ᠰᠢ ᠶᠢᠨ ᠫᠢᠩ ᠳᠤᠮᠳᠠᠳᠤ ᠤᠯᠤᠰ ᠤᠨ ᠬᠥᠭᠵᠢᠯᠲᠡ ᠶᠢᠨ ᠳᠡᠭᠡᠳᠦ ᠳᠠᠪᠬᠤᠷᠭ᠎ᠠ ᠶᠢᠨ ᠶᠠᠷᠢᠶᠠᠨ ᠤ ᠲᠠᠪᠴᠠᠩ ᠤᠨ 2023 ᠣᠨ ᠤ ᠣᠨ ᠤ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2023/3/28
       3 ᠰᠠᠷ᠎ᠠ ᠶᠢᠨ 26 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ ᠤᠨ ᠬᠥᠭᠵᠢᠯᠲᠡ ᠶᠢᠨ ᠳᠡᠭᠡᠳᠦ ᠳᠠᠪᠬᠤᠷᠭ᠎ᠠ ᠶᠢᠨ ᠶᠠᠷᠢᠶᠠᠨ ᠤ ᠲᠠᠪᠴᠠᠩ ᠤᠨ 2023 ᠣᠨ ᠤ ᠣᠨ ᠤ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ᠃        ᠰᠢ ᠶᠢᠨ ᠫᠢᠩ᠂ ᠣᠳᠣᠬᠠᠨ ᠳᠤ᠂ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠳᠴᠦ᠂ ᠬᠡᠰᠡᠭ ᠲᠠᠯ᠎ᠠ ᠶᠢᠨ ᠮᠥᠷᠭᠦᠯᠳᠦᠭᠡᠨ ᠪᠣᠯᠣᠨ ᠦᠢᠮᠡᠭᠡᠨ ᠳᠡᠪᠵᠢᠶᠡᠨ ᠣᠯᠠᠰᠢᠷᠠᠵᠤ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠶᠢᠨ ᠬᠥᠳᠡᠯᠭᠡᠬᠦ ᠬᠦᠴᠦᠨ ᠬᠦᠷᠦᠯᠴᠡᠬᠦ ᠦᠭᠡᠢ ᠪᠠᠶᠢᠨ᠎ᠠ᠃ ᠰᠡᠷᠭᠦᠯᠲᠡ ᠶᠢ ᠠᠬᠢᠭᠤᠯᠬᠤ ᠳᠤ ᠬᠠᠮᠲᠤ ᠶᠢᠨ ᠲᠠᠨᠢᠯᠲᠠ ᠪᠠ ᠬᠠᠮᠲᠤᠷᠠᠯᠴᠠᠭ᠎ᠠ ᠬᠡᠷᠡᠭᠰᠡᠨ᠎ᠡ᠃ ᠳᠤᠮᠳᠠᠳᠤ ᠤᠯᠤᠰ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠳᠤᠷᠠᠳᠴᠤ᠂ ᠳᠡᠯᠡᠬᠡᠢ ᠨᠡᠶᠢᠭᠡᠮ ᠤᠨ ᠥᠷᠭᠡᠨ ᠳᠡᠯᠭᠡᠷ ᠳᠡᠮᠵᠢᠯᠭᠡ ᠪᠠ ᠢᠳᠡᠪᠬᠢᠲᠡᠢ ᠬᠦᠷᠢᠶᠡᠯᠡᠯ ᠢ ᠣᠯᠪᠠ᠃ ᠳᠤᠮᠳᠠᠳᠤ ᠤᠯᠤᠰ ᠭᠠᠳᠠᠭᠠᠳᠤ ᠨᠡᠭᠡᠭᠡᠯᠲᠡ ᠬᠢᠬᠦ ᠤᠯᠤᠰ ᠤᠨ ᠦᠨᠳᠦᠰᠦᠨ ᠪᠣᠳᠣᠯᠭ᠎ᠠ ᠶᠢ ᠪᠠᠷᠢᠮᠲᠠᠯᠠᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠨᠡᠭᠡᠭᠡᠯᠲᠡᠲᠤ ᠪᠠᠶᠢᠯᠳᠤᠬᠤ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠳᠤᠮᠳᠠᠳᠤ ᠤᠯᠤᠰ ᠤᠨ ᠰᠢᠨ᠎ᠡ ᠬᠥᠭᠵᠢᠯᠲᠡ ᠪᠠᠷ ᠳᠡᠯᠡᠬᠡᠢ ᠳ᠋ᠠᠬᠢᠨ ᠳᠤ ᠳᠠᠰᠤᠷᠠᠯᠳᠠ ᠦᠭᠡᠢ ᠰᠢᠨ᠎ᠡ ᠠᠵᠠ ᠲᠣᠭᠢᠶᠠᠯ ᠬᠠᠩᠭᠠᠨ᠎ᠠ᠃ ᠳᠤᠮᠳᠠᠳᠤ ᠤᠯᠤᠰ ᠳᠦᠷᠢᠮ ᠲᠣᠭᠲᠠᠭᠠᠯ᠂ ᠳᠦᠷᠢᠮ᠂ ᠬᠠᠮᠢᠶᠠᠷᠤᠯᠲᠠ᠂ ᠪᠠᠷᠢᠮᠵᠢᠶ᠎ᠠ ᠵᠡᠷᠭᠡ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠲᠣᠭᠲᠠᠭᠤᠨ ᠢᠶᠠᠷ ᠥᠷᠭᠡᠳᠬᠡᠵᠦ᠂ ᠡᠯ᠎ᠡ ᠤᠯᠤᠰ ᠡᠯ᠎ᠡ ᠲᠠᠯ᠎ᠠ ᠶᠢᠨ ᠬᠢᠨ ᠤ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢᠨ ᠠᠵᠠ ᠲᠣᠭᠢᠶᠠᠯ ᠢ ᠬᠠᠮᠲᠤ ᠪᠠᠷ ᠡᠳ᠋ᠯᠡᠭᠦ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃        ᠳᠤᠮᠳᠠᠳᠤ ᠤᠯᠤᠰ ᠤᠨ ᠬᠥᠭᠵᠢᠯᠲᠡ ᠶᠢᠨ ᠳᠡᠭᠡᠳᠦ ᠳᠠᠪᠬᠤᠷᠭ᠎ᠠ ᠶᠢᠨ ᠶᠠᠷᠢᠶᠠᠨ ᠤ ᠲᠠᠪᠴᠠᠩ ᠤᠨ 2023 ᠣᠨ ᠤ ᠣᠨ ᠤ ᠬᠤᠷᠠᠯ ᠲᠤᠰ ᠡᠳᠦᠷ ᠪᠡᠭᠡᠵᠢᠩ ᠳᠤ ᠡᠬᠢᠯᠡᠵᠦ᠂ ︽ᠠᠵᠤ ᠠᠬᠤᠢ ᠶᠢᠨ ᠰᠡᠷᠭᠦᠯᠲᠡ᠄ ᠠᠵᠠ ᠲᠣᠭᠢᠶᠠᠯ ᠪᠣᠯᠣᠨ ᠬᠠᠮᠲᠤᠷᠠᠯᠴᠠᠭ᠎ᠠ︾ ᠪᠠᠷ ᠭᠤᠣᠯ ᠰᠡᠳᠦᠪ ᠪᠤᠯᠭᠠᠵᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠥᠭᠵᠢᠯᠲᠡ ᠶᠢᠨ ᠰᠤᠳᠤᠯᠭᠠᠨ ᠤ ᠲᠥᠪ ᠠᠴᠠ ᠭᠤᠣᠯᠯᠠᠨ ᠡᠷᠭᠢᠯᠡᠪᠡ᠃        ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 26 ᠤ ᠴᠠᠭᠢᠯᠭᠠᠨ ᠮᠡᠳᠡᠭᠡ︶
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号