ᠪᠥᠬᠦ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠳᠤ᠄ | ᠬᠠᠩᠰᠢ ᠶᠢᠨ ᠡᠳᠦᠷ ᠪᠣᠯ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂ ᠨᠠᠰᠤ | ᠨᠥᠭᠴᠢᠭᠰᠡᠳ ᠢᠶᠠᠨ ᠲᠤᠷᠠᠰᠤᠨ ᠳᠠᠭᠢᠵᠤ᠂ ᠡᠪᠦᠭᠡ ᠳᠡᠭᠡᠳᠦᠰ ᠲᠡᠭᠡᠨ ᠳᠠᠯᠠᠷᠬᠠᠯ ᠬᠦᠢᠴᠡᠳᠬᠡᠬᠦ ᠤᠯᠠᠮᠵᠢᠯᠠᠯᠲᠤ ᠡᠳᠦᠷ | ᠪᠣᠯᠤᠨ᠎ᠠ᠃ ᠤᠯᠠᠮᠵᠢᠯᠠᠯᠲᠤ ᠰᠤᠶᠤᠯ ᠢᠶᠠᠨ ᠵᠠᠯᠭᠠᠮᠵᠢᠯᠠᠨ᠂ ᠰᠢᠯᠢᠳᠡᠭ ᠰᠤᠷᠲᠠᠯ ᠢᠶᠠᠨ ᠪᠠᠳᠠᠷᠠᠭᠤᠯᠵᠤ᠂ | ᠣᠷᠣᠰᠢᠭᠤᠯᠭ᠎ᠠ ᠳᠠᠬᠢᠯᠭ᠎ᠠ ᠶᠢᠨ ᠪᠣᠯᠪᠠᠰᠤᠨ ᠰᠤᠷᠲᠠᠯ ᠢ ᠤᠬᠠᠭᠤᠯᠤᠨ᠂ ︽ᠬᠠᠭᠤᠴᠢᠨ ᠵᠠᠩᠰᠢᠯ ᠢᠶᠠᠨ ᠦᠭᠡᠷᠡᠴᠢᠯᠡᠨ᠂ | ᠪᠣᠯᠪᠠᠰᠤᠨ ᠲᠠᠬᠢᠯᠭ᠎ᠠ ᠬᠢᠵᠦ᠂ ᠪᠣᠬᠢᠷᠲᠤᠯ ᠥᠬᠡᠶ ᠬᠠᠩᠰᠢ᠂ ᠪᠣᠯᠪᠠᠰᠤᠨ ᠬᠠᠩᠰᠢ︾ ᠶᠢᠨ ᠡᠳᠦᠷ ᠤᠨ ᠰᠠᠶᠢᠨ ᠰᠠᠶᠢᠬᠠᠨ | ᠠᠭᠤᠷ ᠠᠮᠢᠰᠬᠤᠯ ᠢ ᠪᠣᠶ ᠪᠣᠯᠭᠠᠵᠤ᠂ ᠡᠷᠡᠭᠦᠯ᠂ ᠪᠣᠯᠪᠠᠰᠤᠨ᠂ ᠪᠣᠬᠢᠷᠲᠤᠯ ᠥᠬᠡᠶ᠂ ᠠᠮᠤᠷ ᠲᠦᠪᠰᠢᠨ ᠬᠠᠩᠰᠢ ᠤᠨ | ᠡᠳᠦᠷ ᠢ ᠥᠩᠭᠡᠷᠡᠭᠦᠯᠬᠦ ᠶᠢᠨ ᠲᠥᠯᠥᠭᠡ᠂ ᠪᠢᠳᠡ ᠪᠥᠬᠦ ᠬᠤᠰᠢᠭᠤᠨ ᠤ ᠥᠷᠭᠡᠨ ᠣᠯᠠᠨ ᠺᠠᠳ᠋ᠷ ᠤᠯᠠᠨ ᠲᠦᠮᠡᠨ ᠳᠤ | ᠣᠨᠴᠠᠭᠠᠶᠢᠯᠠᠨ ᠳᠣᠤᠷᠠᠬᠢ ᠮᠡᠲᠦ ᠰᠠᠨᠠᠭᠤᠯᠤᠮᠵᠢ ᠦᠭᠭᠦᠶ᠎ᠡ᠄ | ᠨᠢᠭᠡ᠂ ᠪᠣᠯᠪᠠᠰᠤᠨ ᠣᠷᠣᠰᠢᠭᠤᠯᠭ᠎ᠠ ᠶᠢ ᠴᠢᠩᠭᠠᠳᠬᠠᠨ᠂ ᠭᠠᠵᠠᠷ ᠠᠷᠪᠢᠯᠠᠨ ᠣᠷᠣᠰᠢᠭᠤᠯᠭ᠎ᠠ ᠬᠢᠬᠦ ᠶᠢ | ᠰᠠᠨᠠᠭᠠᠴᠢᠯᠠᠶ᠎ᠠ | ᠬᠠᠩᠰᠢ ᠶᠢᠨ ᠦᠶ᠎ᠡ ᠳᠤ ᠡᠪᠦᠭᠡ ᠳᠡᠭᠡᠳᠦᠰ ᠤᠨ ᠢᠶᠠᠨ ᠣᠩᠭᠤᠨ ᠢ ᠰᠢᠨᠡᠳᠬᠡᠨ ᠪᠠᠬᠢᠵᠢᠭᠦᠯᠵᠦ᠂ | ᠬᠠᠲᠠᠷᠠᠭᠤᠯᠵᠤ ᠴᠢᠯᠠᠭᠤᠵᠢᠭᠤᠯᠬᠤ᠂ ᠬᠡᠭᠡᠨᠴᠢᠷ ᠲᠤᠮᠤ ᠬᠥᠰᠢᠶ᠎ᠡ ᠪᠤᠰᠬᠠᠬᠤ ᠶᠢ ᠴᠢᠩᠭ᠎ᠠ ᠴᠠᠭᠠᠵᠠᠯᠠᠨ᠎ᠠ᠃ ᠬᠠᠤᠯᠢ | ᠲᠣᠭᠲᠠᠭᠠᠯ ᠢ ᠵᠥᠷᠢᠴᠡᠨ ᠪᠣᠰᠬᠠᠭᠰᠠᠨ ᠣᠩᠭᠤᠨ ᠢ ᠲᠦᠷᠦᠯ ᠰᠠᠳᠤᠨ ᠨᠢ ᠬᠠᠩᠰᠢ ᠶᠢᠨ ᠡᠳᠦᠷ ᠢ ᠠᠰᠢᠭᠯᠠᠨ᠂ | ᠱᠠᠭᠠᠷᠳᠠᠯᠭ᠎ᠠ ᠶᠣᠰᠣᠭᠠᠷ ᠣᠩᠭᠤᠨ ᠢ ᠲᠣᠭᠤᠷᠢᠵᠤ ᠪᠠᠷᠢᠭᠰᠠᠨ ᠬᠦᠷᠢᠶ᠎ᠡ ᠬᠠᠰᠢᠶ᠎ᠠ᠂ ᠲᠡᠮᠦᠷ ᠲᠤᠤᠷ᠂ ᠬᠡᠷᠡᠮ ᠵᠡᠷᠭᠡ ᠶᠢ | ᠨᠤᠷᠠᠭᠠᠬᠤ ᠪᠤᠶᠤ ᠨᠡᠬᠦᠯᠬᠡᠵᠦ᠂ ᠣᠩᠭᠤᠨ ᠢ ᠭᠦᠨ ᠪᠤᠯᠠᠵᠤ ᠪᠤᠯᠠᠰᠢᠨ ᠤ ᠤᠪᠤᠭ᠎ᠠ ᠦᠯᠡᠳᠡᠭᠡᠬᠦ ᠦᠬᠡᠢ᠂ ᠭᠠᠵᠠᠷ ᠤᠨ | ᠭᠠᠳᠠᠷᠭᠤ ᠲᠠᠢ ᠲᠡᠭᠰᠢᠬᠡᠨ ᠪᠤᠯᠭᠠᠵᠤ᠂ ᠪᠣᠰᠤᠭ᠎ᠠ ᠬᠥᠰᠢᠶ᠎ᠡ ᠶᠢ ᠬᠡᠪᠲᠡᠭᠡ ᠬᠥᠰᠢᠶ᠎ᠡ ᠪᠣᠯᠭᠠᠨ᠎ᠠ᠃ ᠴᠢᠨᠳᠠᠷ ᠢ | ᠬᠠᠶᠢᠯᠠᠭᠤᠯᠬᠤ᠂ ᠴᠢᠨᠳᠠᠷ ᠤᠨ ᠲᠠᠩᠬᠢᠮ ᠳᠤ ᠬᠠᠳᠠᠭᠠᠯᠠᠬᠤ᠂ ᠮᠣᠳᠣᠨ ᠳᠤ ᠣᠷᠣᠰᠢᠭᠤᠯᠬᠤ᠂ ᠬᠤᠸᠠᠷ ᠲᠤ | ᠣᠷᠣᠰᠢᠭᠤᠯᠬᠤ᠂ ᠵᠦᠯᠭᠡᠨ ᠳᠤ ᠣᠷᠣᠰᠢᠭᠤᠯᠬᠤ ᠵᠡᠷᠭᠡ ᠪᠤᠯᠪᠠᠰᠤᠨ ᠠᠮᠢ ᠠᠬᠤᠢ ᠶᠢᠨ ᠣᠷᠣᠰᠢᠭᠤᠯᠭ᠎ᠠ ᠶᠢᠨ ᠠᠷᠭ᠎ᠠ | ᠮᠠᠶ᠋ᠢᠭ ᠢ ᠰᠠᠨᠠᠭᠠᠴᠢᠯᠠᠵᠤ᠂ ᠬᠠᠣᠯᠢ ᠲᠣᠭᠲᠠᠭᠠᠯ ᠠᠴᠠ ᠵᠥᠷᠢᠴᠡᠨ ᠰᠢᠷᠣᠢ ᠣᠷᠣᠰᠢᠭᠤᠯᠭ᠎ᠠ ᠬᠢᠬᠦ᠂ ᠴᠢᠨᠳᠠᠷ ᠢ | ᠬᠠᠶᠢᠯᠠᠭᠤᠯᠤᠭᠰᠠᠨ ᠤ ᠳᠠᠷᠠᠭ᠎ᠠ ᠳᠠᠬᠢᠨ ᠠᠪᠰᠠᠯᠠᠨ ᠣᠷᠣᠰᠢᠭᠤᠯᠬᠤ ᠵᠡᠷᠭᠡ ᠠᠵᠢᠯᠯᠠᠭ᠎ᠠ ᠶᠢ ᠡᠷᠡᠰ ᠬᠤᠷᠢᠭᠯᠠᠨ᠎ᠠ᠃ | ᠬᠤᠶᠠᠷ᠂ ᠭᠠᠯ ᠢ ᠰᠡᠷᠭᠡᠶᠢᠯᠡᠬᠦ ᠦᠵᠡᠯ ᠤᠬᠠᠮᠰᠠᠷ ᠢᠶᠠᠨ ᠴᠢᠩᠭᠠᠳᠬᠠᠨ᠂ ᠠᠮᠤᠷ ᠲᠦᠪᠰᠢᠨ ᠲᠠᠬᠢᠯᠭ᠎ᠠ | ᠬᠢᠬᠦ ᠶᠢ ᠱᠠᠭᠠᠷᠳᠠᠶ᠎ᠠ | ᠬᠠᠪᠤᠷ ᠤᠨ ᠤᠯᠠᠷᠢᠯ ᠳᠤ ᠠᠭᠤᠷ ᠠᠮᠢᠰᠬᠤᠯ ᠬᠠᠭᠤᠷᠠᠶ᠂ ᠣᠶ ᠰᠢᠭᠤᠶ ᠲᠠᠯ᠎ᠠ ᠨᠤᠲᠤᠭ ᠤᠨ ᠭᠠᠯ ᠢ | ᠰᠡᠷᠭᠡᠶᠢᠯᠡᠬᠦ ᠠᠵᠢᠯ ᠬᠠᠮᠤᠭ ᠤᠨ ᠵᠠᠩᠭᠢᠯᠠᠭ᠎ᠠ ᠶᠢᠨ ᠴᠠᠭ ᠦᠶ᠎ᠡ ᠳᠡᠭᠡᠨ ᠪᠣᠢ᠂ ᠭᠠᠯ ᠢ ᠰᠡᠷᠭᠡᠶᠢᠯᠡᠬᠦ ᠬᠠᠷᠢᠭᠤᠴᠠᠯᠭ᠎ᠠ | ᠬᠦᠨᠳᠦ ᠪᠠᠶᠢᠵᠤ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠨᠢ ᠪᠥᠬᠦ ᠨᠡᠶᠢᠭᠡᠮ ᠤᠨ | ᠬᠠᠮᠲᠤ ᠶᠢᠨ ᠬᠠᠷᠢᠭᠤᠴᠠᠯᠭ᠎ᠠ ᠮᠥᠨ᠃ ᠬᠠᠩᠰᠢ ᠶᠢᠨ ᠡᠳᠦᠷ ᠭᠠᠯ ᠢ ᠰᠡᠷᠭᠡᠶᠢᠯᠡᠬᠦ ᠤᠬᠠᠮᠰᠠᠷ ᠢᠶᠠᠨ ᠴᠢᠩᠭᠠᠳᠬᠠᠵᠤ᠂ | ︽ᠳᠥᠷᠪᠡᠨ ᠥᠬᠡᠶ︾ ᠶᠢ ᠪᠠᠷᠢᠮᠲᠠᠯᠠᠪᠠᠯ ᠵᠣᠬᠢᠨ᠎ᠠ᠄ ᠲᠤᠬᠠᠶᠢᠯᠠᠪᠠᠯ ᠢᠯᠡ ᠭᠠᠯ ᠬᠡᠷᠡᠭᠯᠡᠬᠦ ᠥᠬᠡᠶ᠂ ᠬᠤᠸᠠᠷ ᠫᠤᠤᠵᠢᠩ | ᠲᠠᠯᠪᠢᠬᠤ ᠥᠬᠡᠶ᠂ ᠴᠠᠭᠠᠰᠤᠨ ᠵᠣᠭᠤᠰ ᠰᠢᠲᠠᠭᠠᠬᠤ ᠥᠬᠡᠶ᠂ ᠡᠪᠡᠰᠦ ᠮᠣᠳᠣ ᠶᠢ ᠡᠪᠳᠡᠬᠦ ᠥᠬᠡᠶ ᠪᠠᠶᠢᠵᠤ᠂ ᠡᠯ᠎ᠠ | ᠵᠦᠢᠯ ᠤᠨ ᠭᠠᠯ ᠤᠨ ᠠᠶᠤᠯ ᠭᠠᠷᠴᠤ ᠮᠡᠳᠡᠬᠦ ᠳᠠᠯᠳᠠ ᠬᠡᠮ ᠠᠷᠬᠠᠭ ᠢ ᠡᠷᠡᠰ ᠠᠷᠢᠯᠭᠠᠨ ᠲᠡᠪᠴᠢᠵᠦ᠂ ᠣᠷᠴᠢᠨ | ᠲᠣᠭᠤᠷᠢᠨ ᠢ ᠬᠠᠮᠠᠭᠠᠯᠠᠨ᠂ ᠪᠣᠬᠢᠷᠲᠤᠯ ᠥᠬᠡᠶ ᠲᠠᠬᠢᠯᠭ᠎ᠠ ᠬᠢᠬᠦ ᠣᠶᠢᠯᠠᠭᠠᠭᠳᠠᠬᠤᠨ ᠢ ᠪᠠᠲᠤ ᠪᠣᠢ ᠪᠣᠯᠭᠠᠬᠤ ᠬᠡᠷᠡᠭᠲᠡᠶ᠃ | ᠭᠤᠷᠪᠠ᠂ ᠡᠷᠡᠬᠦᠯ ᠲᠡᠩᠬᠡᠯᠡᠭᠦᠨ ᠪᠠᠶᠢᠬᠤ ᠳᠤ ᠨᠢ ᠬᠦᠨᠳᠦᠳᠭᠡᠨ ᠠᠴᠢᠯᠠᠵᠤ᠂ ᠨᠠᠰᠤ ᠪᠠᠷᠠᠭᠰᠠᠨ ᠤ ᠳᠠᠷᠠᠭ᠎ᠠ | ᠳᠦᠭᠦᠮ ᠢᠶᠠᠷ ᠣᠷᠤᠰᠢᠭᠤᠯᠬᠤ ᠶᠢ ᠰᠠᠨᠠᠭᠠᠴᠢᠯᠠᠨ᠂ ᠤᠯᠠᠮᠵᠢᠯᠠᠯᠲᠤ ᠰᠢᠯᠢᠳᠡᠭ ᠰᠤᠷᠲᠠᠯ ᠢᠶᠠᠨ ᠪᠠᠳᠠᠷᠠᠭᠤᠯᠤᠶ᠎ᠠ | ︽ᠨᠠᠰᠤᠲᠠᠨ ᠢᠶᠠᠨ ᠬᠦᠨᠳᠦᠳᠭᠡᠨ ᠳᠡᠬᠡᠳᠦᠯᠡᠵᠦ᠂ ᠨᠠᠰᠤᠲᠠᠨ ᠢᠶᠠᠨ ᠠᠰᠠᠷᠠᠨ ᠠᠴᠢᠯᠠᠬᠤ︾ ᠤᠯᠠᠮᠵᠢᠯᠠᠯᠲᠤ | ᠰᠢᠯᠢᠳᠡᠭ ᠰᠤᠷᠲᠠᠯ ᠢ ᠶᠡᠬᠡᠪᠡᠷ ᠪᠠᠳᠠᠷᠠᠭᠤᠯᠤᠨ᠂ ᠡᠷᠡᠬᠦᠯ ᠲᠡᠩᠬᠡᠯᠡᠭᠦᠨ ᠪᠠᠶᠢᠬᠤ ᠳᠤ ᠨᠢ ᠬᠦᠨᠳᠦᠳᠭᠡᠨ ᠠᠴᠢᠯᠠᠵᠤ᠂ | ᠨᠠᠰᠤ ᠪᠠᠷᠠᠭᠰᠠᠨ ᠤ ᠳᠠᠷᠠᠭ᠎ᠠ ᠳᠦᠭᠦᠮ ᠢᠶᠠᠷ ᠣᠷᠤᠰᠢᠭᠤᠯᠬᠤ ᠦᠵᠡᠯᠲᠡ ᠶᠢ ᠪᠤᠢ ᠪᠣᠯᠭᠠᠵᠤ᠂ ᠨᠠᠰᠤ | ᠨᠦᠭᠴᠢᠭᠰᠡᠳ ᠢᠶᠠᠨ ᠠᠮᠢᠳᠤ ᠰᠡᠷᠡᠭᠦᠨ ᠪᠠᠶᠢᠬᠤ ᠦᠶ᠎ᠡ ᠳᠤ ᠨᠢ ᠠᠰᠠᠷᠠᠯ ᠬᠦᠨᠳᠦᠳᠬᠡᠯ ᠲᠠᠢ ᠪᠠᠶᠢᠯᠭᠠᠵᠤ᠂ ᠨᠠᠰᠤ | ᠨᠦᠭᠴᠢᠭᠰᠡᠨ ᠤ ᠳᠠᠷᠠᠭ᠎ᠠ᠂ ᠬᠤᠶᠢᠳᠤᠬᠢ ᠶᠠᠪᠤᠳᠠᠯ ᠢ ᠨᠢ ᠠᠷᠪᠢᠴᠢ ᠭᠠᠮᠲᠠᠶ ᠪᠠᠷ ᠭᠦᠢᠴᠡᠳᠬᠡᠵᠦ᠂ ᠶᠡᠬᠡᠪᠡᠷ ᠪᠦᠷᠢᠯᠬᠡᠨ | ᠰᠦᠢᠳᠬᠡᠬᠦ ᠦᠬᠡᠢ᠂ ᠭᠠᠵᠠᠷ ᠰᠢᠷᠤᠢ ᠶᠢ ᠡᠪᠳᠡᠬᠦ ᠦᠬᠡᠢ᠂ ᠪᠣᠯᠪᠠᠰᠤᠨ ᠲᠠᠬᠢᠯᠭ᠎ᠠ ᠬᠢᠬᠦ ᠶᠢ ᠪᠠᠷᠢᠮᠲᠠᠯᠠᠨ᠂ | ᠨᠥᠭᠴᠢᠭᠰᠡᠳ ᠢᠶᠠᠨ ᠠᠮᠤᠷᠵᠢᠭᠤᠯᠤᠨ ᠳᠠᠶᠢᠪᠤᠰᠢᠷᠠᠭᠤᠯᠤᠶᠠ᠃ | ᠲᠦᠷᠪᠡ᠂ ᠬᠤᠶᠢᠳᠤᠬᠢ ᠶᠠᠪᠤᠳᠠᠯ ᠢ ᠳᠦᠭᠦᠮᠴᠢᠯᠡᠬᠦ ᠠᠵᠢᠯ ᠢ ᠠᠬᠢᠭᠤᠯᠤᠨ᠂ ᠪᠦᠷᠢᠯᠭᠡᠨ ᠰᠦᠢᠳᠬᠡᠬᠦ ᠶᠢ | ᠲᠡᠪᠴᠢᠶ᠎ᠡ | ︽ᠨᠢᠭᠡ ᠢᠮᠠᠬᠤ ᠭᠠᠵᠠᠷ ᠰᠢᠷᠤᠢ ᠪᠠᠶᠢᠭᠰᠠᠨ ᠴᠦ ᠦᠷ᠎ᠡ ᠬᠤᠶᠢᠴᠢᠰ ᠲᠤ ᠪᠠᠨ ᠥᠪ ᠬᠦᠷᠦᠭᠭᠡ ᠪᠣᠯᠭᠠᠨ | ᠦᠯᠡᠳᠡᠭᠡᠬᠦ ᠶᠢ ᠵᠢᠷᠦᠮᠯᠡᠨ᠎ᠡ︾᠃ ᠬᠠᠭᠤᠴᠢᠨ ᠤ ᠪᠦᠳᠦᠭᠦᠯᠢᠭ ᠵᠠᠩ ᠳᠠᠳᠬᠠᠯ ᠢ ᠲᠠᠶᠠᠭᠳᠠᠨ᠂ ᠹᠸᠤᠳᠠᠯ ᠤᠨ ᠮᠤᠬᠤᠷ | ᠪᠢᠰᠢᠷᠡᠯ ᠢ ᠠᠷᠢᠯᠭᠠᠵᠤ᠂ ᠠᠷᠪᠢᠴᠢ ᠭᠠᠮᠲᠠᠶ ᠪᠠᠷ ᠠᠴᠢᠯᠠᠯ ᠭᠦᠢᠴᠡᠳᠭᠡᠵᠦ᠂ ᠯᠠᠷᠵᠢᠶ᠎ᠠ ᠶᠠᠩᠪᠠ ᠲᠠᠲᠠᠬᠤ ᠦᠭᠡᠢ᠂ | ᠪᠣᠰᠤᠳ ᠲᠠᠢ ᠠᠳᠠᠯᠢᠳᠬᠠᠬᠤ ᠦᠭᠡᠢ᠂ ᠪᠣᠯᠪᠠᠰᠤᠨ᠂ ᠡᠷᠡᠭᠦᠯ᠂ ᠰᠢᠨᠵᠢᠯᠡᠬᠦ ᠤᠬᠠᠭᠠᠨᠴᠢ ᠠᠷᠭ᠎ᠠ ᠮᠠᠶ᠋ᠢᠭ ᠢᠶᠠᠷ | ᠨᠥᠭᠴᠢᠭᠰᠡᠳ ᠢᠶᠠᠨ ᠳᠤᠷᠠᠰᠤᠶ᠎ᠠ᠃ ᠪᠥᠬᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠲᠡᠷᠢᠭᠦᠯᠡᠨ ᠬᠡᠪ | ᠳᠠᠭᠤᠷᠢᠶᠠᠯ ᠪᠣᠯᠵᠤ᠂ ᠰᠢᠷᠣᠶ ᠣᠷᠣᠰᠢᠭᠤᠯᠭ᠎ᠠ ᠶᠢ ᠦᠭᠡᠷᠡᠴᠢᠯᠡᠨ᠂ ᠮᠣᠳᠤ ᠪᠣᠶᠣ ᠬᠤᠸᠠᠷ ᠴᠡᠴᠡᠭ ᠲᠤ ᠣᠷᠣᠰᠢᠭᠤᠯᠬᠤ | ᠵᠡᠷᠭᠡ ᠠᠮᠢ ᠠᠬᠤᠶᠢᠴᠢ ᠣᠷᠣᠰᠢᠭᠤᠯᠭ᠎ᠠ ᠶᠢᠨ ᠠᠷᠭ᠎ᠠ ᠶᠢ ᠰᠣᠩᠭᠤᠨ᠂ ᠳᠤᠷ᠎ᠠ ᠪᠠᠷ ᠢᠶᠠᠨ ᠪᠣᠯᠠᠰᠢᠯᠠᠵᠤ | ᠣᠷᠣᠰᠢᠭᠤᠯᠬᠤ ᠶᠢ ᠲᠡᠪᠴᠢᠵᠤ᠂ ᠶᠡᠭᠡ ᠣᠩᠭᠤᠨ᠂ ᠬᠡᠭᠡᠨᠴᠢᠷ ᠣᠩᠭᠤᠨ ᠵᠠᠰᠠᠬᠤ ᠥᠬᠡᠶ ᠪᠠᠶᠢᠵᠤ᠂ ᠬᠦᠷᠦᠰᠦ | ᠰᠢᠷᠣᠶ ᠶᠢᠨ ᠡᠬᠢ ᠪᠠᠶᠠᠯᠢᠭ ᠢ ᠠᠷᠪᠢᠯᠠᠵᠤ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠶ᠎ᠠ᠃ | ᠲᠠᠪᠤ᠂ ᠬᠡᠪ ᠵᠠᠩᠰᠢᠯ ᠢᠶᠠᠨ ᠥᠭᠡᠷᠡᠴᠢᠯᠡᠬᠦ ᠶᠢ ᠰᠠᠨᠠᠭᠠᠴᠢᠯᠠᠨ᠂ ᠪᠣᠯᠪᠠᠰᠤᠨ ᠳᠠᠬᠢᠯᠭ᠎ᠠ ᠶᠢ ᠠᠬᠢᠭᠤᠯᠤᠶ᠎ᠠ | ᠪᠣᠯᠪᠠᠰᠤᠨ᠂ ᠪᠣᠬᠢᠷᠲᠤᠯ ᠦᠭᠡᠢ ᠳᠠᠬᠢᠯᠭ᠎ᠠ ᠬᠢᠵᠦ᠂ ᠰᠣᠷᠭᠤᠭ ᠴᠡᠴᠡᠭ ᠬᠦᠷᠭᠡᠬᠦ᠂ ᠮᠣᠳᠣ ᠲᠠᠷᠢᠵᠤ | ᠨᠣᠭᠤᠭᠠᠷᠠᠭᠤᠯᠬᠤ᠂ ᠠᠯᠤᠰ ᠬᠤᠯᠠ ᠠᠴᠠ ᠲᠠᠬᠢᠯᠭ᠎ᠠ ᠭᠦᠢᠴᠡᠳᠭᠡᠬᠦ᠂ ᠰᠦᠯᠵᠢᠶᠡᠨ ᠳᠡᠭᠡᠷ᠎ᠡ ᠳᠠᠬᠢᠯᠭ᠎ᠠ ᠬᠢᠬᠦ ᠵᠡᠷᠭᠡ | ᠬᠡᠯᠪᠡᠷᠢ ᠪᠠᠷ ᠨᠥᠭᠴᠢᠭᠰᠡᠳ ᠢᠶᠠᠨ ᠳᠤᠷᠠᠰᠤᠨ ᠰᠠᠨᠠᠭᠠᠯᠵᠠᠵᠤ ᠪᠣᠯᠣᠨ᠎ᠠ᠃ ᠣᠯᠠᠨ ᠨᠡᠶᠢᠲᠡ ᠶᠢᠨ ᠡᠮᠬᠢ ᠳᠢᠭᠯᠢᠮ ᠪᠣᠯᠤᠨ | ᠭᠠᠯ ᠢ ᠰᠡᠷᠭᠡᠶᠢᠯᠡᠬᠦ ᠳᠦᠷᠢᠮ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠠᠭᠤᠯᠠ ᠲᠠᠯ᠎ᠠ᠂ ᠣᠶᠢᠲᠤ | ᠭᠠᠵᠠᠷ᠂ ᠣᠩᠭᠤᠨ ᠤ ᠭᠠᠵᠠᠷ ᠲᠤ ᠴᠠᠭᠠᠰᠤ ᠰᠢᠲᠠᠭᠠᠵᠤ ᠬᠦᠵᠢ ᠠᠰᠠᠭᠠᠬᠤ ᠥᠬᠡᠶ᠂ ᠵᠠᠮ ᠬᠠᠷᠢᠯᠴᠠᠭᠠᠨ ᠤ ᠭᠤᠣᠯ | ᠵᠠᠮ ᠤᠨ ᠬᠤᠶᠠᠷ ᠬᠠᠵᠠᠭᠤ᠂ ᠦᠵᠡᠮᠵᠢ ᠶᠢᠨ ᠣᠷᠣᠨ ᠵᠢᠴᠢ ᠤᠰᠤᠨ ᠤ ᠡᠬᠢ ᠰᠤᠷᠪᠤᠯᠵᠢ ᠵᠡᠷᠭᠡ ᠭᠠᠵᠠᠷ ᠲᠤ | ᠣᠩᠭᠤᠨ ᠪᠤᠰᠬᠠᠬᠤ ᠥᠬᠡᠶ᠂ ᠴᠠᠭᠠᠰᠤᠨ ᠵᠣᠭᠤᠰ ᠰᠢᠲᠠᠭᠠᠬᠤ ᠥᠬᠡᠶ ᠪᠠᠶᠢᠬᠤ ᠬᠡᠷᠡᠭᠲᠡᠶ᠃ | ᠪᠣᠯᠪᠠᠰᠤᠨ ᠲᠠᠬᠢᠯᠭ᠎ᠠ ᠶᠢᠨ ᠠᠵᠢᠯᠯᠠᠭ᠎ᠠ ᠳᠤ ᠲᠠ ᠪᠢᠳᠡ ᠬᠠᠮᠲᠤ ᠪᠠᠷ ᠣᠷᠤᠯᠴᠠᠵᠤ᠂ ᠢᠳᠡᠪᠬᠢᠲᠡᠶ | ᠬᠦᠳᠡᠯᠦᠯᠴᠡᠨ᠂ ᠪᠣᠯᠪᠠᠰᠤᠨ ᠲᠠᠬᠢᠯᠭ᠎ᠠ ᠶᠢᠨ ᠰᠠᠨᠠᠭᠠᠴᠢᠯᠠᠭᠴᠢ᠂ ᠪᠤᠯᠬᠢ ᠳᠠᠳᠬᠠᠯ ᠢ ᠲᠠᠪᠴᠢᠬᠦ ᠳᠠᠭᠠᠭᠤᠯᠤᠭᠴᠢ᠂ | ᠬᠠᠭᠤᠴᠢᠨ ᠵᠠᠩ ᠳᠠᠳᠬᠠᠯ ᠢ ᠥᠭᠡᠷᠡᠴᠢᠯᠡᠬᠦ ᠠᠬᠢᠭᠤᠯᠤᠭᠴᠢ ᠪᠣᠯᠬᠤ ᠪᠠᠷ ᠴᠢᠷᠮᠠᠶᠢᠵᠤ᠂ ᠳᠤᠷᠠᠰᠤᠯ ᠮᠥᠷᠥᠭᠡᠳᠦᠯ ᠢᠶᠠᠨ | ᠡᠷᠡᠮᠡᠬᠡᠶᠢᠯᠡᠨ ᠤᠷᠤᠭᠰᠢᠯᠠᠬᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ | ᠪᠠᠷᠭᠤ ᠪᠠᠷᠠᠭᠤᠨ ᠬᠤᠰᠢᠭᠤᠨ ᠤ ᠪᠦᠲᠦᠭᠡᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠨᠡᠮᠡᠷᠢᠯᠡᠵᠦ᠂ ᠪᠣᠯᠪᠠᠰᠤᠨ᠂ | ᠪᠣᠬᠢᠷᠲᠤᠯ ᠥᠬᠡᠶ᠂ ᠠᠷᠪᠢᠴᠢ ᠭᠠᠮᠲᠠᠶ᠂ ᠠᠮᠤᠷ ᠲᠦᠪᠰᠢᠨ᠂ ᠠᠮᠢ ᠠᠬᠤᠶᠢᠴᠢ ᠬᠠᠩᠰᠢ ᠶᠢᠨ ᠡᠳᠦᠷ ᠢ ᠬᠠᠮᠲᠤ ᠪᠠᠷ | ᠥᠩᠭᠡᠷᠡᠭᠦᠯᠦᠶ᠎ᠡ᠃ | | | ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ | 2023 ᠣᠨ ᠤ 3 ᠰᠠᠷ᠎ᠠ ᠶᠢᠨ 23 ᠤ ᠡᠳᠦᠷ | | |