ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ 2023 ᠣᠨ ᠤ ᠮᠠᠯ ᠠᠵᠤ ᠠᠬᠤᠢ ᠶᠢᠨ ᠰᠠᠶᠢᠨ ᠡᠭᠦᠯᠳᠡᠷ ᠤᠨ ᠨᠦᠬᠦᠪᠦᠷᠢ ᠶᠢᠨ ᠲᠦᠷᠦᠯ ᠵᠦᠢᠯ ᠤᠨ ᠬᠠᠮᠢᠶᠠᠷᠤᠯᠲᠠ ᠶᠢᠨ ᠪᠣᠯᠪᠠᠰᠤᠷᠠᠯ ᠤᠨ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2023/3/30
       ᠣᠶᠢᠷ᠎ᠠ ᠳᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠮᠠᠯ ᠠᠵᠤ ᠠᠬᠤᠢ ᠶᠢᠨ ᠰᠠᠶᠢᠨ ᠡᠭᠦᠯᠳᠡᠷ ᠤᠨ ᠨᠦᠬᠦᠪᠦᠷᠢ ᠶᠢᠨ ᠲᠦᠷᠦᠯ ᠵᠦᠢᠯ ᠤᠨ ᠬᠠᠮᠢᠶᠠᠷᠤᠯᠲᠠ ᠶᠢᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ᠃
       ᠬᠤᠷᠠᠯ ᠳᠤ ︽ᠬᠦᠯᠦᠨ ᠪᠣᠶᠢᠷ ᠬᠤᠲᠠ ᠶᠢᠨ ᠮᠠᠯ ᠠᠵᠤ ᠠᠬᠤᠢ ᠶᠢᠨ ᠰᠠᠶᠢᠨ ᠡᠭᠦᠯᠳᠡᠷ ᠤᠨ ᠨᠦᠬᠦᠪᠦᠷᠢ ᠶᠢᠨ ᠪᠡᠯᠡ ᠮᠦᠩᠭᠦ ᠶᠢᠨ ᠬᠠᠮᠢᠶᠠᠷᠤᠯᠲᠠ ᠶᠢᠨ ᠠᠷᠭ᠎ᠠ︾ ᠶᠢ ᠤᠯᠠᠮᠵᠢᠯᠠᠬᠤ ᠶᠢᠨ ᠬᠠᠮᠲᠤ᠂ ᠮᠠᠯ ᠠᠵᠤ ᠠᠬᠤᠢ ᠲᠠᠷᠢᠶᠠᠯᠠᠩ ᠤᠨ ᠦᠢᠯᠡᠰ ᠤᠨ ᠬᠦᠭᠵᠢᠯᠲᠡ ᠶᠢᠨ ᠲᠥᠪ ᠠᠴᠠ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠳᠠᠩᠰᠠ ᠡᠪᠬᠡᠮᠡᠯ ᠢ ᠬᠡᠷᠬᠢᠨ ᠵᠢᠷᠤᠮᠵᠢᠭᠤᠯᠤᠨ ᠲᠡᠮᠳᠡᠭᠯᠡᠬᠦ ᠲᠤᠬᠠᠢ ᠨᠠᠷᠢᠨ ᠬᠢᠨᠠᠮᠠᠭᠠᠢ ᠵᠢᠯᠣᠭᠤᠳᠣᠯᠭ᠎ᠠ ᠬᠢᠪᠡ᠃
       ᠬᠤᠷᠠᠯ ᠠᠴᠠ ᠱᠠᠭᠠᠷᠳᠠᠬᠤ ᠳᠠᠭᠠᠨ᠂ ᠮᠠᠯ ᠠᠵᠤ ᠠᠬᠤᠢ ᠶᠢᠨ ᠰᠠᠶᠢᠨ ᠡᠭᠦᠯᠳᠡᠷ ᠤᠨ ᠨᠦᠬᠦᠪᠦᠷᠢ ᠪᠣᠯ ᠮᠠᠯ ᠠᠵᠤ ᠠᠬᠤᠢ ᠶᠢᠨ ᠬᠦᠭᠵᠢᠯᠲᠡ ᠶᠢ ᠲᠦᠯᠬᠢᠨ ᠠᠬᠢᠭᠤᠯᠤᠯ᠂ ᠮᠠᠯᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠨᠢᠭᠡ ᠵᠦᠢᠯ ᠤᠨ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠦᠷ᠎ᠡ ᠶᠢᠨ ᠮᠠᠯ ᠢ ᠡᠷᠬᠡᠪᠰᠢ ᠬᠢᠨᠠᠨ ᠲᠣᠭᠲᠠᠭᠠᠵᠤ᠂ ᠳᠠᠩᠰᠠ ᠡᠪᠬᠡᠮᠡᠯ ᠪᠠᠶᠢᠭᠤᠯᠤᠨ ᠳᠠᠩᠰᠠᠯᠠᠵᠤ᠂ ᠲᠦᠷᠦᠯ ᠵᠦᠢᠯ ᠤᠨ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠭᠦᠯᠵᠦ᠂ ᠬᠡᠷᠡᠭᠯᠡᠭᠴᠢᠳ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠂ ᠮᠠᠯ ᠠᠵᠤ ᠠᠬᠤᠢ ᠶᠢᠨ ᠰᠠᠶᠢᠨ ᠡᠭᠦᠯᠳᠡᠷ ᠤᠨ ᠨᠦᠬᠦᠪᠦᠷᠢ ᠶᠢᠨ ᠲᠦᠷᠦᠯ ᠵᠦᠢᠯ ᠤᠨ ᠬᠠᠮᠢᠶᠠᠷᠤᠯᠲᠠ ᠶᠢ ᠲᠠᠰᠤᠷᠠᠯᠲᠠ ᠦᠭᠡᠢ ᠴᠢᠩᠭᠠᠳᠬᠠᠨ᠂ ᠪᠡᠯᠡ ᠮᠦᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ ᠭᠡᠵᠡᠢ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号