ ᠥᠷᠢᠲᠦᠬᠦ ᠶᠢ ᠰᠡᠷᠭᠡᠶᠢᠯᠡᠬᠦ ᠲᠡᠶᠢᠰᠢ ᠬᠤᠪᠢᠷᠠᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠡᠭᠦᠨ ᠤ ᠬᠠᠮᠲᠤ᠂ ᠮᠠᠯᠴᠢᠨ ᠲᠠᠷᠢᠶᠠᠴᠢᠨ ᠬᠥᠯᠥᠰᠦᠨ ᠠᠵᠢᠯᠴᠢᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠠᠵᠢᠯ ᠢ ᠳᠣᠪᠤᠶᠢᠯᠭᠠᠨ ᠰᠠᠶᠢᠲᠤᠷ ᠠᠳᠬᠤᠵᠤ᠂ ᠮᠠᠯᠴᠢᠨ ᠲᠠᠷᠢᠶᠠᠴᠢᠨ ᠬᠥᠯᠥᠰᠦᠨ ᠠᠵᠢᠯᠴᠢᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠲᠠᠰᠤᠷᠠᠯᠲᠠ ᠦᠭᠡᠢ ᠴᠢᠩᠭᠠᠷᠠᠭᠤᠯᠤᠨ᠂ ᠰᠢᠶᠠᠨ ᠤ ᠬᠡᠪᠴᠢᠶᠡᠨ ᠤ ᠮᠠᠯᠴᠢᠨ ᠲᠠᠷᠢᠶᠠᠴᠢᠨ ᠬᠥᠯᠥᠰᠦᠨ ᠠᠵᠢᠯᠴᠢᠳ ᠢ ᠬᠤᠲᠠ ᠶᠢᠨ ᠠᠷᠠᠳ ᠪᠣᠯᠭᠠᠬᠤ ᠶᠠᠰᠤ ᠴᠢᠨᠠᠷ ᠢ ᠬᠦᠴᠦᠯᠡᠨ ᠳᠡᠭᠡᠭᠰᠢᠯᠡᠬᠦᠯᠬᠦ ᠬᠡᠷᠡᠭᠲᠡᠢ ᠭᠡᠵᠡᠢ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号