ᠮᠠᠨ ᠤ ᠬᠤᠰᠢᠭᠤ ︽ᠰᠢᠨ᠎ᠡ ᠪᠠᠷᠭᠤ ᠪᠠᠷᠠᠭᠤᠨ ᠬᠤᠰᠢᠭᠤᠨ ᠤ ᠮᠣᠩᠭᠤᠯ ᠡᠮ ᠡᠮᠨᠡᠯᠭᠡ ᠶᠢᠨ ᠦᠢᠯᠡᠰ︾ ᠭᠡᠬᠦ ᠨᠣᠮ ᠢ ᠬᠡᠪᠯᠡᠨ ᠲᠠᠷᠬᠠᠭᠠᠬᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/29
       3 ᠰᠠᠷ᠎ᠠ ᠶᠢᠨ 28 ᠤ ᠡᠳᠦᠷ᠂ ︽ᠰᠢᠨ᠎ᠡ ᠪᠠᠷᠭᠤ ᠪᠠᠷᠠᠭᠤᠨ ᠬᠤᠰᠢᠭᠤᠨ ᠤ ᠮᠣᠩᠭᠤᠯ ᠡᠮ ᠡᠮᠨᠡᠯᠭᠡ ᠶᠢᠨ ᠦᠢᠯᠡᠰ︾ ᠭᠡᠬᠦ ᠨᠣᠮ ᠢ ᠬᠡᠪᠯᠡᠨ ᠲᠠᠷᠬᠠᠭᠠᠬᠤ ᠶᠠᠷᠢᠯᠴᠠᠬᠤ ᠬᠤᠷᠠᠯ ᠢ ᠬᠤᠰᠢᠭᠤᠨ ᠤ ᠤᠯᠤᠰ ᠲᠦᠷᠥ ᠶᠢᠨ ᠵᠥᠪᠯᠡᠯᠭᠡᠨ ᠤ ᠬᠤᠷᠠᠯ ᠤᠨ ᠭᠡᠷ ᠲᠤ ᠬᠤᠷᠠᠯᠳᠤᠭᠤᠯᠵᠤ᠂ ᠬᠤᠰᠢᠭᠤᠨ ᠤ ᠤᠯᠤᠰ ᠲᠦᠷᠥ ᠶᠢᠨ ᠵᠥᠪᠯᠡᠯᠭᠡᠨ ᠤ ᠲᠡᠷᠢᠭᠦᠯᠡᠭᠴᠢ ᠳᠠᠰᠢᠵᠠᠮᠰᠤ᠂ ᠳᠡᠳ᠋ ᠲᠡᠷᠢᠭᠦᠯᠡᠭᠴᠢ ᠮᠠᠨᠳᠤᠯ᠎ᠠ ᠬᠤᠷᠠᠯ ᠳᠤ ᠣᠷᠣᠯᠴᠠᠪᠠ᠃
       ᠬᠤᠷᠠᠯ ᠳᠤ᠂ ︽ᠰᠢᠨ᠎ᠡ ᠪᠠᠷᠭᠤ ᠪᠠᠷᠠᠭᠤᠨ ᠬᠤᠰᠢᠭᠤᠨ ᠤ ᠮᠣᠩᠭᠤᠯ ᠡᠮ ᠡᠮᠨᠡᠯᠭᠡ ᠶᠢᠨ ᠦᠢᠯᠡᠰ︾ ᠭᠡᠬᠦ ᠨᠣᠮ ᠤᠨ ᠭᠤᠣᠯ ᠨᠠᠶᠢᠷᠠᠭᠤᠯᠤᠭᠴᠢ ᠨᠡᠬᠡᠶᠢᠲᠦ ᠭᠤᠸᠠᠢ ᠨᠣᠮ ᠤᠨ ᠲᠤᠬᠠᠢ ᠲᠠᠨᠢᠯᠴᠠᠭᠤᠯᠪᠠ᠃ ᠬᠤᠷᠠᠯ ᠳᠤ ᠣᠷᠣᠯᠴᠠᠭᠰᠠᠳ ᠲᠤᠰ ᠨᠤᠮ ᠤᠨ ᠬᠡᠪᠯᠡᠭᠳᠡᠭᠰᠡᠨ ᠨᠢ ᠨᠡᠩ ᠣᠯᠠᠨ ᠬᠦᠮᠦᠰ ᠲᠤ ᠮᠠᠨ ᠤ ᠬᠤᠰᠢᠭᠤᠨ ᠤ ᠮᠣᠩᠭᠤᠯ ᠡᠮ ᠡᠮᠨᠡᠯᠭᠡ ᠶᠢᠨ ᠠᠵᠢᠯ ᠦᠢᠯᠡᠰ ᠤᠨ ᠬᠦᠭᠵᠢᠯᠲᠡ ᠶᠢ ᠲᠠᠨᠢᠯᠴᠠᠭᠤᠯᠤᠨ ᠣᠶᠢᠯᠠᠭᠠᠭᠤᠯᠵᠤ᠂ ᠮᠣᠩᠭᠤᠯ ᠡᠮ ᠡᠮᠨᠡᠯᠭᠡ ᠶᠢᠨ ᠤᠬᠠᠭᠠᠨ ᠳᠤ ᠳᠤᠷ᠎ᠠ ᠪᠠᠭ᠋ᠠᠲᠠᠢ ᠬᠦᠮᠦᠰ ᠵᠢᠴᠢ ᠦᠷᠭᠡᠨ ᠣᠯᠠᠨ ᠮᠣᠩᠭᠤᠯ ᠡᠮ ᠡᠮᠨᠡᠯᠭᠡ ᠶᠢᠨ ᠠᠵᠢᠯᠲᠠᠳ ᠤᠨ ᠮᠣᠩᠭᠤᠯ ᠡᠮ ᠡᠮᠨᠡᠯᠭᠡ ᠶᠢᠨ ᠤᠬᠠᠭᠠᠨ ᠢ ᠰᠤᠳᠤᠯᠵᠤ᠂ ᠮᠣᠩᠭᠤᠯ ᠡᠮ ᠡᠮᠨᠡᠯᠭᠡ ᠶᠢᠨ ᠤᠬᠠᠭᠠᠨ ᠤ ᠬᠦᠭᠵᠢᠯᠲᠡ ᠪᠠ ᠴᠡᠴᠡᠭᠯᠡᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠪᠣᠯᠣᠨ᠎ᠠ ᠭᠡᠵᠦ ᠰᠠᠨᠠᠯ ᠨᠢᠭᠡᠲᠡᠢ ᠦᠵᠡᠵᠡᠭᠡᠪᠡ᠃        ᠣᠶᠢᠯᠠᠭᠠᠭᠰᠠᠨ ᠢᠶᠠᠷ᠂ ︽ᠰᠢᠨ᠎ᠡ ᠪᠠᠷᠭᠤ ᠪᠠᠷᠠᠭᠤᠨ ᠬᠤᠰᠢᠭᠤᠨ ᠤ ᠮᠣᠩᠭᠤᠯ ᠡᠮ ᠡᠮᠨᠡᠯᠭᠡ ᠶᠢᠨ ᠦᠢᠯᠡᠰ︾ ᠢ 2022 ᠣᠨ ᠤ 6 ᠰᠠᠷ᠎ᠠ ᠳᠤ ᠠᠩᠬ᠎ᠠ ᠤᠳᠠᠭ᠎ᠠ ᠬᠡᠪᠯᠡᠭᠦᠯᠪᠡ᠃ ᠲᠤᠰ ᠨᠤᠮ ᠳᠤ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠶᠢᠨ ᠡᠭᠦᠰᠦᠯ᠂ ᠬᠦᠭᠵᠢᠯᠲᠡ ᠶᠢᠨ ᠲᠡᠦᠬᠡ᠂ ᠣᠳᠣᠬᠢ ᠪᠠᠶᠢᠳᠠᠯ ᠵᠢᠴᠢ ᠪᠠᠷᠭᠤ ᠤᠯᠠᠮᠵᠢᠯᠠᠯᠲᠤ ᠵᠠᠰᠠᠯ᠂ ᠷᠠᠰᠢᠶᠠᠨ ᠵᠠᠰᠠᠯ ᠵᠡᠷᠭᠡ ᠠᠭᠤᠯᠭ᠎ᠠ ᠶᠢ ᠲᠡᠮᠳᠡᠭᠯᠡᠵᠦ᠂ ᠲᠣᠰ ᠨᠤᠮ ᠢ ᠨᠠᠶᠢᠷᠠᠭᠤᠯᠤᠨ ᠲᠠᠷᠬᠠᠭᠠᠭᠰᠠᠨ ᠨᠢ ᠴᠥᠬᠡᠨ ᠲᠣᠭᠠᠲᠤ ᠦᠨᠳᠦᠰᠦᠲᠡᠨ ᠤ ᠰᠣᠶᠣᠯ ᠢ ᠠᠭᠤᠳᠠᠯᠤᠨ ᠬᠠᠮᠠᠭᠠᠯᠠᠵᠤ᠂ ᠮᠠᠨ ᠤ ᠬᠤᠰᠢᠭᠤᠨ ᠤ ᠮᠣᠩᠭᠤᠯ ᠡᠮ ᠡᠮᠨᠡᠯᠭᠡ ᠶᠢᠨ ᠦᠢᠯᠡᠰ ᠤᠨ ᠬᠦᠭᠵᠢᠯᠲᠡ ᠳᠤ ᠵᠣᠬᠢᠬᠤ ᠬᠡᠮᠵᠢᠶᠡᠨ ᠤ ᠯᠠᠪᠯᠠᠬᠤ ᠦᠨ᠎ᠡ ᠦᠷᠲᠡᠭ ᠲᠠᠢ ᠪᠣᠯᠣᠨ᠎ᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号