ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠤ ᠳᠠᠷᠠᠭ᠎ᠠ ᠶᠡᠷᠦᠩᠭᠡᠶᠢᠯᠡᠭᠰᠡᠨ ᠴᠢᠨᠠᠷᠳᠠᠢ ᠡᠮ | ᠤᠤᠭᠤᠬᠤ ᠬᠡᠷᠡᠭᠲᠡᠢ ᠬᠡᠬᠦ᠃ ᠡᠮ ᠪᠣᠯᠭᠠᠨ ᠳᠤ ᠪᠦᠷ ᠭᠡᠷᠡᠭᠯᠡᠬᠦ ᠬᠡᠮᠵᠢᠶ᠎ᠡ ᠲᠠᠢ ᠪᠣᠯᠬᠤᠷ ᠳᠤᠷ᠎ᠠ ᠪᠠᠷ ᠢᠶᠠᠨ ᠣᠯᠠᠨ | ᠵᠦᠢᠯ ᠤᠨ ᠡᠮ ᠲᠠᠩ ᠤᠤᠭᠤᠪᠠᠯ ᠪᠡᠶ᠎ᠡ ᠶᠢᠨ ᠡᠷᠡᠭᠦᠯ ᠮᠡᠨᠳᠦ ᠳᠤ ᠬᠤᠣᠷ ᠬᠥᠨᠥᠭᠡᠯ ᠤᠴᠠᠷᠠᠭᠤᠯᠤᠨ᠎ᠠ᠃ | ᠣᠶᠢᠷ᠎ᠠ ᠬᠠᠷᠠᠭ᠎ᠠ ᠶᠢ ᠵᠠᠰᠠᠯ ᠬᠢᠵᠦ ᠪᠤᠯᠤᠨ᠎ᠠ ᠭᠡᠬᠦ᠃ ᠣᠳᠣᠬᠠᠨ ᠳᠤ ᠮᠡᠰᠡ ᠵᠠᠰᠠᠯ᠂ ᠨᠢᠳᠦᠨ ᠰᠢᠯ | ᠵᠡᠭᠦᠬᠦ ᠶᠢ ᠪᠠᠭᠲᠠᠭᠠᠭᠰᠠᠨ ᠶᠠᠮᠠᠷᠪᠠ ᠠᠷᠭ᠎ᠠ ᠪᠠᠷᠢᠯ ᠨᠢ ᠵᠥᠪᠬᠡᠨ ᠬᠠᠷᠠᠭ᠎ᠠ ᠶᠢ ᠵᠠᠰᠠᠬᠤ ᠠᠴᠠ ᠪᠢᠰᠢ᠂ ᠤᠤᠯ ᠤᠨ | ᠪᠠᠶᠢᠳᠠᠯ ᠢ ᠨᠢ ᠰᠡᠷᠭᠦᠭᠡᠵᠦ ᠴᠢᠳᠠᠬᠤ ᠦᠭᠡᠢ᠃ | ᠵᠢᠮᠢᠰ ᠢᠳᠡᠭᠡᠳ ᠮᠠᠷᠢᠶ᠎ᠠ ᠪᠠᠭᠤᠷᠠᠭᠤᠯᠵᠤ ᠪᠣᠯᠣᠨ᠎ᠠ ᠬᠡᠬᠦ᠃ ᠵᠥᠪᠬᠡᠨ ᠵᠢᠮᠢᠰ ᠢᠳᠡᠭᠡᠳ ᠮᠠᠷᠢᠶ᠎ᠠ | ᠪᠠᠭᠤᠷᠠᠭᠤᠯᠬᠤ ᠳᠤ ᠵᠦᠢ ᠵᠣᠬᠢᠰ ᠦᠭᠡᠢ ᠮᠥᠷᠲᠡᠭᠡᠨ ᠡᠷᠡᠭᠦᠯ ᠪᠤᠰᠤ ᠶᠤᠮ᠃ ᠡᠷᠡᠭᠦᠯ ᠮᠡᠨᠳᠦ ᠪᠠᠶᠢᠬᠤ ᠶᠢ | ᠪᠠᠲᠤᠯᠠᠬᠤ ᠳᠤ ᠤᠭᠤᠷᠠᠭ᠂ ᠥᠭᠡᠬᠦ᠂ ᠨᠡᠭᠦᠷᠡᠰᠦ ᠤᠰᠤᠨ ᠤ ᠨᠢᠭᠡᠳᠪᠦᠷᠢ᠂ ᠸᠢᠲ᠋ᠠᠮᠢᠨ᠂ ᠡᠷᠦᠳᠡᠰᠦ ᠵᠡᠷᠭᠡ ᠣᠯᠠᠨ | ᠵᠦᠢᠯ ᠤᠨ ᠰᠢᠮ᠎ᠡ ᠲᠡᠵᠢᠭᠡᠯ ᠤᠨ ᠡᠳ᠋ ᠬᠡᠷᠡᠭᠰᠡᠨ᠎ᠡ᠃ ᠣᠷᠳᠣ ᠬᠤᠭᠤᠴᠠᠭ᠎ᠠ ᠪᠠᠷ ᠵᠥᠪᠬᠡᠨ ᠵᠢᠮᠢᠰ ᠢᠳᠡᠪᠡᠯ ᠪᠡᠶ᠎ᠡ ᠶᠢᠨ | ᠰᠢᠮ᠎ᠡ ᠲᠡᠵᠢᠭᠡᠯ ᠳᠤᠲᠠᠭᠳᠠᠬᠤ ᠮᠥᠷᠲᠡᠭᠡᠨ ᠵᠠᠷᠢᠮ ᠵᠢᠮᠢᠰ ᠤᠨ ᠰᠢᠬᠢᠷ ᠤᠨ ᠠᠭᠤᠯᠤᠭᠳᠠᠴᠠ ᠨᠢ ᠨᠡᠯᠢᠶᠡᠳ ᠥᠨᠳᠥᠷ | ᠪᠠᠶᠢᠵᠤ᠂ ᠬᠡᠲᠦᠷᠡᠲᠡᠯ᠎ᠡ ᠢᠳᠡᠪᠡᠯ ᠪᠡᠶ᠎ᠡ ᠶᠢᠨ ᠬᠦᠨᠳᠦ ᠨᠢ ᠴᠦ ᠨᠡᠮᠡᠭᠳᠡᠬᠦ ᠪᠣᠯᠣᠨ᠎ᠠ᠃ | ᠭᠡᠷ ᠤᠨ ᠴᠢᠨᠢ ᠬᠠᠵᠠᠭᠤ ᠳᠤ ᠬᠦᠴᠦᠳᠡᠯ ᠥᠭᠡᠷᠡᠴᠢᠯᠡᠬᠦ ᠥᠷᠲᠡᠭᠡ ᠪᠠᠶᠢᠪᠠᠯ ᠨᠡᠭᠦᠬᠦ ᠴᠢᠬᠤᠯᠠ ᠲᠠᠢ ᠬᠡᠬᠦ᠃ | ᠳᠤᠮᠳᠠᠳᠤ ᠤᠯᠤᠰ ᠤᠨ ᠬᠦᠴᠦᠳᠡᠯ ᠥᠭᠡᠷᠡᠴᠢᠯᠡᠬᠦ ᠦᠷᠳᠡᠬᠡᠨ ᠤ ᠬᠤᠪᠢᠰᠤᠮᠠᠯ ᠭᠦᠶᠦᠳᠡᠯ ᠤᠨ ᠳᠠᠪᠲᠠᠮᠵᠢ ᠨᠢ | 50Hz ᠪᠠᠶᠢᠵᠤ᠂ ᠰᠠᠴᠤᠷᠠᠯᠲᠠ ᠨᠢ ᠲᠤᠶᠢᠯ ᠤᠨ ᠳᠣᠣᠷ᠎ᠠ ᠪᠠᠶᠢᠵᠤ᠂ ᠬᠦᠷᠢᠶ᠎ᠡ ᠬᠡᠪᠴᠢᠶ᠎ᠡ ᠨᠢ ᠲᠤᠶᠢᠯ ᠤᠨ ᠪᠠᠭ᠎ᠠ | ᠪᠣᠯᠬᠤᠷ ᠰᠠᠭᠤᠭᠠᠯᠢ ᠠᠷᠠᠳ ᠰᠠᠨᠠᠭ᠎ᠠ ᠵᠣᠪᠠᠭᠰᠠᠨ ᠤ ᠬᠡᠷᠡᠭ ᠦᠭᠡᠢ᠃ |