ᠮᠠᠨ ᠤ ᠬᠤᠰᠢᠭᠤᠨ ᠤ ︽ᠠᠨᠠᠷ ᠤᠨ ᠦᠷ᠎ᠡ︾ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠪᠠᠶᠢᠭᠤᠯᠤᠭᠳᠠᠭᠰᠠᠨ ᠪᠠ ᠯᠸᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠰᠠᠷ᠎ᠠ ᠶᠢᠨ ᠠᠵᠢᠯᠯᠠᠭ᠎ᠠ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2023/3/9
       3 ᠰᠠᠷ᠎ᠠ ᠶᠢᠨ 8 ᠤ ᠡᠳᠦᠷ᠂ ᠮᠠᠨ ᠤ ᠬᠤᠰᠢᠭᠤᠨ ᠤ ︽ᠠᠨᠠᠷ ᠤᠨ ᠦᠷ᠎ᠡ︾ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠪᠠᠶᠢᠭᠤᠯᠤᠭᠳᠠᠭᠰᠠᠨ ᠪᠠ ᠯᠸᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠰᠠᠷ᠎ᠠ ᠶᠢᠨ ᠡᠬᠢᠯᠡᠯᠲᠡ ᠶᠢᠨ ᠶᠣᠰᠣᠯᠠᠯ ᠬᠤᠰᠢᠭᠤᠨ ᠤ ᠦᠨᠳᠦᠰᠦᠲᠡᠨ ᠤ ᠰᠣᠶᠣᠯ ᠤᠨ ᠲᠥᠪ ᠤᠨ ᠮᠡᠳᠡᠭᠦᠯᠦᠯᠲᠡ ᠶᠢᠨ ᠲᠢᠩᠬᠢᠮ ᠳᠤ ᠶᠠᠪᠤᠭᠳᠠᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠳᠠᠯᠠᠶᠢᠪᠠᠲᠤ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠴᠢᠤᠸᠠᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠤᠯᠠᠭᠠᠨᠲᠤᠶᠠᠭ᠎ᠠ᠂ ᠬᠤᠰᠢᠭᠤᠨ ᠤ ᠤᠯᠤᠰ ᠲᠦᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠮᠠᠨᠳᠤᠯ᠎ᠠ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃        ᠣᠶᠢᠷ᠎ᠠ ᠶᠢᠨ ᠵᠢᠯ ᠠᠴᠠ ᠮᠠᠨ ᠤ ᠬᠤᠰᠢᠭᠤ ᠢᠮᠠᠭᠲᠠ ᠤᠷᠤᠭᠰᠢᠯᠠᠨ ᠳᠠᠪᠰᠢᠬᠤ ᠵᠣᠷᠢᠭ ᠰᠠᠨᠠᠭ᠎ᠠ ᠪᠠ ᠡᠷᠡᠯᠬᠡᠭᠯᠡᠨ ᠤᠷᠤᠭᠰᠢᠯᠠᠬᠤ ᠲᠡᠮᠡᠴᠡᠯ ᠤᠨ ᠳᠦᠷᠢ ᠳᠦᠷᠬᠦ ᠪᠠᠷ ᠯᠸᠢ ᠹᠧᠩ ᠤᠨ ᠵᠣᠷᠢᠭ ᠰᠠᠨᠠᠭ᠎ᠠ ᠶᠢ ᠶᠡᠬᠡᠪᠡᠷ ᠤᠯᠠᠮᠵᠢᠯᠠᠨ ᠪᠠᠳᠠᠷᠠᠭᠤᠯᠵᠤ᠂ ᠰᠠᠶᠢᠨ ᠳᠤᠷ᠎ᠠ ᠶᠢᠨ ᠠᠵᠢᠯᠯᠠᠭ᠎ᠠ ᠶᠢ ᠳᠡᠯᠭᠡᠷᠡᠩᠭᠦᠢ ᠦᠷᠨᠢᠭᠦᠯᠦᠨ᠂ ᠪᠦᠬᠦ ᠬᠤᠰᠢᠭᠤᠨ ᠳᠤ ᠨᠢᠭᠡ ᠪᠦᠯᠦᠭ ᠰᠢᠯᠢᠳᠡᠭ ᠰᠠᠶᠢᠨ ᠳᠤᠷᠠᠴᠤᠳ ᠰᠢᠯᠭᠠᠷᠠᠨ ᠭᠠᠷᠴᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠦᠢᠯᠡᠰ ᠦᠷᠨᠢᠭᠦᠨ ᠬᠦᠭᠵᠢᠵᠦ᠂ ᠭᠦᠨᠵᠡᠭᠡᠢ ᠠᠬᠢᠭᠤᠯᠤᠭᠰᠠᠨ ᠪᠣᠳᠠᠲᠤ ᠪᠠᠶᠢᠳᠠᠯ ᠢᠯᠡᠷᠡᠵᠡᠢ᠃        ᠡᠬᠢᠯᠡᠯᠲᠡ ᠶᠢᠨ ᠶᠣᠰᠣᠯᠠᠯ ᠳᠡᠭᠡᠷ᠎ᠡ᠂ ᠪᠦᠬᠦ ᠬᠤᠰᠢᠭᠤᠨ ᠤ 2022 ᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ︽ᠭᠤᠷᠪᠠᠨ ᠨᠢᠭᠡ ᠪᠦᠯᠦᠭ︾ ᠲᠡᠷᠢᠭᠦᠨ ᠤ ᠬᠠᠮᠲᠤ ᠨᠡᠶᠢᠲᠡ ᠪᠠ ᠬᠤᠪᠢ ᠬᠦᠮᠦᠨ᠂ ︽ᠰᠢᠨ᠎ᠡ ᠴᠠᠭ ᠦᠶ᠎ᠡ ᠶᠢᠨ ᠰᠢᠯᠢᠳᠡᠭ ᠪᠠᠭᠠᠴᠤᠳ︾ ᠤᠨ ᠢᠷᠠᠭᠤ ᠠᠯᠳᠠᠷ ᠢ ᠬᠦᠷᠲᠡᠭᠰᠡᠳ ᠲᠤ ᠱᠠᠩᠨᠠᠯ ᠭᠠᠷᠳᠠᠭᠤᠯᠵᠤ᠂ ᠡᠯ᠎ᠡ ᠰᠣᠮᠣ ᠪᠠᠯᠭᠠᠰᠤ᠂ ᠰᠢᠭᠤᠳ ᠬᠠᠷᠢᠶ᠎ᠠ ᠪᠠᠶᠢᠭᠤᠯᠭ᠎ᠠ ᠨᠢᠭᠡᠴᠡ᠂ ᠰᠤᠷᠭᠠᠨ ᠬᠦᠮᠦᠵᠢᠯ ᠤᠨ ᠰᠢᠰᠲ᠋ᠧᠮ ᠤᠨ ᠬᠢᠨ ︽ᠠᠨᠠᠷ ᠤᠨ ᠦᠷ᠎ᠡ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠪᠠᠶᠢᠭᠤᠯᠵᠤ᠂ ᠲᠤᠬᠠᠢ ᠶᠢᠨ ᠲᠠᠯᠠᠪᠤᠷ ᠲᠤ ᠰᠠᠶᠢᠨ ᠳᠤᠷᠠᠴᠤᠳ ᠲᠠᠩᠭᠠᠷᠢᠭᠯᠠᠨ᠂ ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡ ᠶᠢ ᠰᠠᠶᠢᠲᠤᠷ ᠬᠢᠬᠦ ᠡᠷᠡᠰ ᠪᠠᠲᠤ ᠢᠲᠡᠭᠡᠯ ᠵᠣᠷᠢᠭ ᠢᠶᠠᠨ ᠢᠯᠡᠳᠬᠡᠵᠦ᠂ ᠣᠷᠭᠢᠯᠤᠮ᠎ᠠ ᠬᠠᠯᠠᠭᠤᠨ ᠰᠡᠳᠬᠢᠯᠭᠡ᠂ ᠣᠮᠤᠭ ᠲᠡᠭᠦᠯᠳᠡᠷ ᠥᠭᠡᠳᠡᠯᠡᠨ ᠳᠠᠪᠰᠢᠬᠤ ᠤᠷᠢ ᠵᠠᠯᠠᠭᠤ ᠨᠠᠰᠤᠨ ᠤ ᠴᠤᠭ ᠵᠢᠪᠬᠤᠭ᠎ᠠ ᠶᠢ ᠢᠯᠡᠷᠡᠭᠦᠯᠪᠡ᠃ ︽ᠬᠠᠨᠳᠢᠪ ᠡᠷᠭᠦᠬᠦ᠂ ᠨᠦᠬᠦᠷᠯᠡᠯ᠂ ᠬᠠᠷᠢᠯᠴᠠᠨ ᠬᠠᠪᠰᠤᠷᠤᠯᠴᠠᠬᠤ᠂ ᠲᠠᠪᠰᠢᠬᠤ︾ ᠵᠣᠷᠢᠭ ᠰᠠᠨᠠᠭ᠎ᠠ ᠶᠢ ᠰᠢᠨ᠎ᠡ ᠪᠠᠷᠭᠤ ᠪᠠᠷᠠᠭᠤᠨ ᠬᠤᠰᠢᠭᠤᠨ ᠳᠤ ᠦᠷᠭᠡᠨ ᠳᠡᠯᠭᠡᠷᠡᠩᠭᠦᠢ ᠤᠬᠠᠭᠤᠯᠤᠨ ᠲᠠᠷᠬᠠᠭᠠᠵᠤ᠂ ᠪᠣᠯᠪᠠᠰᠤᠨ ᠦᠢᠯᠡᠳᠦᠯᠭᠡ ᠶᠢ ᠬᠦᠴᠦᠯᠡᠨ ᠴᠢᠷᠮᠠᠶᠢᠵᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠤᠯᠲᠠ᠂ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ ᠳᠤ ᠰᠢᠨ᠎ᠡ ᠬᠠᠷᠢᠭᠤᠯᠲᠠ ᠥᠭᠬᠦ ᠪᠣᠯᠣᠨ᠎ᠠ᠃        ᠳᠠᠯᠠᠶᠢᠪᠠᠲᠤ ᠶᠠᠷᠢᠶᠠᠨ ᠳᠠᠭᠠᠨ᠂ ᠣᠳᠣᠬᠠᠨ ᠳᠤ ᠬᠦᠯᠦᠨ ᠪᠣᠶᠢᠷ ᠬᠤᠲᠠ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠳᠠᠬᠢᠨᠲᠠ ᠡᠭᠦᠳᠦᠨ ᠪᠠᠶᠢᠭᠤᠯᠬᠤ ᠵᠠᠩᠭᠢᠯᠠᠭ᠎ᠠ ᠶᠢᠨ ᠱᠠᠲᠤᠨ ᠳᠤ ᠣᠷᠣᠰᠢᠵᠤ᠂ ︽ᠠᠨᠠᠷ ᠤᠨ ᠦᠷ᠎ᠡ︾ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠪᠠᠶᠢᠭᠤᠯᠤᠭᠳᠠᠭᠰᠠᠨ ᠨᠢ ᠮᠠᠨ ᠤ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠱᠤᠭᠤᠮ ᠪᠣᠯᠭᠠᠵᠤ᠂ ᠦᠨᠳᠦᠰᠦᠨ ᠱᠠᠲᠤᠨ ᠤ ᠦᠨᠳᠦᠰᠦᠲᠡᠨ ᠤ ᠠᠵᠢᠯ ᠤᠨ ᠡᠩᠨᠡᠭᠡᠨ ᠤ ᠰᠢᠰᠲ᠋ᠧᠮ ᠢ ᠤᠯᠠᠮ ᠲᠡᠭᠦᠯᠳᠡᠷᠵᠢᠭᠦᠯᠦᠨ᠂ ᠡᠯ᠎ᠡ ᠦᠨᠳᠦᠰᠦᠲᠡᠨ ᠤ ᠣᠯᠠᠨ ᠲᠦᠮᠡᠨ ᠤ ︽ᠬᠠᠮᠤᠭ ᠡᠴᠦᠰ ᠤᠨ ᠨᠢᠭᠡ ᠺᠢᠯᠤᠮᠧᠲᠷ︾ ᠢ ᠤᠬᠠᠭᠤᠯᠬᠤ᠂ ᠬᠠᠯᠠᠮᠵᠢᠯᠠᠬᠤ ᠬᠦᠴᠦᠲᠡᠢ ᠠᠷᠭ᠎ᠠ ᠠᠪᠴᠠᠯ ᠪᠣᠯᠭᠠᠵᠤ᠂ ᠡᠯ᠎ᠡ ᠰᠠᠯᠠᠭ᠎ᠠ ᠮᠦᠴᠢᠷ᠂ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠨᠦᠭᠦᠳ ᠤᠨ ᠬᠤᠭᠤᠷᠣᠨᠳᠣᠬᠢ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ ᠢ ᠴᠢᠨᠠᠭᠰᠢᠳᠠ ᠠᠬᠢᠭᠤᠯᠤᠨ᠂ ᠮᠠᠨ ᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠪᠠ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠰ ᠤᠨ ᠦᠷᠬᠦᠯᠵᠢᠯᠡᠨ ᠬᠦᠭᠵᠢᠬᠦ ᠶᠢ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号