ᠬᠠᠪᠤᠷ ᠤᠨ ᠤᠯᠠᠷᠢᠯ ᠤᠨ ᠲᠥᠯ ᠲᠣᠰᠴᠤ ᠪᠣᠶᠢᠵᠢᠭᠤᠯᠬᠤ ᠠᠵᠢᠯ ᠢ ᠦᠨᠡᠨᠬᠦ ᠰᠠᠶᠢᠲᠤᠷ ᠬᠢᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/3/7
ᠡᠯ᠎ᠡ ᠰᠤᠮᠤ ︵ᠪᠠᠯᠭᠠᠰᠤ︶ ᠶᠢᠨ ᠠᠷᠠᠳ ᠤᠨ ᠵᠠᠰᠠᠭ ᠤᠨ ᠣᠷᠳᠣᠨ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠳᠤ᠄        ᠬᠠᠪᠤᠷ ᠤᠨ ᠤᠯᠠᠷᠢᠯ ᠤᠨ ᠮᠠᠯ ᠠᠵᠤ ᠠᠬᠤᠢ ᠶᠢᠨ ᠦᠢᠯᠡᠳᠪᠦᠷᠢᠯᠡᠯ ᠢ ᠦᠨᠡᠨᠬᠦ ᠰᠠᠶᠢᠲᠤᠷ ᠬᠢᠵᠦ᠂ ᠮᠠᠯᠵᠢᠬᠤ ᠣᠷᠣᠨ ᠤ ᠦᠢᠯᠡᠳᠪᠦᠷᠢᠯᠡᠯ ᠠᠮᠢᠳᠤᠷᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠨ᠂ ᠮᠠᠨ ᠤ ᠬᠤᠰᠢᠭᠤᠨ ᠤ ᠬᠠᠪᠤᠷ ᠤᠨ ᠤᠯᠠᠷᠢᠯ ᠤᠨ ᠲᠥᠯ ᠲᠤᠰᠴᠤ ᠪᠣᠶᠢᠵᠢᠭᠤᠯᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠵᠤ᠂ ᠡᠯ᠎ᠡ ᠲᠥᠷᠥᠯ ᠤᠨ ᠠᠮᠢᠲᠠᠨ ᠤ ᠬᠢᠵᠢᠭ ᠡᠪᠡᠳᠴᠢᠨ ᠤ ᠡᠭᠦᠰᠬᠦ ᠪᠠ ᠳᠡᠯᠭᠡᠷᠡᠬᠦ ᠶᠢ ᠤᠷᠢᠳᠴᠢᠯᠠᠨ ᠰᠡᠷᠭᠡᠶᠢᠯᠡᠵᠦ᠂ ᠮᠠᠯ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠣᠳᠤ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄        ᠨᠢᠭᠡ᠂ ᠲᠠᠨᠢᠯᠲᠠ ᠪᠠᠨ ᠳᠡᠭᠡᠭᠰᠢᠯᠡᠭᠦᠯᠵᠦ᠂ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠢ        ᠡᠯ᠎ᠡ ᠰᠤᠮᠤ ᠪᠠᠯᠭᠠᠰᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠯᠤᠭ᠎ᠠ ᠨᠡᠪᠲᠡᠷᠡᠯᠴᠡᠨ ᠵᠣᠬᠢᠴᠠᠭᠤᠯᠬᠤ ᠶᠢ ᠴᠢᠩᠭᠠᠳᠬᠠᠵᠤ᠂ ᠲᠠᠨᠢᠯᠲᠠ ᠪᠠᠨ ᠳᠡᠭᠡᠭᠰᠢᠯᠡᠭᠦᠯᠦᠨ᠂ ᠨᠢᠭᠡᠳᠦᠯᠲᠡᠢ ᠲᠥᠯᠥᠪᠯᠡᠨ ᠨᠡᠶᠢᠳᠡᠮ ᠳᠤᠨᠢ ᠬᠠᠷᠠᠭᠠᠯᠵᠠᠵᠤ᠂ ᠬᠠᠪᠤᠷ ᠤᠨ ᠤᠯᠠᠷᠢᠯ ᠤᠨ ᠲᠥᠯ ᠲᠤᠰᠴᠤ ᠪᠣᠶᠢᠵᠢᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠥᠯᠥᠪᠯᠡᠭᠡ ᠲᠠᠢ᠂ ᠳ᠋ᠦᠩᠨᠡᠯᠲᠡ ᠲᠠᠢ ᠪᠠᠶᠢᠬᠤ ᠶᠢ ᠪᠡᠶᠡᠯᠡᠭᠦᠯᠵᠦ᠂ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠮᠢᠲᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃        ᠬᠤᠶᠠᠷ᠂ ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ        ᠬᠠᠪᠤᠷ ᠤᠨ ᠤᠯᠠᠷᠢᠯ ᠪᠣᠯ ᠠᠮᠢᠲᠠᠨ ᠤ ᠬᠢᠵᠢᠭ ᠣᠯᠠᠨ ᠳᠡᠯᠭᠡᠷᠡᠬᠦ ᠬᠤᠭᠤᠴᠠᠭ᠎ᠠ ᠮᠥᠨ᠂ ᠪᠠᠰᠠ ᠴᠤ ᠡᠪᠦᠯ ᠤᠨ ᠮᠠᠯ ᠤᠨᠤᠭ᠎ᠠ ᠶᠢᠨ ᠨᠤᠲᠤᠭ ᠲᠠᠭᠠᠨ ᠪᠤᠴᠠᠬᠤ᠂ ᠭᠠᠳᠠᠨ᠎ᠠ ᠠᠴᠠ ᠢᠷᠡᠭᠰᠡᠨ ᠮᠠᠯ ᠤᠨᠤᠭ᠎ᠠ ᠶᠢ ᠬᠤᠳᠠᠯᠳᠤᠬᠤ᠂ ᠲᠥᠯ ᠲᠤᠰᠬᠤ ᠣᠷᠭᠢᠯ ᠬᠤᠭᠤᠴᠠᠭ᠎ᠠ ᠮᠥᠨ᠃ ᠤᠬᠠᠭᠤᠯᠭ᠎ᠠ ᠶᠢᠨ ᠠᠵᠢᠯ ᠢ ᠦᠨᠡᠨᠬᠦ ᠰᠠᠶᠢᠲᠤᠷ ᠬᠢᠵᠦ᠂ ᠡᠪᠡᠳᠴᠢᠨ ᠬᠢᠵᠢᠭ ᠲᠠᠢ ᠮᠠᠯ ᠣᠷᠣᠭᠤᠯᠵᠤ ᠠᠪᠴᠢᠷᠠᠬᠤ ᠶᠢ ᠰᠡᠷᠭᠡᠶᠢᠯᠡᠨ᠂ ᠵᠢᠭᠰᠠᠭᠠᠨ ᠪᠠᠶᠢᠴᠠᠭᠠᠵᠤ ᠲᠡᠮᠳᠡᠭᠯᠡᠬᠦ᠂ ᠳᠡᠭᠡᠭᠰᠢ ᠮᠡᠳᠡᠭᠦᠯᠬᠦ ᠠᠵᠢᠯ ᠢ ᠴᠠᠭ ᠲᠤᠬᠠᠢ ᠳᠤᠨᠢ ᠰᠠᠶᠢᠲᠤᠷ ᠬᠢᠬᠦ ᠬᠡᠷᠡᠭᠲᠡᠢ᠃ ᠬᠥᠮᠥᠨ ᠮᠠᠯ ᠳᠤ ᠪᠦᠷ ᠲᠤᠰᠳᠠᠭ ᠡᠪᠡᠳᠴᠢᠨ ᠤ ᠬᠤᠣᠷ ᠬᠥᠨᠥᠭᠡᠯ ᠵᠢᠴᠢ ᠬᠠᠯᠳᠠᠪᠤᠷᠢᠯᠠᠬᠤ ᠠᠷᠭ᠎ᠠ ᠵᠠᠮ ᠢ ᠤᠬᠠᠭᠤᠯᠤᠨ ᠵᠢᠯᠤᠭᠤᠳᠴᠤ᠂ ᠲᠡᠵᠢᠭᠡᠨ ᠦᠷᠡᠵᠢᠭᠦᠯᠬᠦ ᠡᠷᠦᠭᠡ ᠶᠢ ᠵᠢᠯᠣᠭᠤᠳᠤᠨ ᠬᠤᠪᠢ ᠬᠥᠮᠥᠨ ᠤ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠯᠭᠡᠬᠦ ᠬᠡᠷᠡᠭᠲᠡᠢ᠃ ᠠᠷᠢᠭᠤᠳᠬᠠᠬᠤ ᠠᠵᠢᠯ ᠤᠨ ᠴᠢᠬᠤᠯᠠ ᠴᠢᠨᠠᠷ ᠢ ᠤᠬᠠᠭᠤᠯᠤᠨ ᠵᠢᠯᠤᠭᠤᠳᠬᠤ ᠵᠢᠴᠢ ᠲᠡᠵᠢᠭᠡᠨ ᠦᠷᠡᠵᠢᠭᠦᠯᠬᠦ ᠡᠷᠦᠬᠡ ᠶᠢᠨ ᠰᠢᠨᠵᠢᠯᠡᠬᠦ ᠤᠬᠠᠭᠠᠨᠴᠢ ᠵᠢᠷᠤᠮᠵᠢᠯ ᠲᠠᠢ ᠠᠷᠢᠭᠤᠳᠬᠠᠬᠤ ᠮᠡᠳᠡᠯᠭᠡ ᠪᠠ ᠤᠷ᠎ᠠ ᠮᠡᠷᠭᠡᠵᠢᠯ ᠢ ᠡᠵᠡᠮᠰᠢᠬᠦ ᠶᠢ ᠳᠡᠭᠡᠭᠰᠢᠯᠡᠭᠦᠯᠵᠦ᠂ ᠠᠷᠢᠭᠤᠳᠬᠠᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃        ᠭᠤᠷᠪᠠ᠂ ᠠᠷᠢᠭᠤᠳᠬᠠᠬᠤ ᠠᠵᠢᠯ ᠢ ᠵᠢᠷᠤᠮᠵᠢᠭᠤᠯᠬᠤ ᠬᠡᠷᠡᠭᠲᠡᠢ        ᠲᠥᠯ ᠲᠤᠰᠴᠤ ᠪᠣᠶᠢᠵᠢᠭᠤᠯᠬᠤ ᠴᠠᠭ ᠪᠣᠯ ᠪᠠᠰᠠ ᠴᠤ ᠡᠪᠡᠳᠴᠢᠨ ᠲᠠᠢ ᠮᠠᠯ ᠤᠨ ᠪᠠᠺᠲ᠋ᠧᠷᠢ ᠭᠠᠳᠠᠭᠰᠢᠯᠠᠭᠤᠯᠬᠤ᠂ ᠣᠷᠴᠢᠨ ᠲᠣᠭᠤᠷᠢᠨ ᠢ ᠪᠣᠬᠢᠷᠲᠤᠭᠤᠯᠬᠤ ᠭᠤᠣᠯ ᠴᠠᠭ ᠬᠤᠭᠤᠴᠠᠭ᠎ᠠ ᠪᠠᠶᠢᠵᠤ᠂ ᠡᠪᠡᠳᠴᠢᠨ ᠡᠭᠦᠰᠬᠡᠭᠴᠢ ᠶᠢ ᠠᠮᠠᠷᠬᠠᠨ ᠪᠣᠶ ᠪᠣᠯᠭᠠᠬᠤ ᠪᠠ ᠲᠠᠷᠬᠠᠭᠠᠵᠤ᠂ ᠨᠡᠯᠢᠶᠡᠳ ᠶᠡᠭᠡ ᠬᠢᠵᠢᠭ ᠤᠨ ᠳᠠᠯᠳᠠ ᠬᠡᠮ ᠣᠷᠣᠰᠢᠵᠤ ᠪᠠᠶᠢᠨ᠎ᠠ᠃ ᠠᠷᠢᠭᠤᠳᠬᠠᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠢ ᠵᠢᠯᠣᠭᠤᠳᠤᠨ ᠲᠤᠰ ᠬᠠᠷᠢᠶ᠎ᠠ ᠣᠷᠣᠨ ᠤ ᠳᠣᠲᠣᠷᠠᠬᠢ ᠠᠷᠢᠭᠤᠳᠬᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠬᠢᠵᠢᠭ ᠡᠪᠡᠳᠴᠢᠨ ᠤ ᠬᠠᠯᠳᠠᠪᠤᠷᠢᠯᠠᠬᠤ ᠠᠷᠭ᠎ᠠ ᠵᠠᠮ ᠢ ᠲᠤᠶᠢᠯᠪᠤᠷᠢᠲᠠᠢ ᠲᠠᠰᠤᠯᠵᠤ᠂ ᠬᠠᠯᠳᠠᠪᠤᠷᠢᠯᠠᠯ ᠤᠨ ᠡᠬᠢ ᠰᠤᠷᠪᠤᠯᠵᠢ ᠶᠢ ᠠᠷᠢᠭᠤᠳᠬᠠᠬᠤ ᠪᠣᠯ ᠲᠡᠵᠢᠭᠡᠨ ᠦᠷᠡᠵᠢᠭᠦᠯᠬᠦ ᠡᠷᠦᠭᠡ ᠶᠢᠨ ᠬᠠᠮᠤᠭ ᠤᠨ ᠬᠢᠮᠳᠠ ᠪᠦᠭᠡᠳ ᠪᠦᠲᠦᠮᠵᠢᠲᠡᠶ ᠠᠮᠢᠳᠤ ᠪᠣᠳᠠᠰ ᠤᠨ ᠠᠮᠤᠷ ᠲᠦᠪᠰᠢᠨ ᠠᠷᠭ᠎ᠠ ᠬᠡᠮᠵᠢᠶ᠎ᠡ ᠪᠣᠯᠣᠨ᠎ᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号