ᠡᠯ᠎ᠡ ᠰᠤᠮᠤ ︵ᠪᠠᠯᠭᠠᠰᠤ︶ ᠶᠢᠨ ᠠᠷᠠᠳ ᠤᠨ ᠵᠠᠰᠠᠭ ᠤᠨ ᠣᠷᠳᠣᠨ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠳᠤ᠄ | ᠬᠠᠪᠤᠷ ᠤᠨ ᠤᠯᠠᠷᠢᠯ ᠤᠨ ᠮᠠᠯ ᠠᠵᠤ ᠠᠬᠤᠢ ᠶᠢᠨ ᠦᠢᠯᠡᠳᠪᠦᠷᠢᠯᠡᠯ ᠢ ᠦᠨᠡᠨᠬᠦ ᠰᠠᠶᠢᠲᠤᠷ ᠬᠢᠵᠦ᠂ ᠮᠠᠯᠵᠢᠬᠤ ᠣᠷᠣᠨ ᠤ ᠦᠢᠯᠡᠳᠪᠦᠷᠢᠯᠡᠯ ᠠᠮᠢᠳᠤᠷᠠᠯ ᠤᠨ | ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠨ᠂ ᠮᠠᠨ ᠤ ᠬᠤᠰᠢᠭᠤᠨ ᠤ ᠬᠠᠪᠤᠷ ᠤᠨ ᠤᠯᠠᠷᠢᠯ ᠤᠨ ᠲᠥᠯ ᠲᠤᠰᠴᠤ ᠪᠣᠶᠢᠵᠢᠭᠤᠯᠬᠤ ᠠᠵᠢᠯ ᠤᠨ ᠤᠷᠤᠭᠰᠢᠲᠠᠢ | ᠶᠠᠪᠤᠭᠳᠠᠬᠤ ᠶᠢ ᠪᠠᠲᠤᠯᠠᠵᠤ᠂ ᠡᠯ᠎ᠡ ᠲᠥᠷᠥᠯ ᠤᠨ ᠠᠮᠢᠲᠠᠨ ᠤ ᠬᠢᠵᠢᠭ ᠡᠪᠡᠳᠴᠢᠨ ᠤ ᠡᠭᠦᠰᠬᠦ ᠪᠠ ᠳᠡᠯᠭᠡᠷᠡᠬᠦ ᠶᠢ ᠤᠷᠢᠳᠴᠢᠯᠠᠨ ᠰᠡᠷᠭᠡᠶᠢᠯᠡᠵᠦ᠂ ᠮᠠᠯ ᠠᠵᠤ ᠠᠬᠤᠢ ᠶᠢᠨ | ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠣᠳᠤ | ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠲᠠᠨᠢᠯᠲᠠ ᠪᠠᠨ ᠳᠡᠭᠡᠭᠰᠢᠯᠡᠭᠦᠯᠵᠦ᠂ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠢ | ᠡᠯ᠎ᠡ ᠰᠤᠮᠤ ᠪᠠᠯᠭᠠᠰᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠯᠤᠭ᠎ᠠ ᠨᠡᠪᠲᠡᠷᠡᠯᠴᠡᠨ ᠵᠣᠬᠢᠴᠠᠭᠤᠯᠬᠤ ᠶᠢ ᠴᠢᠩᠭᠠᠳᠬᠠᠵᠤ᠂ | ᠲᠠᠨᠢᠯᠲᠠ ᠪᠠᠨ ᠳᠡᠭᠡᠭᠰᠢᠯᠡᠭᠦᠯᠦᠨ᠂ ᠨᠢᠭᠡᠳᠦᠯᠲᠡᠢ ᠲᠥᠯᠥᠪᠯᠡᠨ ᠨᠡᠶᠢᠳᠡᠮ ᠳᠤᠨᠢ ᠬᠠᠷᠠᠭᠠᠯᠵᠠᠵᠤ᠂ ᠬᠠᠪᠤᠷ ᠤᠨ ᠤᠯᠠᠷᠢᠯ ᠤᠨ ᠲᠥᠯ ᠲᠤᠰᠴᠤ ᠪᠣᠶᠢᠵᠢᠭᠤᠯᠬᠤ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠥᠯᠥᠪᠯᠡᠭᠡ ᠲᠠᠢ᠂ ᠳ᠋ᠦᠩᠨᠡᠯᠲᠡ ᠲᠠᠢ ᠪᠠᠶᠢᠬᠤ ᠶᠢ ᠪᠡᠶᠡᠯᠡᠭᠦᠯᠵᠦ᠂ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ | ᠠᠮᠢᠲᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ | ᠬᠤᠶᠠᠷ᠂ ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ | ᠬᠠᠪᠤᠷ ᠤᠨ ᠤᠯᠠᠷᠢᠯ ᠪᠣᠯ ᠠᠮᠢᠲᠠᠨ ᠤ ᠬᠢᠵᠢᠭ ᠣᠯᠠᠨ ᠳᠡᠯᠭᠡᠷᠡᠬᠦ ᠬᠤᠭᠤᠴᠠᠭ᠎ᠠ ᠮᠥᠨ᠂ ᠪᠠᠰᠠ ᠴᠤ ᠡᠪᠦᠯ ᠤᠨ ᠮᠠᠯ ᠤᠨᠤᠭ᠎ᠠ ᠶᠢᠨ ᠨᠤᠲᠤᠭ ᠲᠠᠭᠠᠨ | ᠪᠤᠴᠠᠬᠤ᠂ ᠭᠠᠳᠠᠨ᠎ᠠ ᠠᠴᠠ ᠢᠷᠡᠭᠰᠡᠨ ᠮᠠᠯ ᠤᠨᠤᠭ᠎ᠠ ᠶᠢ ᠬᠤᠳᠠᠯᠳᠤᠬᠤ᠂ ᠲᠥᠯ ᠲᠤᠰᠬᠤ ᠣᠷᠭᠢᠯ ᠬᠤᠭᠤᠴᠠᠭ᠎ᠠ ᠮᠥᠨ᠃ ᠤᠬᠠᠭᠤᠯᠭ᠎ᠠ ᠶᠢᠨ ᠠᠵᠢᠯ ᠢ ᠦᠨᠡᠨᠬᠦ | ᠰᠠᠶᠢᠲᠤᠷ ᠬᠢᠵᠦ᠂ ᠡᠪᠡᠳᠴᠢᠨ ᠬᠢᠵᠢᠭ ᠲᠠᠢ ᠮᠠᠯ ᠣᠷᠣᠭᠤᠯᠵᠤ ᠠᠪᠴᠢᠷᠠᠬᠤ ᠶᠢ ᠰᠡᠷᠭᠡᠶᠢᠯᠡᠨ᠂ ᠵᠢᠭᠰᠠᠭᠠᠨ ᠪᠠᠶᠢᠴᠠᠭᠠᠵᠤ ᠲᠡᠮᠳᠡᠭᠯᠡᠬᠦ᠂ ᠳᠡᠭᠡᠭᠰᠢ ᠮᠡᠳᠡᠭᠦᠯᠬᠦ ᠠᠵᠢᠯ ᠢ | ᠴᠠᠭ ᠲᠤᠬᠠᠢ ᠳᠤᠨᠢ ᠰᠠᠶᠢᠲᠤᠷ ᠬᠢᠬᠦ ᠬᠡᠷᠡᠭᠲᠡᠢ᠃ ᠬᠥᠮᠥᠨ ᠮᠠᠯ ᠳᠤ ᠪᠦᠷ ᠲᠤᠰᠳᠠᠭ ᠡᠪᠡᠳᠴᠢᠨ ᠤ ᠬᠤᠣᠷ ᠬᠥᠨᠥᠭᠡᠯ ᠵᠢᠴᠢ ᠬᠠᠯᠳᠠᠪᠤᠷᠢᠯᠠᠬᠤ ᠠᠷᠭ᠎ᠠ ᠵᠠᠮ ᠢ | ᠤᠬᠠᠭᠤᠯᠤᠨ ᠵᠢᠯᠤᠭᠤᠳᠴᠤ᠂ ᠲᠡᠵᠢᠭᠡᠨ ᠦᠷᠡᠵᠢᠭᠦᠯᠬᠦ ᠡᠷᠦᠭᠡ ᠶᠢ ᠵᠢᠯᠣᠭᠤᠳᠤᠨ ᠬᠤᠪᠢ ᠬᠥᠮᠥᠨ ᠤ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠯᠭᠡᠬᠦ ᠬᠡᠷᠡᠭᠲᠡᠢ᠃ | ᠠᠷᠢᠭᠤᠳᠬᠠᠬᠤ ᠠᠵᠢᠯ ᠤᠨ ᠴᠢᠬᠤᠯᠠ ᠴᠢᠨᠠᠷ ᠢ ᠤᠬᠠᠭᠤᠯᠤᠨ ᠵᠢᠯᠤᠭᠤᠳᠬᠤ ᠵᠢᠴᠢ ᠲᠡᠵᠢᠭᠡᠨ ᠦᠷᠡᠵᠢᠭᠦᠯᠬᠦ ᠡᠷᠦᠬᠡ ᠶᠢᠨ ᠰᠢᠨᠵᠢᠯᠡᠬᠦ ᠤᠬᠠᠭᠠᠨᠴᠢ ᠵᠢᠷᠤᠮᠵᠢᠯ ᠲᠠᠢ | ᠠᠷᠢᠭᠤᠳᠬᠠᠬᠤ ᠮᠡᠳᠡᠯᠭᠡ ᠪᠠ ᠤᠷ᠎ᠠ ᠮᠡᠷᠭᠡᠵᠢᠯ ᠢ ᠡᠵᠡᠮᠰᠢᠬᠦ ᠶᠢ ᠳᠡᠭᠡᠭᠰᠢᠯᠡᠭᠦᠯᠵᠦ᠂ ᠠᠷᠢᠭᠤᠳᠬᠠᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ | ᠪᠠᠲᠤᠯᠠᠬᠤ ᠬᠡᠷᠡᠭᠲᠡᠢ᠃ | ᠭᠤᠷᠪᠠ᠂ ᠠᠷᠢᠭᠤᠳᠬᠠᠬᠤ ᠠᠵᠢᠯ ᠢ ᠵᠢᠷᠤᠮᠵᠢᠭᠤᠯᠬᠤ ᠬᠡᠷᠡᠭᠲᠡᠢ | ᠲᠥᠯ ᠲᠤᠰᠴᠤ ᠪᠣᠶᠢᠵᠢᠭᠤᠯᠬᠤ ᠴᠠᠭ ᠪᠣᠯ ᠪᠠᠰᠠ ᠴᠤ ᠡᠪᠡᠳᠴᠢᠨ ᠲᠠᠢ ᠮᠠᠯ ᠤᠨ ᠪᠠᠺᠲ᠋ᠧᠷᠢ ᠭᠠᠳᠠᠭᠰᠢᠯᠠᠭᠤᠯᠬᠤ᠂ ᠣᠷᠴᠢᠨ ᠲᠣᠭᠤᠷᠢᠨ ᠢ ᠪᠣᠬᠢᠷᠲᠤᠭᠤᠯᠬᠤ | ᠭᠤᠣᠯ ᠴᠠᠭ ᠬᠤᠭᠤᠴᠠᠭ᠎ᠠ ᠪᠠᠶᠢᠵᠤ᠂ ᠡᠪᠡᠳᠴᠢᠨ ᠡᠭᠦᠰᠬᠡᠭᠴᠢ ᠶᠢ ᠠᠮᠠᠷᠬᠠᠨ ᠪᠣᠶ ᠪᠣᠯᠭᠠᠬᠤ ᠪᠠ ᠲᠠᠷᠬᠠᠭᠠᠵᠤ᠂ ᠨᠡᠯᠢᠶᠡᠳ ᠶᠡᠭᠡ ᠬᠢᠵᠢᠭ ᠤᠨ ᠳᠠᠯᠳᠠ ᠬᠡᠮ ᠣᠷᠣᠰᠢᠵᠤ | ᠪᠠᠶᠢᠨ᠎ᠠ᠃ ᠠᠷᠢᠭᠤᠳᠬᠠᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠤ | ᠠᠬᠤᠶᠢᠯᠠᠯ ᠢ ᠵᠢᠯᠣᠭᠤᠳᠤᠨ ᠲᠤᠰ ᠬᠠᠷᠢᠶ᠎ᠠ ᠣᠷᠣᠨ ᠤ ᠳᠣᠲᠣᠷᠠᠬᠢ ᠠᠷᠢᠭᠤᠳᠬᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠬᠢᠵᠢᠭ ᠡᠪᠡᠳᠴᠢᠨ ᠤ ᠬᠠᠯᠳᠠᠪᠤᠷᠢᠯᠠᠬᠤ | ᠠᠷᠭ᠎ᠠ ᠵᠠᠮ ᠢ ᠲᠤᠶᠢᠯᠪᠤᠷᠢᠲᠠᠢ ᠲᠠᠰᠤᠯᠵᠤ᠂ ᠬᠠᠯᠳᠠᠪᠤᠷᠢᠯᠠᠯ ᠤᠨ ᠡᠬᠢ ᠰᠤᠷᠪᠤᠯᠵᠢ ᠶᠢ ᠠᠷᠢᠭᠤᠳᠬᠠᠬᠤ ᠪᠣᠯ ᠲᠡᠵᠢᠭᠡᠨ ᠦᠷᠡᠵᠢᠭᠦᠯᠬᠦ ᠡᠷᠦᠭᠡ ᠶᠢᠨ ᠬᠠᠮᠤᠭ ᠤᠨ ᠬᠢᠮᠳᠠ | ᠪᠦᠭᠡᠳ ᠪᠦᠲᠦᠮᠵᠢᠲᠡᠶ ᠠᠮᠢᠳᠤ ᠪᠣᠳᠠᠰ ᠤᠨ ᠠᠮᠤᠷ ᠲᠦᠪᠰᠢᠨ ᠠᠷᠭ᠎ᠠ ᠬᠡᠮᠵᠢᠶ᠎ᠡ ᠪᠣᠯᠣᠨ᠎ᠠ᠃ | | |