ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ 2023 ᠣᠨ ᠤ ᠰᠢᠨ᠎ᠡ ᠪᠠᠷᠭᠤ ᠪᠠᠷᠠᠭᠤᠨ ᠬᠤᠰᠢᠭᠤᠨ ᠤ ᠲᠠᠪᠤᠳᠤᠭᠠᠷ ᠬᠤᠭᠤᠴᠠᠭᠠᠨ ᠤ ᠲᠧᠭᠨᠢᠭ ᠮᠡᠷᠭᠡᠵᠢᠯ ᠤᠨ ᠨᠠᠶᠢᠷ ᠢ ᠠᠮᠵᠢᠯᠲᠠᠲᠠᠢ ᠡᠷᠬᠢᠯᠡᠪᠡ
ᠨᠡᠶᠢᠲᠡᠯᠡᠭᠰᠡᠨ ᠴᠠᠭ᠄
2023/3/28
       ᠰᠢᠨᠵᠢᠯᠡᠬᠦ ᠤᠬᠠᠭᠠᠨᠴᠢ ᠦᠵᠡᠯ ᠰᠠᠨᠠᠭ᠎ᠠ ᠶᠢ ᠤᠯᠠᠮ ᠴᠢᠨᠠᠭᠰᠢᠳᠠ ᠲᠦᠭᠡᠮᠡᠯᠵᠢᠭᠦᠯᠵᠦ᠂ ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ ᠶᠢ ᠪᠠᠳᠠᠷᠠᠭᠤᠯᠤᠨ᠂ ᠰᠤᠷᠤᠭᠴᠢᠳ ᠤᠨ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠ ᠦᠢᠯᠡᠳᠦᠯᠭᠡ ᠶᠢᠨ ᠴᠢᠳᠠᠪᠤᠷᠢ ᠶᠢ ᠬᠦᠮᠦᠵᠢᠭᠦᠯᠵᠦ᠂ ᠰᠤᠷᠤᠭᠴᠢᠳ ᠤᠨ ᠰᠢᠨᠵᠢᠯᠡᠬᠦ ᠤᠬᠠᠭᠠᠨ ᠤ ᠮᠡᠳᠡᠯᠭᠡ ᠰᠤᠷᠤᠯᠴᠠᠬᠤ ᠰᠡᠳᠬᠢᠯᠭᠡ ᠶᠢ ᠬᠦᠭᠵᠢᠭᠡᠵᠦ᠂ ᠰᠤᠷᠤᠭᠴᠢᠳ ᠤᠨ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠤᠨ ᠳᠡᠭᠡᠭᠰᠢᠯᠡᠯᠲᠡ ᠶᠢ ᠠᠬᠢᠭᠤᠯᠬᠤ ᠶᠢᠨ ᠲᠤᠰᠠᠳᠠ᠂ ᠣᠶᠢᠷ᠎ᠠ ᠳᠤ ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠨᠠᠶᠢᠷ ᠤᠨ ︽ᠰᠢᠨᠵᠢᠯᠡᠬᠦ ᠤᠬᠠᠭᠠᠨ ᠤ ᠰᠢᠨ᠎ᠡ ᠶᠢ ᠡᠭᠦᠳᠬᠦ ᠪᠢᠴᠢᠬᠠᠨ ᠴᠢᠳᠠᠪᠤᠷᠢᠲᠠᠨ︾ ᠭᠡᠬᠦ ᠰᠢᠨ᠎ᠡ ᠶᠢ ᠡᠭᠦᠳᠬᠦ ᠤᠷᠤᠯᠳᠤᠭᠠᠨ ᠠᠮᠵᠢᠯᠲᠠᠲᠠᠢ ᠶᠠᠪᠤᠭᠳᠠᠵᠤ᠂ 900 ᠭᠠᠷᠤᠢ ᠨᠡᠷᠡᠰ ᠪᠠᠭᠰᠢ ᠰᠤᠷᠤᠭᠴᠢᠳ ᠣᠷᠣᠯᠴᠠᠪᠠ᠃
       ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠨᠠᠶᠢᠷ ᠤᠨ ᠪᠦᠲᠦᠭᠡᠯ ᠢ ᠲᠦᠪᠯᠡᠷᠡᠭᠦᠯᠦᠨ ᠳᠡᠯᠭᠡᠨ ᠦᠵᠡᠭᠦᠯᠬᠦ ᠲᠤᠬᠠᠢ ᠶᠢᠨ ᠲᠠᠯᠠᠪᠠᠢ ᠳᠤ᠂ ᠬᠠᠴᠢᠨ ᠰᠣᠨᠢᠷᠬᠠᠯᠲᠠᠢ ᠰᠢᠨᠵᠢᠯᠡᠬᠦ ᠤᠬᠠᠭᠠᠨ ᠤ ︽ᠬᠡᠢ ᠪᠣᠳᠣᠯ ᠤᠨ ᠵᠢᠷᠤᠭ︾᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠭᠤᠴᠣ ᠰᠠᠶᠢᠬᠠᠨ ᠵᠢᠵᠢᠭ ᠰᠣᠨᠢᠨ ᠵᠡᠷᠭᠡ ᠨᠢ ᠰᠢᠨ᠎ᠡ ᠴᠠᠭ ᠦᠶ᠎ᠡ ᠶᠢᠨ ᠬᠡᠦᠬᠡᠳ ᠤᠨ ᠡᠯᠪᠡᠭ ᠪᠠᠶᠠᠯᠢᠭ ᠳᠦᠷᠰᠦᠯᠡᠨ ᠪᠣᠳᠣᠯᠲᠠ ᠪᠠ ᠬᠠᠶᠢᠨ ᠰᠦᠪᠡᠭᠴᠢᠯᠡᠬᠦ ᠳᠤᠷᠠᠲᠠᠢ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠢᠯᠡᠷᠡᠭᠦᠯᠪᠡ᠃
       ᠠᠵᠢᠯᠯᠠᠭ᠎ᠠ ᠳᠤ᠂ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠠᠶᠢᠷ ᠲᠤ ᠣᠷᠣᠯᠴᠠᠭᠰᠠᠨ ᠰᠤᠷᠤᠭᠴᠢᠳ ᠲᠤ ᠱᠠᠩᠨᠠᠯ ᠣᠯᠭᠤᠬᠤ ᠶᠣᠰᠣᠯᠠᠯ ᠶᠠᠪᠤᠭᠤᠯᠵᠤ᠂ ᠰᠤᠷᠤᠭᠴᠢᠳ ᠢ ᠬᠤᠶᠢᠰᠢᠳᠠ ᠨᠡᠩ ᠢᠳᠡᠪᠬᠢᠲᠡᠢ᠂ ᠪᠠᠶᠠᠰᠤᠩᠭᠤᠢ ᠣᠪᠣᠷ ᠢᠶᠠᠷ ᠰᠤᠷᠤᠯᠴᠠᠯᠭ᠎ᠠ ᠪᠠ ᠠᠮᠢᠳᠤᠷᠠᠯ ᠳᠠᠭᠠᠨ ᠬᠠᠨᠳᠤᠵᠤ᠂ ᠬᠠᠮᠲᠤ ᠪᠠᠷ ᠰᠢᠨᠵᠢᠯᠡᠬᠦ ᠤᠬᠠᠭᠠᠨ ᠢ ᠡᠷᠬᠢᠮᠯᠡᠨ᠂ ᠰᠢᠨᠵᠢᠯᠡᠬᠦ ᠤᠬᠠᠭᠠᠨ ᠢ ᠡᠷᠬᠢᠮᠯᠡᠵᠦ᠂ ᠰᠢᠨᠵᠢᠯᠡᠬᠦ ᠤᠬᠠᠭᠠᠨ ᠢ ᠠᠰᠢᠭᠯᠠᠨ ᠰᠢᠨᠵᠢᠯᠡᠬᠦ ᠤᠬᠠᠭᠠᠨ ᠢ ᠡᠷᠢᠯᠬᠢᠯᠡᠬᠦ ᠶᠢ ᠵᠣᠷᠢᠭᠵᠢᠭᠤᠯᠪᠠ᠃
       ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠨ ᠰᠤᠷᠤᠭᠴᠢᠳ ᠤᠨ ᠰᠢᠨᠵᠢᠯᠡᠬᠦ ᠤᠬᠠᠭᠠᠨ ᠤ ᠬᠠᠶᠢᠨ ᠰᠦᠪᠡᠭᠴᠢᠯᠡᠬᠦ ᠳᠤᠷ᠎ᠠ ᠰᠣᠨᠢᠷᠬᠠᠯ ᠢ ᠤᠯᠠᠮ ᠴᠢᠨᠠᠭᠰᠢᠳᠠ ᠬᠦᠭᠵᠢᠭᠡᠵᠦ᠂ ᠰᠤᠷᠤᠭᠴᠢᠳ ᠤᠨ ᠢᠳᠡᠪᠬᠢᠲᠡᠢ ᠪᠠᠷ ᠣᠷᠣᠯᠴᠠᠬᠤ ᠶᠢ ᠳᠠᠶᠢᠴᠢᠯᠠᠵᠤ᠂ ᠰᠤᠷᠤᠭᠴᠢᠳ ᠤᠨ ᠪᠦᠲᠦᠭᠡᠯᠴᠢ ᠪᠣᠳᠣᠯ ᠢ ᠲᠠᠰᠤᠷᠠᠯᠲᠠ ᠦᠭᠡᠢ ᠢᠯᠡᠷᠡᠭᠦᠯᠬᠦ ᠪᠠ ᠰᠦᠪᠡᠭᠴᠢᠯᠡᠬᠦ ᠶᠢ ᠵᠣᠷᠢᠭᠵᠢᠭᠤᠯᠵᠤ᠂ ᠪᠠᠭᠰᠢ ᠰᠤᠷᠤᠭᠴᠢᠳ ᠤᠨ ᠰᠢᠨᠵᠢᠯᠡᠬᠦ ᠤᠬᠠᠭᠠᠨ ᠰᠣᠶᠣᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠶᠢ ᠠᠬᠢᠭᠤᠯᠵᠤ᠂ ᠮᠠᠨ ᠤ ᠬᠤᠰᠢᠭᠤᠨ ᠤ ᠰᠢᠨᠵᠢᠯᠡᠬᠦ ᠤᠬᠠᠭᠠᠨ ᠤ ᠬᠡᠪ ᠴᠢᠨᠠᠷ ᠤᠨ ᠰᠤᠷᠭᠠᠨ ᠬᠦᠮᠦᠵᠢᠯ ᠤᠨ ᠤᠯᠠᠮ ᠭᠦᠨᠵᠡᠭᠡᠢ ᠬᠦᠭᠵᠢᠯᠲᠡ ᠶᠢ ᠲᠦᠯᠬᠢᠨ ᠠᠬᠢᠭᠤᠯᠪᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号