ᠮᠠᠨ ᠤ ᠬᠤᠰᠢᠭᠤ ᠪᠣᠭᠤᠮᠲᠠ ᠶᠢᠨ ᠵᠠᠬ᠎ᠠ ᠶᠢᠨ ᠠᠷᠠᠯᠵᠢᠶᠠᠨ ᠤ ᠲᠣᠭᠤᠷᠢᠭ ᠵᠢᠴᠢ ᠬᠢᠯᠢ ᠠᠯᠤᠰᠯᠠᠭᠰᠠᠨ ᠵᠢᠭᠤᠯᠴᠢᠯᠠᠯ ᠤᠨ ᠠᠵᠢᠯ ᠢ ᠵᠣᠬᠢᠴᠠᠭᠤᠯᠤᠨ ᠪᠠᠶᠢᠷᠢᠯᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/3
       3 ᠰᠠᠷ᠎ᠠ ᠶᠢᠨ 2 ᠤᠨ ᠡᠳᠦᠷ᠂ ᠨᠠᠮ ᠵᠠᠰᠠᠭ ᠤᠨ ᠠᠵᠢᠯᠯᠠᠬᠤ ᠠᠰᠠᠷ ᠤᠨ ᠲᠠᠪᠤᠳᠤᠭᠠᠷ ᠳᠠᠪᠬᠤᠷᠭ᠎ᠠ ᠶᠢᠨ ᠬᠤᠷᠠᠯ ᠤᠨ ᠭᠡᠷ ᠲᠤ᠂ ᠪᠣᠭᠤᠮᠲᠠ ᠶᠢᠨ ᠵᠠᠬ᠎ᠠ ᠶᠢᠨ ᠠᠷᠠᠯᠵᠢᠶᠠᠨ ᠤ ᠲᠣᠭᠤᠷᠢᠭ ᠵᠢᠴᠢ ᠬᠢᠯᠢ ᠠᠯᠤᠰᠯᠠᠭᠰᠠᠨ ᠵᠢᠭᠤᠯᠴᠢᠯᠠᠯ ᠤᠨ ᠠᠵᠢᠯ ᠢ ᠵᠣᠬᠢᠴᠠᠭᠤᠯᠤᠨ ᠪᠠᠶᠢᠷᠢᠯᠠᠭᠤᠯᠬᠤ ᠬᠤᠷᠠᠯ ᠬᠤᠷᠠᠯᠳᠤᠭᠤᠯᠵᠤ᠂ ᠮᠠᠨ ᠤ ᠬᠤᠰᠢᠭᠤᠨ ᠤ ᠵᠠᠬ᠎ᠠ ᠶᠢᠨ ᠠᠷᠠᠯᠵᠢᠶᠠᠨ ᠤ ᠲᠣᠭᠤᠷᠢᠭ ᠵᠢᠴᠢ ᠬᠢᠯᠢ ᠠᠯᠤᠰᠯᠠᠭᠰᠠᠨ ᠵᠢᠭᠤᠯᠴᠢᠯᠠᠯ ᠤᠨ ᠠᠵᠢᠯ ᠤᠨ ᠣᠳᠣᠬᠢ ᠪᠠᠶᠢᠳᠠᠯ ᠢ ᠣᠶᠢᠯᠠᠭᠠᠨ᠂ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠵᠠᠳᠠᠯᠬᠤ ᠶᠢᠨ ᠬᠠᠮᠲᠤ ᠵᠣᠬᠢᠴᠠᠭᠤᠯᠤᠨ ᠰᠢᠢᠳᠪᠦᠷᠢᠯᠡᠵᠦ᠂ ᠲᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠤᠳᠤᠷᠢᠳᠤᠯᠭ᠎ᠠ ᠳᠠᠰᠢᠵᠠᠮᠰᠤ᠂ ᠪᠠᠢ ᠴᠦᠨ ᠮᠧᠶ᠂ ᠲᠢᠶᠠᠨ ᠹᠧᠩ ᠯᠢᠨ᠂ ᠦᠷᠭᠡᠨ ᠬᠤᠷᠠᠯ ᠳᠤ ᠣᠷᠣᠯᠴᠠᠪᠠ᠃
       ᠬᠤᠷᠠᠯ ᠳᠡᠭᠡᠷ᠎ᠡ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠵᠠᠬ᠎ᠠ ᠶᠢᠨ ᠠᠷᠠᠯᠵᠢᠶᠠᠨ ᠤ ᠲᠣᠭᠤᠷᠢᠭ ᠤᠨ ᠡᠵᠡᠩᠨᠡᠯᠲᠡ ᠵᠢᠴᠢ ᠬᠢᠯᠢ ᠠᠯᠤᠰᠯᠠᠭᠰᠠᠨ ᠵᠢᠭᠤᠯᠴᠢᠯᠠᠯ ᠵᠡᠷᠭᠡ ᠠᠵᠢᠯ ᠤᠨ ᠣᠳᠣᠬᠢ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠪᠡ᠃        ᠳᠠᠰᠢᠵᠠᠮᠰᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠪᠣᠭᠤᠮᠲᠠ ᠶᠢᠨ ᠵᠠᠬ᠎ᠠ ᠶᠢᠨ ᠠᠷᠠᠯᠵᠢᠶᠠᠨ ᠤ ᠲᠣᠭᠤᠷᠢᠭ ᠵᠢᠴᠢ ᠬᠢᠯᠢ ᠠᠯᠤᠰᠯᠠᠭᠰᠠᠨ ᠵᠤᠭᠠᠴᠠᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠪᠣᠭᠤᠮᠲᠠ ᠶᠢᠨ ᠠᠵᠢᠯ ᠢ ᠲᠡᠷᠢᠭᠦᠨ ᠴᠢᠬᠤᠯᠠ ᠶᠠᠪᠤᠳᠠᠯ ᠪᠣᠯᠭᠠᠨ ᠠᠳᠬᠤᠵᠤ᠂ ᠡᠯ᠎ᠡ ᠰᠤᠮᠤ ᠪᠠᠯᠭᠠᠰᠤ᠂ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠲᠠᠨᠢᠯᠲᠠ ᠪᠠᠨ ᠳᠡᠭᠡᠭᠰᠢᠯᠡᠭᠦᠯᠵᠦ᠂ ᠵᠣᠬᠢᠴᠠᠭᠤᠯᠤᠨ ᠬᠠᠷᠢᠯᠴᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢ ᠪᠠᠬᠢᠵᠢᠭᠦᠯᠵᠦ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠪᠠ ᠦᠢᠯᠡᠴᠢᠯᠡᠭᠡᠨ ᠤ ᠬᠢᠷᠢ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢᠯᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠪᠣᠭᠤᠮᠲᠠ ᠶᠢᠨ ᠣᠨᠴᠠᠯᠢᠭᠲᠤ ᠳᠠᠪᠠᠭᠤᠯᠢᠭ ᠢ ᠪᠠᠳᠠᠷᠠᠭᠤᠯᠵᠤ᠂ ᠵᠠᠬ᠎ᠠ ᠶᠢᠨ ᠠᠷᠠᠯᠵᠢᠶᠠᠨ ᠤ ᠲᠣᠭᠤᠷᠢᠭ᠂ ᠬᠢᠯᠢ ᠠᠯᠤᠰᠯᠠᠭᠰᠠᠨ ᠵᠢᠭᠤᠯᠴᠢᠯᠠᠯ ᠵᠡᠷᠭᠡ ᠠᠵᠢᠯ ᠢ ᠬᠡᠷᠬᠢᠨ ᠥᠷᠨᠢᠭᠦᠯᠬᠦ ᠲᠤᠬᠠᠢ ᠤᠷᠢᠳᠴᠢᠯᠠᠨ ᠠᠷᠭ᠎ᠠ ᠪᠣᠳᠣᠯᠭ᠎ᠠ ᠰᠦᠪᠡᠭᠴᠢᠯᠡᠵᠦ᠂ ᠳᠡᠭᠡᠳᠦ ᠱᠠᠲᠤᠨ ᠤ ᠰᠠᠯᠠᠭ᠎ᠠ ᠮᠥᠴᠢᠷ᠂ ᠠᠳᠠᠯᠢ ᠱᠠᠲᠤᠨ ᠤ ᠰᠠᠯᠠᠭ᠎ᠠ ᠮᠥᠴᠢᠷ ᠯᠦᠭᠡ ᠶᠢᠨ ᠬᠠᠷᠢᠯᠴᠠᠭ᠎ᠠ ᠵᠣᠯᠭᠠᠯᠴᠠᠭ᠎ᠠ ᠶᠢ ᠰᠠᠶᠢᠲᠤᠷ ᠬᠢᠵᠦ᠂ ᠮᠡᠳᠡᠭᠡ ᠵᠠᠩᠭᠢ ᠶᠢ ᠴᠠᠭ ᠲᠤᠬᠠᠢ ᠳᠤᠨᠢ ᠬᠠᠮᠲᠤᠪᠠᠷ ᠡᠳ᠋ᠯᠡᠵᠦ᠂ ᠬᠢᠯᠢ ᠠᠯᠤᠰᠯᠠᠭᠰᠠᠨ ᠵᠢᠭᠤᠯᠴᠢᠯᠠᠯ ᠤᠨ ᠠᠵᠢᠯ ᠤᠨ ᠬᠦᠴᠦᠲᠡᠢ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃        ᠬᠤᠷᠠᠯ ᠳᠤ ᠣᠷᠣᠯᠴᠠᠭᠰᠠᠨ ᠡᠯ᠎ᠡ ᠤᠳᠤᠷᠢᠳᠤᠯᠭ᠎ᠠ ᠪᠣᠭᠤᠮᠲᠠ ᠶᠢᠨ ᠵᠠᠬ᠎ᠠ ᠶᠢᠨ ᠠᠷᠠᠯᠵᠢᠶᠠᠨ ᠤ ᠲᠣᠭᠤᠷᠢᠭ ᠵᠢᠴᠢ ᠬᠢᠯᠢ ᠠᠯᠤᠰᠯᠠᠭᠰᠠᠨ ᠵᠢᠭᠤᠯᠴᠢᠯᠠᠯ ᠤᠨ ᠠᠵᠢᠯ ᠤᠨ ᠲᠣᠭᠤᠷᠢᠨ ᠳᠤ ᠪᠣᠳᠠᠲᠠᠢ ᠰᠠᠨᠠᠯ ᠰᠠᠨᠠᠭᠤᠯᠭ᠎ᠠ ᠳᠤᠷᠠᠳᠪᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号