ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2023/3/28
       ᠴᠠᠭᠠᠨ ᠢᠳᠡᠭᠡ ᠨᠢ ᠲᠠᠯ᠎ᠠ ᠨᠤᠲᠤᠭ ᠲᠤ ᠦᠶ᠎ᠡ ᠶᠢᠨ ᠦᠶ᠎ᠡ ᠳᠤ ᠤᠯᠠᠮᠵᠢᠯᠠᠭᠳᠠᠵᠤ᠂ ᠣᠶᠢᠷ᠎ᠠ ᠶᠢᠨ ᠬᠡᠳᠦᠨ ᠵᠢᠯ ᠳᠤ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠵᠢᠴᠢ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢᠨ ᠨᠡᠮᠡᠭᠳᠡᠬᠦ ᠶᠢ ᠳᠠᠭᠠᠯᠳᠤᠨ᠂ ᠦᠨᠳᠦᠰᠦᠲᠡᠨ ᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ ᠪᠠᠶᠢᠵᠤ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠨᠢ ᠬᠡᠷᠡᠭᠴᠡᠭᠡ ᠳᠡᠭᠡᠨ ᠬᠦᠷᠬᠦ ᠦᠭᠡᠢ ᠪᠣᠯᠵᠤ᠂ ᠬᠡᠷᠡᠭᠯᠡᠭᠡᠨ ᠤ ᠪᠦᠯᠬᠦᠮ ᠨᠡᠶᠢᠲᠡ ᠲᠠᠰᠤᠷᠠᠯᠲᠠ ᠦᠭᠡᠢ ᠥᠷᠭᠡᠵᠢᠬᠦ ᠬᠠᠨᠳᠤᠰᠢ ᠲᠠᠢ ᠪᠣᠯᠵᠤ᠂ ᠴᠠᠭᠠᠨ ᠢᠳᠡᠭᠡ ᠪᠣᠯᠪᠠᠰᠤᠷᠠᠭᠤᠯᠬᠤ ᠦᠢᠯᠡᠳᠬᠡᠯ ᠤᠨ ᠭᠠᠵᠠᠷ ᠶᠠᠪᠤᠬᠤ ᠲᠤᠲᠤᠮ ᠣᠯᠠᠰᠢᠷᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠲᠠᠯ᠎ᠠ ᠪᠠᠷ ᠴᠢᠬᠤᠯᠠ ᠬᠥᠲᠥᠯᠥᠨ ᠳᠠᠭᠠᠭᠤᠯᠬᠤ ᠦᠢᠯᠡᠳᠦᠯ ᠦᠵᠡᠭᠦᠯᠵᠦ ᠪᠠᠶᠢᠨ᠎ᠠ᠃
       ᠣᠶᠢᠷ᠎ᠠ ᠳᠤ᠂ ᠰᠤᠷᠪᠤᠯᠵᠢᠯᠠᠭᠴᠢ ᠪᠤᠶᠢᠷ ᠰᠤᠮᠤ ᠶᠢᠨ ᠮᠥᠩᠬᠡᠰᠦᠯᠳᠡ ᠴᠠᠭᠠᠨ ᠢᠳᠡᠭᠡᠨ ᠤ ᠰᠠᠭᠤᠷᠢᠨ ᠭᠠᠵᠠᠷ ᠲᠤ ᠬᠦᠷᠬᠦ ᠳᠤ᠂ ᠴᠡᠪᠡᠷ ᠲᠣᠬᠢᠯᠢᠭ ᠦᠢᠯᠡᠳᠪᠦᠷᠢᠯᠡᠯ ᠤᠨ ᠲᠠᠰᠤᠭ ᠲᠤ ᠡᠯ᠎ᠡ ᠵᠦᠢᠯ ᠤᠨ ᠴᠠᠭᠠᠨ ᠢᠳᠡᠭᠡᠨ ᠤ ᠰᠠᠪᠠ ᠲᠠᠯᠪᠢᠵᠤ᠂ ᠮᠠᠰᠢᠨ ᠲᠥᠬᠦᠭᠡᠷᠦᠮᠵᠢ ᠶᠢ ᠲᠠᠰᠤᠷᠠᠯᠲᠠ ᠦᠭᠡᠢ ᠠᠵᠢᠯᠯᠠᠭᠤᠯᠤᠨ᠂ ᠮᠡᠨᠡᠩᠲᠡᠯ᠎ᠡ ᠭᠠᠴᠠᠭᠠᠨ ᠤ ᠮᠠᠯᠴᠢᠨ ᠰᠠᠷᠠᠭᠤᠯᠰᠠᠶᠢᠬᠠᠨ ᠦᠷᠦᠮ᠎ᠡ ᠲᠠᠯᠪᠢᠵᠤ ᠪᠠᠶᠢᠪᠠ᠂ ᠲᠡᠷᠡ ᠰᠤᠷᠪᠤᠯᠵᠢᠯᠠᠭᠴᠢ ᠳᠤ ᠬᠡᠯᠡᠬᠦ ᠳᠡᠭᠡᠨ᠂ ᠡᠲᠡᠭᠡᠷ ᠴᠠᠭᠠᠨ ᠢᠳᠡᠭᠡ ᠶᠢ ᠨᠢᠭᠡᠨᠲᠡ ᠵᠠᠬᠢᠶᠠᠯᠠᠭᠠᠳ᠂ ᠤᠳᠠᠯ ᠦᠭᠡᠢ ᠠᠪᠠᠴᠢᠬᠤ ᠪᠠᠷ ᠪᠠᠶᠢᠨ᠎ᠠ ᠭᠡᠵᠡᠢ᠃        ᠰᠢᠨ᠎ᠡ ᠪᠠᠷᠭᠤ ᠪᠠᠷᠠᠭᠤᠨ ᠬᠤᠰᠢᠭᠤᠨ ᠤ ᠪᠤᠶᠢᠷ ᠰᠤᠮᠤ ᠶᠢᠨ ᠮᠦᠩᠬᠡᠰᠦᠯᠳᠡ ᠴᠠᠭᠠᠨ ᠢᠳᠡᠭᠡᠨ ᠤ ᠰᠠᠭᠤᠷᠢᠨ ᠭᠠᠵᠠᠷ ᠤᠨ ᠬᠠᠷᠢᠭᠤᠴᠠᠯᠭᠠᠲᠠᠨ ᠰᠠᠷᠠᠭᠤᠯᠰᠠᠶᠢᠬᠠᠨ᠄ ︽ᠤᠳᠤ ᠴᠠᠭᠠᠨ ᠢᠳᠡᠭᠡ ᠪᠠᠨ ᠡᠳᠦᠷ ᠪᠦᠷᠢ ᠬᠤᠰᠢᠭᠤᠨ ᠳᠤ ᠪᠣᠷᠤᠯᠠᠭᠤᠯᠵᠤ ᠪᠠᠶᠢᠨ᠎ᠠ᠂ ᠵᠠᠷᠢᠮ ᠦᠶ᠎ᠡ ᠳᠤ ᠬᠠᠶᠢᠯᠠᠷ ᠪᠤᠶᠤ ᠭᠤᠸᠠᠩᠵᠧᠦ ᠵᠡᠷᠭᠡ ᠭᠠᠵᠠᠷ ᠤᠨ ᠵᠣᠴᠢᠳ ᠴᠤ ᠴᠠᠭᠠᠨ ᠢᠳᠡᠭᠡ ᠬᠤᠳᠠᠯᠳᠤᠨ ᠠᠪᠬᠤ ᠪᠠᠷ ᠬᠠᠷᠢᠯᠴᠠᠳᠠᠭ᠂ ᠪᠢ ᠲᠦᠷᠭᠡᠨ ᠳᠠᠮᠵᠢᠭᠤᠯᠭ᠎ᠠ ᠪᠠᠷ ᠲᠡᠳᠡᠨ ᠳᠤ ᠶᠠᠪᠤᠭᠤᠯᠳᠠᠭ᠂ ᠤᠳᠤ ᠦᠨᠳᠦᠰᠦᠨ ᠳᠡᠭᠡᠨ ᠪᠣᠷᠤᠯᠠᠭᠤᠯᠭ᠎ᠠ ᠶᠢᠨ ᠵᠠᠮ ᠢ ᠨᠡᠭᠡᠭᠡᠵᠦ᠂ ᠣᠷᠣᠯᠭ᠎ᠠ ᠶᠡᠭᠡ ᠰᠠᠶᠢᠨ ᠪᠠᠶᠢᠨ᠎ᠠ︾ ᠭᠡᠵᠦ ᠬᠡᠯᠡᠪᠡ᠃
       ᠥᠩᠭᠡᠷᠡᠭᠰᠡᠨ ᠳᠤ ᠰᠠᠷᠠᠭᠤᠯᠰᠠᠶᠢᠬᠠᠨ ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠬᠡᠯᠪᠡᠷᠢ ᠪᠠᠷ ᠴᠠᠭᠠᠨ ᠢᠳᠡᠭᠡ ᠪᠠ ᠠᠶᠢᠷᠠᠭ ᠡᠵᠡᠩᠨᠡᠵᠦ ᠪᠠᠶᠢᠭᠰᠠᠨ ᠪᠥᠭᠡᠳ ᠮᠠᠶᠢᠮᠠᠢ ᠨᠢ ᠵᠦᠭᠡᠷ ᠪᠣᠯᠪᠠᠴᠤ ᠵᠠᠮ ᠬᠠᠷᠢᠯᠴᠠᠭ᠎ᠠ ᠳᠥᠭᠦᠮ ᠳᠥᠲᠡ ᠪᠢᠰᠢ᠂ ᠪᠣᠷᠤᠯᠠᠭᠤᠯᠭ᠎ᠠ ᠨᠢ ᠰᠠᠭᠠᠳ ᠦᠭᠡᠢ ᠵᠡᠷᠭᠡ ᠣᠯᠠᠨ ᠬᠦᠴᠦᠨ ᠵᠦᠢᠯ ᠨᠢ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢ ᠬᠢᠵᠠᠭᠠᠷᠯᠠᠵᠤ ᠪᠠᠶᠢᠪᠠ᠃ ᠣᠳᠣᠬᠠᠨ ᠳᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠪᠰᠤᠷᠤᠯᠭ᠎ᠠ ᠳᠣᠣᠷ᠎ᠠ᠂ ᠲᠥᠷᠥᠯ ᠵᠦᠢᠯ ᠤᠨ ᠳᠡᠮᠵᠢᠯᠭᠡ ᠪᠠᠷ ᠳᠡᠮᠵᠢᠨ᠂ ᠮᠥᠩᠬᠡᠰᠦᠯᠳᠡ ᠴᠠᠭᠠᠨ ᠢᠳᠡᠭᠡᠨ ᠤ ᠰᠠᠭᠤᠷᠢᠨ ᠭᠠᠵᠠᠷ ᠢ ᠪᠠᠶᠢᠭᠤᠯᠵᠤ᠂ ᠰᠠᠷᠠᠭᠤᠯᠰᠠᠶᠢᠬᠠᠨ ᠦᠢᠯᠡᠳᠪᠦᠷᠢᠯᠡᠯ ᠤᠨ ᠬᠡᠪᠴᠢᠶ᠎ᠡ ᠪᠠᠨ ᠥᠷᠭᠡᠳᠬᠡᠵᠦ᠂ ᠭᠠᠷᠤᠯᠲᠠ ᠪᠠᠨ ᠶᠡᠭᠡ ᠪᠠᠷ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠴᠠᠭᠠᠨ ᠢᠳᠡᠭᠡᠨ ᠤ ᠪᠣᠷᠤᠯᠠᠭᠤᠯᠭ᠎ᠠ ᠶᠢᠨ ᠵᠠᠮ ᠢ ᠨᠡᠭᠡᠭᠡᠵᠦ᠂ ᠦᠨᠳᠦᠰᠦᠲᠡᠨ ᠤ ᠴᠠᠭᠠᠨ ᠢᠳᠡᠭᠡᠨ ᠢ ᠳᠥᠷᠪᠡᠨ ᠵᠦᠭ ᠲᠤ ᠠᠩᠬᠢᠯᠤᠮ᠎ᠠ ᠰᠠᠶᠢᠬᠠᠨ ᠪᠣᠯᠭᠠᠪᠠ᠃        ᠰᠠᠷᠠᠭᠤᠯᠰᠠᠶᠢᠬᠠᠨ᠄ ︽ᠭᠡᠷ ᠪᠦᠯᠢ ᠶᠢᠨ ᠮᠠᠯᠵᠢᠯ ᠤᠨ ᠲᠠᠯᠠᠪᠠᠢ ᠠᠴᠠ ᠤᠳᠤ ᠪᠣᠯᠲᠠᠯ᠎ᠠ ᠳᠦᠷᠢᠮᠵᠢᠭᠦᠯᠦᠨ ᠡᠵᠡᠩᠨᠡᠬᠦ ᠪᠣᠯᠲᠠᠯ᠎ᠠ᠂ ᠪᠢ ᠨᠡᠩ ᠤᠯᠠᠨ ᠬᠥᠮᠥᠰ ᠲᠤ ᠮᠠᠨ ᠤ ᠰᠢᠨ᠎ᠡ ᠪᠠᠷᠭᠤ ᠪᠠᠷᠠᠭᠤᠨ ᠬᠤᠰᠢᠭᠤᠨ ᠤ ᠴᠠᠭᠠᠨ ᠢᠳᠡᠭᠡᠨ ᠢ ᠠᠮᠲᠠᠯᠠᠭᠤᠯᠵᠤ᠂ ᠮᠠᠨ ᠤ ᠴᠠᠭᠠᠨ ᠢᠳᠡᠭᠡ ᠪᠠᠷ ᠳᠠᠮᠵᠢᠭᠤᠯᠤᠨ ᠨᠡᠩ ᠤᠯᠠᠨ ᠬᠥᠮᠥᠰ ᠢ ᠮᠠᠨ ᠤ ᠬᠤᠰᠢᠭᠤᠨ ᠳᠤ ᠢᠷᠡᠵᠦ ᠵᠤᠭᠠᠴᠠᠭᠤᠯᠵᠤ᠂ ᠮᠠᠨ ᠤ ᠰᠣᠶᠣᠯ ᠵᠤᠭᠠᠴᠠᠯ ᠤᠨ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ︾ ᠭᠡᠵᠦ ᠬᠡᠯᠡᠪᠡ᠃
       ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠢᠨᠵᠧᠨᠧᠷᠢᠩ ᠮᠥᠨ᠂ ᠣᠶᠢᠷ᠎ᠠ ᠶᠢᠨ ᠵᠢᠯ ᠳᠤ᠂ ᠮᠠᠨ ᠤ ᠬᠤᠰᠢᠭᠤ ᠠᠵᠢᠯ ᠤᠨ ᠰᠡᠳᠬᠢᠴᠡ ᠪᠠᠨ ᠤᠯᠠᠮ ᠨᠢᠭᠡ ᠠᠯᠬᠤᠮ ᠥᠷᠭᠡᠳᠬᠡᠵᠦ᠂ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢᠨ ᠠᠰᠢᠭᠲᠠᠢ ᠲᠣᠬᠢᠶᠠᠯ ᠢ ᠴᠢᠩᠭ᠎ᠠ ᠠᠳᠬᠤᠵᠤ᠂ ᠲᠥᠷᠥᠯ ᠵᠦᠢᠯ ᠤᠨ ᠡᠬᠢ ᠪᠠᠶᠠᠯᠢᠭ ᠢ ᠵᠣᠬᠢᠰᠲᠠᠢ ᠠᠰᠢᠭᠯᠠᠵᠤ᠂ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠪᠠᠷ ᠵᠢᠯᠣᠭᠤᠳᠤᠯᠭ᠎ᠠ ᠪᠣᠯᠭᠠᠵᠤ᠂ ᠨᠢᠭᠡ ᠪᠦᠯᠦᠭ ᠵᠢᠵᠢᠭ ᠮᠥᠷᠲᠡᠭᠡᠨ ᠨᠠᠷᠢᠯᠢᠭ᠂ ᠵᠢᠵᠢᠭ ᠮᠥᠷᠲᠡᠭᠡᠨ ᠰᠢᠯᠢᠳᠡᠭ᠂ ᠵᠢᠵᠢᠭ ᠮᠥᠷᠲᠡᠭᠡᠨ ᠬᠦᠴᠦᠷᠬᠡᠭ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠭᠠᠷ ᠦᠢᠯᠡᠳᠬᠡᠯ ᠤᠨ ᠦᠢᠯᠡᠳᠬᠡᠯ ᠢ ᠪᠣᠶᠢᠵᠢᠭᠤᠯᠵᠤ᠂ ᠲᠡᠵᠢᠭᠡᠨ ᠦᠷᠡᠵᠢᠭᠦᠯᠬᠦ ᠡᠳ᠋ᠰᠢᠭᠦᠯᠬᠦ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠣᠷᠣᠨ ᠪᠦᠰᠡ ᠶᠢᠨ ᠲᠦᠷᠦᠯ ᠲᠡᠮᠳᠡᠭᠲᠦ ᠶᠢ ᠡᠭᠦᠳᠴᠦ᠂ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠥᠷᠭᠡᠳᠬᠡᠵᠦ᠂ ᠤᠯᠠᠨ ᠲᠦᠮᠡᠨ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠢᠶᠠᠷ ᠶᠠᠪᠤᠬᠤ ᠲᠤᠳᠤᠮ ᠥᠷᠭᠡᠨ ᠳᠠᠷᠳᠠᠩ ᠪᠣᠯᠭᠠᠪᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号