ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠠᠯᠪᠠᠨ ᠭᠡᠷ ᠤᠨ ᠡᠷᠬᠢᠯᠡᠭᠴᠢ ᠱᠠᠩ ᡁᠢ ᠴᠢᠶᠠᠩ ᠮᠠᠨ ᠤ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/3/30
       3 ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠠᠯᠪᠠᠨ ᠭᠡᠷ ᠤᠨ ᠡᠷᠬᠢᠯᠡᠭᠴᠢ ᠱᠠᠩ ᡁᠢ ᠴᠢᠶᠠᠩ ᠵᠡᠷᠭᠡ ᠤᠳᠤᠷᠢᠳᠤᠯᠭ᠎ᠠ ᠮᠠᠨ ᠤ ᠬᠤᠰᠢᠭᠤᠨ ᠳᠤ ᠢᠷᠡᠵᠦ᠂ ᠠᠷᠤᠬᠠᠰᠢᠶᠠᠲᠤ ᠪᠣᠭᠤᠮᠲᠠ ᠶᠢᠨ ᠪᠦᠲᠦᠭᠡᠨ ᠪᠠᠶᠢᠭᠤᠯᠤᠯᠲᠠ᠂ ᠬᠥᠭᠵᠢᠯᠲᠡ ᠶᠢᠨ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠬᠥᠯᠥᠨ ᠪᠤᠶᠢᠷ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ᠂ ᠪᠣᠭᠤᠮᠲᠠ ᠶᠢᠨ ᠠᠯᠪᠠᠨ ᠭᠡᠷ ᠤᠨ ᠡᠷᠬᠢᠯᠡᠭᠴᠢ ᠯᠢᠦ ᠲᠦᠩ ᠸᠧᠨ ᠣᠷᠣᠯᠴᠠᠵᠤ᠂ ᠬᠤᠰᠢᠭᠤᠨ ᠤ ᠤᠳᠤᠷᠢᠳᠤᠯᠭ᠎ᠠ ᠪᠥᠬᠡᠪᠠᠶᠠᠷ᠂ ᠴᠠᠩ ᠴᠢᠩ᠂ ᠲᠢᠶᠠᠨ ᠹᠧᠩ ᠯᠢᠨ ᠪᠠᠷ᠎ᠠ ᠪᠣᠯᠣᠯᠴᠠᠪᠠ᠃        ᠠᠷᠤᠬᠠᠰᠢᠶᠠᠲᠤ ᠪᠣᠭᠤᠮᠲᠠ ᠳᠤ᠂ ᠴᠠᠩ ᠴᠢᠩ ᠪᠣᠭᠤᠮᠲᠠ ᠶᠢᠨ ᠪᠦᠲᠦᠭᠡᠨ ᠪᠠᠶᠢᠭᠤᠯᠤᠯᠲᠠ᠂ ᠬᠥᠭᠵᠢᠯᠲᠡ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠪᠡ᠃
       ᠱᠠᠩ ᡁᠢ ᠴᠢᠶᠠᠩ ᠵᠡᠷᠭᠡ ᠤᠳᠤᠷᠢᠳᠤᠯᠭ᠎ᠠ ᠪᠣᠭᠤᠮᠲᠠ ᠶᠢᠨ ᠡᠯ᠎ᠡ ᠵᠦᠢᠯ ᠤᠨ ᠠᠵᠢᠯ ᠳᠤ ᠣᠯᠣᠭᠰᠠᠨ ᠠᠮᠵᠢᠯᠲᠠ ᠶᠢ ᠨᠤᠲᠠᠯᠠᠬᠤ ᠶᠢᠨ ᠬᠠᠮᠲᠤ᠂ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠪᠣᠳᠠᠲᠠᠢ ᠰᠠᠨᠠᠯ ᠰᠠᠨᠠᠭᠤᠯᠭ᠎ᠠ ᠳᠤᠷᠠᠳᠪᠠ᠃ ᠲᠡᠷᠡ᠂ ᠬᠢᠯᠢ ᠶᠢᠨ ᠪᠣᠭᠤᠮᠲᠠ ᠨᠢ ᠤᠯᠤᠰ ᠤᠨ ᠭᠠᠳᠠᠭᠠᠳᠤ ᠨᠡᠭᠡᠭᠡᠯᠲᠡ ᠶᠢᠨ ᠡᠭᠦᠳᠡ ᠪᠠ ᠴᠢᠬᠤᠯᠠ ᠲᠤᠯᠭᠠᠭᠤᠷᠢᠯᠠᠯ ᠪᠣᠯᠤᠭᠰᠠᠨ ᠤ ᠬᠤᠪᠢ ᠳᠤ᠂ ᠭᠠᠳᠠᠭᠠᠳᠤ ᠬᠠᠷᠢᠯᠴᠠᠭ᠎ᠠ ᠪᠠ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢᠨ ᠬᠥᠭᠦᠷᠭᠡ ᠪᠣᠯᠬᠤ ᠪᠠᠷ ᠪᠠᠷᠠᠬᠤ ᠦᠭᠡᠢ᠂ ᠪᠠᠰᠠ ᠤᠯᠤᠰ ᠤᠨ ᠠᠮᠤᠷ ᠲᠦᠪᠰᠢᠨ ᠤ ᠴᠢᠬᠤᠯᠠ ᠬᠠᠯᠬᠠᠪᠴᠢ ᠪᠠᠶᠢᠵᠤ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠪᠦᠬᠦ ᠲᠠᠯ᠎ᠠ ᠪᠠᠷ ᠭᠠᠳᠠᠭᠠᠳᠤ ᠨᠡᠭᠡᠭᠡᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠬᠤ ᠴᠢᠬᠤᠯᠠ ᠡᠭᠦᠷᠭᠡ ᠶᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠭᠠᠳᠠᠭᠰᠢ ᠴᠢᠭᠯᠡᠭᠦᠯᠦᠭᠰᠡᠨ ᠠᠵᠤ ᠠᠬᠤᠢ ᠶᠢᠨ ᠬᠥᠭᠵᠢᠯᠲᠡ ᠶᠢᠨ ᠲᠠᠪᠴᠠᠩ ᠪᠣᠯᠣᠨ᠎ᠠ᠃ ᠰᠢᠨ᠎ᠡ ᠪᠠᠷᠭᠤ ᠪᠠᠷᠠᠭᠤᠨ ᠬᠤᠰᠢᠭᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠨ᠂ ᠤᠯᠤᠰ ᠤᠨ ᠪᠠᠶᠢᠯᠳᠤᠬᠤ ᠪᠣᠳᠣᠯᠭ᠎ᠠ ᠳᠤ ᠦᠢᠯᠡᠴᠢᠯᠡᠵᠦ᠂ ︽ᠲᠠᠪᠤᠨ ᠶᠡᠭᠡ ᠡᠭᠦᠷᠭᠡ︾ ᠪᠠᠷ ᠶᠡᠷᠦᠩᠬᠡᠶᠢᠯᠡᠨ ᠵᠠᠬᠢᠷᠤᠭᠤᠯᠵᠤ᠂ ᠠᠵᠠ ᠲᠣᠬᠢᠶᠠᠯ ᠢ ᠠᠮᠵᠢᠨ᠂ ᠪᠣᠭᠤᠮᠲᠠ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠣᠭᠤᠮᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠪᠣᠭᠤᠮᠲᠠ ᠶᠢᠨ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠶᠢ ᠪᠦᠲᠦᠮᠵᠢᠲᠡᠢ ᠳᠡᠭᠡᠭᠰᠢᠯᠡᠭᠦᠯᠦᠨ᠂ ᠪᠣᠭᠤᠮᠲᠠ ᠶᠢᠨ ᠴᠢᠳᠠᠪᠬᠢ ᠶᠢ ᠪᠦᠬᠦ ᠬᠦᠴᠦᠨ ᠢᠶᠠᠷ ᠢᠶᠠᠨ ᠪᠠᠶᠠᠯᠢᠭᠵᠢᠭᠤᠯᠵᠤ᠂ ᠳᠤᠮᠳᠠᠳᠤ ᠮᠣᠩᠭᠤᠯ ᠤᠨ ᠤᠯᠠᠨ ᠬᠦᠷᠢᠶᠡᠨ ᠤ ᠬᠠᠮᠲᠤᠷᠠᠯᠴᠠᠭᠠᠨ ᠤ ᠲᠦᠷᠦᠯ ᠵᠦᠢᠯ ᠢ ᠨᠡᠭᠡᠭᠡᠨ ᠬᠥᠭᠵᠢᠭᠦᠯᠵᠦ᠂ ᠨᠡᠩ ᠤᠯᠠᠨ ᠠᠶᠠᠨᠴᠢᠳ ᠤᠨ ᠭᠦᠢᠯᠭᠡᠭᠡ᠂ ᠪᠠᠷᠠᠭᠠᠨ ᠤ ᠭᠦᠢᠯᠭᠡᠭᠡ᠂ ᠪᠡᠯᠡ ᠮᠥᠩᠭᠦᠨ ᠤ ᠭᠦᠢᠯᠭᠡᠭᠡ ᠶᠢ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ ᠪᠠ ︽ᠨᠢᠭᠡ ᠪᠦᠰᠡ ᠨᠢᠭᠡ ᠵᠠᠮ︾ ᠤᠨ ᠪᠣᠬᠢᠷᠳᠤᠯ ᠦᠭᠡᠢ ᠬᠥᠭᠵᠢᠯᠲᠡ ᠶᠢ ᠬᠠᠮᠲᠤᠪᠠᠷ ᠪᠠᠶᠢᠭᠤᠯᠬᠤ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠪᠡ᠃        ᠪᠥᠬᠡᠪᠠᠶᠠᠷ ᠢᠯᠡᠷᠬᠡᠶᠢᠯᠡᠬᠦ ᠳᠡᠭᠡᠨ᠂ ᠰᠢᠨ᠎ᠡ ᠪᠠᠷᠭᠤ ᠪᠠᠷᠠᠭᠤᠨ ᠬᠤᠰᠢᠭᠤ ᠲᠤᠰ ᠤᠳᠠᠭᠠᠨ ᠤ ᠪᠠᠶᠢᠴᠠᠭᠠᠨ ᠰᠤᠳᠤᠯᠤᠯᠲᠠ ᠪᠠᠷ ᠠᠵᠠ ᠲᠣᠬᠢᠶᠠᠯ ᠪᠣᠯᠭᠠᠵᠤ᠂ ᠲᠠᠨᠢᠯᠲᠠ ᠪᠠᠨ ᠳᠡᠭᠡᠭᠰᠢᠯᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠠᠵᠠ ᠲᠣᠬᠢᠶᠠᠯ ᠢ ᠠᠮᠵᠢᠨ ᠪᠦᠬᠦ ᠬᠦᠴᠦᠨ ᠢᠶᠠᠷ ᠢᠶᠠᠨ ᠦᠷ᠎ᠡ ᠪᠦᠲᠦᠮᠵᠢ ᠭᠠᠷᠭᠠᠵᠤ᠂ ᠬᠠᠷᠠᠯᠲᠠ ᠡᠭᠦᠷᠭᠡ ᠪᠠᠨ ᠲᠣᠭᠲᠠᠭᠠᠵᠤ ᠪᠣᠳᠠᠲᠠᠢ ᠪᠠᠷ ᠠᠵᠢᠯᠯᠠᠬᠤ ᠤᠳᠤᠷᠢᠳᠤᠮᠵᠢ ᠶᠢ ᠳᠣᠪᠤᠶᠢᠯᠭᠠᠵᠤ᠂ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠪᠣᠭᠤᠮᠲᠠ ᠪᠠᠷ ᠥᠩᠭᠡᠷᠡᠬᠦ ᠴᠢᠳᠠᠪᠤᠷᠢ ᠶᠢ ᠳᠡᠭᠡᠭᠰᠢᠯᠡᠭᠦᠯᠬᠦ᠂ ᠳᠣᠲᠣᠭᠠᠳᠤ ᠳᠠᠭᠠᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠢ ᠭᠦᠨᠵᠡᠭᠡᠢ ᠪᠠᠶᠢᠴᠠᠭᠠᠨ ᠰᠤᠳᠤᠯᠵᠤ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠰᠦᠪᠡᠭᠴᠢᠯᠡᠨ᠂ ᠨᠠᠩ ᠣᠯᠠᠨ ᠠᠵᠤ ᠠᠬᠤᠶᠢᠯᠠᠯ ᠤᠨ ᠪᠣᠭᠤᠮᠲᠠ ᠳᠤ ᠪᠡᠯᠡ ᠣᠷᠣᠭᠤᠯᠤᠨ ᠦᠢᠯᠡᠰ ᠬᠦᠭᠵᠢᠭᠦᠯᠬᠦ ᠶᠢ ᠢᠳᠡᠪᠬᠢᠲᠡᠢ ᠬᠥᠲᠥᠯᠥᠨ ᠵᠢᠯᠤᠭᠤᠳᠴᠤ᠂ ᠮᠣᠩᠭᠤᠯ ᠤᠯᠤᠰ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢᠨ ᠭᠦᠨᠴᠡ ᠪᠠ ᠥᠷᠭᠡᠴᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠪᠡ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号