ᠰᠢ ᠶᠢᠨ ᠫᠢᠩ ᠰᠠᠦ᠋ᠳᠢ ᠠᠷᠠᠪ ᠤᠨ ᠸᠠᠩ ᠤᠨ ᠵᠠᠯᠭᠠᠮᠵᠢᠯᠠᠭᠴᠢ ᠪᠥᠭᠡᠳ ᠲᠡᠷᠢᠭᠦᠨ ᠰᠠᠶᠢᠳ ᠮᠦᠬᠠᠨᠮᠦ᠋ᠳ᠋ ᠲᠠᠢ ᠤᠲᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2023/3/29
       3 ᠰᠠᠷ᠎ᠠ ᠶᠢᠨ 28 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠰᠡᠦ᠋ᠳᠢ ᠠᠷᠠᠪ ᠤᠨ ᠸᠠᠩ ᠤᠨ ᠵᠠᠯᠭᠠᠮᠵᠢᠯᠠᠭᠴᠢ ᠪᠥᠭᠡᠳ ᠲᠡᠷᠢᠭᠦᠨ ᠰᠠᠶᠢᠳ ᠮᠦᠬᠠᠨᠮᠦ᠋ᠳ᠋ ᠲᠠᠢ ᠤᠲᠠᠰᠤ ᠪᠠᠷ ᠶᠠᠷᠢᠯᠴᠠᠪᠠ᠃        ᠰᠢ ᠶᠢᠨ ᠫᠢᠩ ᠮᠦᠬᠠᠨᠮᠦ᠋ᠳ᠋ ᠢᠶᠠᠷ ᠳᠠᠮᠵᠢᠭᠤᠯᠤᠨ ᠤᠯᠤᠰ ᠤᠨ ᠸᠠᠩ ᠰᠠᠯᠧᠮᠠᠨ ᠳᠤ ᠰᠠᠶᠢᠨ ᠰᠠᠶᠢᠬᠠᠨ ᠵᠥᠩᠨᠡᠯ ᠳᠡᠪᠰᠢᠭᠦᠯᠭᠦ ᠶᠢᠨ ᠬᠠᠮᠲᠤ ᠪᠠᠴᠠᠭ ᠪᠠᠷᠢᠬᠤ ᠰᠠᠷ᠎ᠠ ᠶᠢᠨ ᠮᠡᠨᠳᠦᠴᠢᠯᠡᠯ ᠳᠡᠪᠰᠢᠭᠦᠯᠪᠡ᠃ ᠰᠢ ᠶᠢᠨ ᠫᠢᠩ᠂ ᠣᠳᠣᠬᠠᠨ ᠳᠤ ᠳᠤᠮᠳᠠᠳᠤ ᠰᠠᠦ᠋ᠳᠢ ᠠᠷᠠᠪ ᠤᠨ ᠬᠠᠷᠢᠯᠴᠠᠭ᠎ᠠ ᠲᠡᠦᠬᠡ ᠶᠢᠨ ᠬᠠᠮᠤᠭ ᠤᠨ ᠰᠠᠶᠢᠨ ᠴᠠᠭ ᠦᠶ᠎ᠡ ᠳᠤ ᠣᠷᠣᠰᠢᠵᠤ ᠪᠠᠶᠢᠨ᠎ᠠ᠃ ᠨᠢᠳᠤᠨᠤᠨ ᠵᠢᠯ ᠤᠨ ᠰᠡᠭᠦᠯᠴᠢ ᠪᠠᠷ᠂ ᠪᠢ ᠰᠠᠦ᠋ᠳᠢ ᠠᠷᠠᠪ ᠲᠤ ᠠᠮᠵᠢᠯᠲᠠ ᠲᠠᠢ ᠪᠠᠷ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ᠂ ᠪᠢᠳᠠ ᠷᠢᠶᠠᠳ᠋ ᠲᠤ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ — ᠠᠷᠠᠪ ᠤᠨ ᠤᠯᠤᠰ ᠤᠳ ᠤᠨ ᠲᠦᠷᠦᠭᠦᠴᠦᠳ ᠤᠨ ᠬᠤᠷᠠᠯ᠂ ᠳᠤᠮᠳᠠᠳᠤ ᠤᠯᠤᠰ — ᠳᠠᠯᠠᠢ ᠶᠢᠨ ᠪᠤᠯᠤᠩ ᠤᠨ ᠠᠷᠠᠪ ᠤᠨ ᠤᠯᠤᠰ ᠤᠳ ᠤᠨ ᠬᠠᠮᠲᠤᠷᠠᠯᠴᠠᠭᠠᠨ ᠤ ᠵᠥᠪᠯᠡᠯ ᠤᠨ ᠲᠦᠷᠦᠭᠦᠴᠦᠳ ᠤᠨ ᠬᠤᠷᠠᠯ ᠢ ᠠᠮᠵᠢᠯᠲᠠ ᠲᠠᠢ ᠡᠷᠭᠢᠯᠡᠵᠦ᠂ ᠳᠤᠮᠳᠠᠳᠤ ᠰᠠᠦ᠋ᠳᠢ ᠠᠷᠠᠪ ᠤᠨ ᠬᠠᠷᠢᠯᠴᠠᠭ᠎ᠠ ᠶᠢᠨ ᠬᠥᠭᠵᠢᠯᠲᠡ ᠶᠢ ᠬᠦᠴᠦᠲᠡᠢ ᠠᠬᠢᠭᠤᠯᠵᠤ᠂ ᠳᠤᠮᠳᠠᠳᠤ ᠤᠯᠤᠰ ᠪᠣᠯᠣᠨ ᠳᠠᠯᠠᠢ ᠶᠢᠨ ᠪᠤᠯᠤᠩ ᠤᠨ ᠠᠷᠠᠪ ᠤᠨ ᠤᠯᠤᠰ ᠤᠳ ᠤᠨ ᠬᠠᠮᠲᠤᠷᠠᠯᠴᠠᠭᠠᠨ ᠤ ᠵᠥᠪᠯᠡᠯ ᠬᠢᠭᠡᠳ ᠠᠷᠠᠪ ᠤᠨ ᠤᠯᠤᠰ ᠤᠳ ᠤᠨ ᠬᠠᠷᠢᠯᠴᠠᠭ᠎ᠠ ᠶᠢ ᠠᠬᠢᠭᠤᠯᠵᠤ᠂ ᠳᠤᠮᠳᠠᠳᠤ ᠳᠣᠷᠣᠨᠠᠲᠤ ᠣᠷᠣᠨ ᠤ ᠪᠠᠶᠢᠳᠠᠯ ᠳᠤ ᠢᠳᠡᠪᠬᠢᠲᠡᠢ ᠨᠥᠯᠥᠭᠡ ᠦᠵᠡᠭᠦᠯᠪᠡ᠃ ᠳᠤᠮᠳᠠᠳᠤ ᠤᠯᠤᠰ ᠳᠤᠷᠠᠲᠠᠶ᠎ᠠ ᠰᠡᠦ᠋ᠳᠢ ᠠᠷᠠᠪ ᠤᠨ ᠬᠢᠨ ᠲᠠᠢ ᠬᠠᠮᠲᠤ ᠪᠠᠷ ︽ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ — ᠠᠷᠠᠪ ᠤᠨ ᠤᠯᠤᠰ ᠤᠳ ᠤᠨ ᠲᠦᠷᠦᠭᠦᠴᠦᠳ ᠤᠨ ᠬᠤᠷᠠᠯ᠂ ᠳᠤᠮᠳᠠᠳᠤ ᠤᠯᠤᠰ — ᠳᠠᠯᠠᠢ ᠶᠢᠨ ᠪᠤᠯᠤᠩ ᠤᠨ ᠠᠷᠠᠪ ᠤᠨ ᠤᠯᠤᠰ ᠤᠳ ᠤᠨ ᠬᠠᠮᠲᠤᠷᠠᠯᠴᠠᠭᠠᠨ ᠤ ᠵᠥᠪᠯᠡᠯ ᠤᠨ ᠲᠦᠷᠦᠭᠦᠴᠦᠳ ᠤᠨ ᠬᠤᠷᠠᠯ᠂ ᠰᠢ ᠶᠢᠨ ᠫᠢᠩ ᠰᠠᠦ᠋ᠳᠢ ᠠᠷᠠᠪ ᠲᠤ ᠲᠦᠷᠦ ᠶᠢᠨ ᠶᠠᠪᠤᠳᠠᠯ ᠤᠨ ᠠᠶᠢᠯᠴᠢᠯᠠᠯᠳᠠ ᠬᠢᠭᠰᠡᠨ︾ ᠦᠷ᠎ᠡ ᠪᠦᠲᠦᠭᠡᠯ ᠢ ᠰᠠᠶᠢᠲᠤᠷ ᠨᠠᠶᠢᠳᠠᠪᠤᠷᠢᠵᠢᠭᠤᠯᠵᠤ᠂ ᠲᠣᠰ ᠲᠣᠰ ᠤᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠭᠰᠠᠨ ᠠᠰᠠᠭᠤᠳᠠᠯ ᠳᠡᠭᠡᠷ᠎ᠡ ᠦᠷᠭᠦᠯᠵᠢᠯᠡᠨ ᠡᠷᠡᠰ ᠳᠡᠮᠵᠢᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠣᠯᠣᠨ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠥᠷᠭᠡᠳᠬᠡᠵᠦ᠂ ᠳᠤᠮᠳᠠᠳᠤ ᠰᠡᠦ᠋ᠳᠢ ᠠᠷᠠᠪ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠨᠠᠩ ᠶᠡᠭᠡ ᠬᠥᠭᠵᠢᠯᠲᠡ ᠲᠠᠢ ᠪᠤᠯᠬᠤ ᠶᠢ ᠠᠬᠢᠭᠤᠯᠵᠤ᠂ ᠰᠢᠨ᠎ᠡ ᠴᠠᠭ ᠦᠶ᠎ᠡ ᠳᠤ ᠬᠠᠨᠳᠤᠭᠰᠠᠨ ᠳᠤᠮᠳᠠᠳᠤ ᠠᠷᠠᠪ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠦᠭᠦ ᠬᠦᠴᠦᠨ ᠢᠶᠠᠷ ᠢᠶᠠᠨ ᠪᠠᠶᠢᠭᠤᠯᠵᠤ᠂ ᠳᠤᠮᠳᠠᠳᠤ ᠳᠣᠷᠣᠨᠠᠲᠤ ᠣᠷᠣᠨ ᠤ ᠡᠩᠬᠡ ᠲᠠᠶᠢᠪᠤᠩ᠂ ᠲᠣᠭᠲᠠᠭᠤᠨ᠂ ᠬᠥᠭᠵᠢᠯᠲᠡ ᠶᠢ ᠠᠬᠢᠭᠤᠯᠬᠤ ᠳᠤ ᠨᠠᠩ ᠣᠯᠠᠨ ᠬᠤᠪᠢ ᠨᠡᠮᠡᠷᠢ ᠦᠵᠡᠭᠦᠯᠦᠨ᠎ᠡ ᠭᠡᠵᠦ ᠵᠢᠭᠠᠵᠤ ᠭᠠᠷᠭᠠᠪᠠ᠃        ᠰᠢ ᠶᠢᠨ ᠫᠢᠩ᠂ ᠣᠶᠢᠷ᠎ᠠ ᠳᠤ ᠳᠤᠮᠳᠠᠳᠤ ᠤᠯᠤᠰ᠂ ᠰᠠᠦ᠋ᠳᠢ ᠠᠷᠠᠪ᠂ ᠢᠷᠠᠨ ᠤ ᠬᠠᠮᠲᠤ ᠶᠢᠨ ᠴᠢᠷᠮᠠᠶᠢᠯᠭ᠎ᠠ ᠪᠠᠷ ᠰᠠᠦ᠋ᠳᠢ ᠠᠷᠠᠪ᠂ ᠢᠷᠠᠨ ᠤ ᠪᠡᠭᠡᠵᠢᠩ ᠳᠠᠬᠢ ᠶᠠᠷᠢᠯᠴᠠᠭ᠎ᠠ ᠠᠮᠵᠢᠯᠲᠠ ᠲᠠᠢ ᠶᠠᠪᠤᠭᠳᠠᠭᠰᠠᠨ ᠪᠥᠭᠡᠳ ᠴᠢᠬᠤᠯᠠ ᠶᠡᠭᠡ ᠦᠷ᠎ᠡ ᠪᠦᠲᠦᠭᠡᠯ ᠣᠯᠵᠤ᠂ ᠰᠠᠦ᠋ᠳᠢ ᠠᠷᠠᠪ ᠢᠷᠡᠨ ᠬᠤᠶᠠᠷ ᠤᠯᠤᠰ ᠤᠨ ᠬᠠᠷᠢᠯᠴᠠᠭ᠎ᠠ ᠪᠠᠨ ᠰᠠᠶᠢᠵᠢᠷᠠᠭᠤᠯᠬᠤ ᠳᠤ ᠠᠰᠢᠭᠲᠠᠢ ᠪᠠᠶᠢᠵᠤ᠂ ᠭᠠᠵᠠᠷ ᠣᠷᠣᠨ ᠤ ᠤᠯᠤᠰ ᠤᠳ ᠤᠨ ᠪᠦᠯᠬᠦᠮᠳᠡᠯ ᠬᠠᠮᠲᠤᠷᠠᠯᠴᠠᠭ᠎ᠠ ᠶᠢ ᠴᠢᠩᠭᠠᠳᠬᠠᠬᠤ᠂ ᠭᠠᠵᠠᠷ ᠣᠷᠣᠨ ᠤ ᠪᠠᠴᠢᠮ ᠪᠠᠶᠢᠳᠠᠯ ᠢ ᠨᠠᠮᠳᠠᠭᠤᠯᠬᠤ ᠳᠤ ᠴᠢᠬᠤᠯᠠ ᠶᠡᠭᠡ ᠵᠢᠱᠢᠶ᠎ᠡ ᠦᠵᠡᠭᠦᠯᠭᠦ ᠦᠢᠯᠡᠳᠦᠯ ᠲᠠᠢ ᠪᠠᠶᠢᠵᠤ᠂ ᠳᠡᠯᠡᠬᠡᠢ ᠨᠡᠶᠢᠭᠡᠮ ᠤᠨ ᠥᠷᠭᠡᠨ ᠳᠡᠯᠭᠡᠷ ᠰᠠᠶᠢᠨ ᠦᠨᠡᠯᠡᠯᠲᠡ ᠶᠢ ᠣᠯᠪᠠ᠃ ᠣᠶᠢᠷ᠎ᠠ ᠳᠤ ᠭᠠᠵᠠᠷ ᠣᠷᠣᠨ ᠤ ᠤᠯᠤᠰ ᠤᠳ ᠤᠨ ᠬᠤᠭᠤᠷᠣᠨᠳᠣᠭᠢ ᠬᠠᠷᠢᠴᠠᠭ᠎ᠠ ᠶᠢ ᠨᠠᠮᠳᠠᠭᠤᠯᠬᠤ ᠬᠠᠨᠳᠤᠰᠢ ᠢᠯᠡᠳᠲᠡ ᠴᠢᠩᠭᠠᠷᠠᠵᠤ᠂ ᠶᠠᠷᠢᠯᠴᠠᠭ᠎ᠠ ᠵᠥᠪᠳᠡᠯᠴᠡᠭᠡ ᠪᠠᠷ ᠳᠠᠮᠵᠢᠭᠤᠯᠤᠨ ᠵᠥᠷᠢᠴᠡᠯ ᠵᠥᠷᠢᠯᠳᠦᠭᠡᠨ ᠢᠶᠠᠨ ᠰᠢᠢᠳᠪᠦᠷᠢᠯᠡᠬᠦ ᠨᠢ ᠠᠷᠠᠳ ᠤᠨ ᠰᠡᠳᠬᠢᠯ ᠳᠤ ᠨᠡᠶᠢᠴᠡᠵᠦ᠂ ᠴᠠᠭ ᠦᠶ᠎ᠡ ᠶᠢᠨ ᠤᠷᠤᠰᠬᠠᠯ ᠪᠠ ᠡᠯ᠎ᠡ ᠤᠯᠤᠰ ᠤᠨ ᠠᠰᠢᠭ ᠲᠤᠰᠠ ᠳᠤ ᠨᠡᠶᠢᠴᠡᠨ᠎ᠡ ᠭᠡᠳᠡᠭ ᠢ ᠭᠦᠢᠴᠡᠳ ᠬᠠᠷᠠᠭᠤᠯᠵᠤ ᠪᠠᠶᠢᠨ᠎ᠠ᠃ ᠰᠠᠦ᠋ᠳᠢ ᠠᠷᠠᠪ ᠢᠷᠡᠨ ᠬᠤᠶᠠᠷ ᠲᠠᠯ᠎ᠠ ᠪᠠᠷ ᠢᠶᠠᠨ ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭᠠᠨ ᠤ ᠵᠣᠷᠢᠭ ᠰᠠᠨᠠᠭ᠎ᠠ ᠶᠢ ᠪᠠᠷᠢᠮᠲᠠᠯᠠᠵᠤ᠂ ᠪᠡᠭᠡᠵᠢᠩ ᠳᠠᠬᠢ ᠶᠠᠷᠢᠯᠴᠠᠭᠠᠨ ᠤ ᠦᠷ᠎ᠡ ᠪᠦᠲᠦᠭᠡᠯ ᠤᠨ ᠰᠠᠭᠤᠷᠢᠨ ᠳᠡᠭᠡᠷ᠎ᠡ ᠬᠠᠷᠢᠯᠴᠠᠭ᠎ᠠ ᠪᠠᠨ ᠲᠠᠰᠤᠷᠠᠯᠳᠠ ᠦᠭᠡᠢ ᠰᠠᠶᠢᠵᠢᠷᠠᠭᠤᠯᠬᠤ ᠶᠢ ᠬᠦᠰᠡᠵᠦ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠰᠡᠦ᠋ᠳᠢ ᠠᠷᠠᠪ ᠢᠷᠡᠨ ᠤ ᠶᠠᠷᠢᠯᠴᠠᠭᠠᠨ ᠤ ᠲᠠᠷᠠᠭᠠᠴᠢ ᠶᠢᠨ ᠠᠬᠢᠴᠠ ᠶᠢ ᠦᠷᠭᠦᠯᠵᠢᠯᠡᠨ ᠳᠡᠮᠵᠢᠨ᠎ᠡ ᠭᠡᠵᠦ ᠵᠢᠭᠠᠵᠤ ᠭᠠᠷᠭᠠᠪᠠ᠃        ᠤᠯᠤᠰ ᠤᠨ ᠸᠠᠩ ᠰᠠᠯᠧᠮᠠᠨ ᠤ ᠰᠢ ᠶᠢᠨ ᠫᠢᠩ ᠳᠤ ᠮᠡᠨᠳᠦᠴᠢᠯᠡᠯ ᠬᠦᠷᠭᠡᠵᠦ ᠪᠠᠶᠢᠬᠤ ᠶᠢ ᠮᠦᠬᠠᠨᠮᠦ᠋ᠳ᠋ ᠳᠠᠮᠵᠢᠭᠤᠯᠵᠤ᠂ ᠰᠢ ᠶᠢᠨ ᠫᠢᠩ ᠤᠨ ᠤᠯᠤᠰ ᠤᠨ ᠲᠡᠷᠢᠭᠦᠯᠡᠭᠴᠢ ᠶᠢᠨ ᠲᠤᠰᠢᠶᠠᠯ ᠳᠤ ᠦᠷᠭᠦᠯᠵᠢᠯᠡᠨ ᠰᠣᠩᠭᠤᠭᠳᠠᠭᠰᠠᠨ ᠳᠤ ᠳᠠᠬᠢᠨᠲᠠ ᠬᠠᠯᠠᠭᠤᠨ ᠪᠠᠶᠠᠷ ᠬᠦᠷᠭᠡᠪᠡ᠃ ᠮᠦᠬᠠᠨᠮᠦ᠋ᠳ᠋᠂ ᠰᠠᠦ᠋ᠳᠢ ᠠᠷᠠᠪ ᠤᠨ ᠬᠢᠨ ᠳᠤᠮᠳᠠᠳᠤ ᠶᠢᠨ ᠲᠠᠯ᠎ᠠ ᠶᠢᠨ ᠬᠢᠨ ᠤ ᠰᠠᠦ᠋ᠳᠢ ᠠᠷᠠᠪ ᠪᠣᠯᠣᠨ ᠢᠷᠠᠨ ᠤ ᠬᠠᠷᠢᠯᠴᠠᠭ᠎ᠠ ᠪᠠᠨ ᠰᠠᠶᠢᠵᠢᠷᠠᠭᠤᠯᠬᠤ ᠶᠢ ᠶᠡᠭᠡ ᠪᠠᠷ ᠳᠡᠮᠵᠢᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠂ ᠡᠨᠡ ᠨᠢ ᠳᠤᠮᠳᠠᠳᠤ ᠤᠯᠤᠰ ᠤᠨ ᠬᠠᠷᠢᠭᠤᠴᠠᠯᠭ᠎ᠠ ᠲᠠᠢ ᠲᠣᠮᠣ ᠤᠯᠤᠰ ᠤᠨ ᠦᠢᠯᠡᠳᠦᠯ ᠢ ᠪᠠᠳᠠᠷᠠᠭᠤᠯᠵᠤ ᠪᠠᠶᠢᠭ᠎ᠠ ᠶᠢ ᠭᠦᠢᠴᠡᠳ ᠢᠯᠡᠷᠡᠭᠦᠯᠪᠡ᠃ ᠳᠤᠮᠳᠠᠳᠤ ᠤᠯᠤᠰ ᠭᠠᠵᠠᠷ ᠣᠷᠣᠨ ᠪᠣᠯᠣᠨ ᠳᠡᠯᠡᠬᠡᠢ ᠶᠢᠨ ᠬᠡᠷᠡᠭ ᠶᠠᠪᠤᠳᠠᠯ ᠳᠤ ᠡᠳᠦᠷ ᠢᠷᠡᠬᠦᠶ᠎ᠡ ᠴᠢᠬᠤᠯᠠ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠵᠦ ᠪᠠᠶᠢᠨ᠎ᠠ᠂ ᠰᠠᠦ᠋ᠳᠢ ᠠᠷᠠᠪ ᠤᠨ ᠬᠢᠨ ᠡᠭᠦᠨ ᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠨ᠎ᠠ᠃ ᠳᠤᠮᠳᠠᠳᠤ ᠤᠯᠤᠰ ᠪᠣᠯ ᠰᠠᠦ᠋ᠳᠢ ᠠᠷᠠᠪ ᠤᠨ ᠴᠢᠬᠤᠯᠠ ᠬᠠᠮᠲᠤᠷᠠᠯᠴᠠᠭᠠᠨ ᠤ ᠬᠠᠨᠢᠲᠠᠨ ᠮᠥᠨ᠃ ᠰᠠᠦ᠋ᠳᠢ ᠠᠷᠠᠪ ᠤᠨ ᠬᠢᠨ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠪᠠᠨ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠳᠤᠮᠳᠠᠳᠤ ᠤᠯᠤᠰ ᠯᠤᠭ᠎ᠠ ᠬᠠᠮᠲᠤ ᠪᠠᠷ ᠴᠢᠷᠮᠠᠶᠢᠵᠤ᠂ ᠬᠤᠶᠠᠷ ᠤᠯᠤᠰ ᠤᠨ ᠬᠠᠮᠲᠤᠷᠠᠯᠴᠠᠭᠠᠨ ᠤ ᠰᠢᠨ᠎ᠡ ᠢᠷᠡᠭᠡᠳᠦᠢ ᠶᠢ ᠨᠡᠭᠡᠭᠡᠨ᠎ᠡ ᠭᠡᠵᠦ ᠢᠯᠡᠳᠬᠡᠪᠡ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号