ᠰᠢ ᠶᠢᠨ ᠫᠢᠩ ᠹᠷᠠᠨᠼᠢ ᠶᠢᠨ ᠶᠡᠷᠦᠩᠬᠡᠶᠢᠯᠡᠭᠴᠢ ᠮᠠᠶᠢᠺᠷᠤᠨ ᠲᠠᠢ ᠭᠤᠸᠠᠩᠵᠧᠦ ᠳᠤ ᠠᠯᠪᠠᠨ ᠶᠣᠰᠣᠨ ᠤ ᠪᠤᠰᠤ ᠠᠭᠤᠯᠵᠠᠯᠲᠠ ᠬᠢᠪᠡ
ᠨᠡᠶᠢᠲᠡᠯᠡᠭᠰᠡᠨ ᠴᠠᠭ᠄
2023/4/11
       4 ᠰᠠᠷ᠎ᠠ ᠶᠢᠨ 7 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠭᠤᠸᠠᠩᠳᠦ᠋ᠩ ᠮᠤᠵᠢ ᠶᠢᠨ ᠭᠤᠸᠠᠩᠵᠧᠦ ᠬᠤᠳᠠ ᠶᠢᠨ ᠨᠠᠷᠠᠰᠤᠨ ᠬᠦᠷᠢᠶᠡᠯᠡᠩ ᠳᠤ ᠹᠷᠠᠨᠼᠢ ᠶᠢᠨ ᠶᠡᠷᠦᠩᠬᠡᠶᠢᠯᠡᠭᠴᠢ ᠮᠠᠶᠢᠺᠷᠤᠨ ᠲᠠᠢ ᠠᠯᠪᠠᠨ ᠶᠣᠰᠣᠨ ᠤ ᠪᠤᠰᠤ ᠠᠭᠤᠯᠵᠠᠯᠲᠠ ᠬᠢᠪᠡ᠃        ᠳᠡᠯᠭᠡᠷᠡᠬᠦ ᠬᠠᠪᠤᠷ ᠤᠨ ᠭᠤᠸᠠᠩᠵᠧᠦ ᠲᠡᠭᠦᠰ ᠦᠵᠡᠮᠵᠢ ᠪᠦᠷᠢᠳᠴᠦ᠂ ᠬᠤᠸᠠᠷ ᠴᠡᠴᠡᠭ ᠮᠢᠷᠠᠯᠵᠠᠨ ᠳᠡᠯᠭᠡᠷᠡᠨ᠎ᠡ᠃ ᠪᠠᠢ ᠶᠦᠨ ᠱᠠᠨ ᠠᠭᠤᠯᠠ ᠶᠢᠨ ᠬᠤᠷᠮᠣᠢ ᠳᠤ ᠪᠠᠶᠢᠷᠢᠯᠠᠵᠤ ᠪᠠᠶᠢᠭ᠎ᠠ ᠨᠠᠷᠠᠰᠤᠨ ᠬᠦᠷᠢᠶᠡᠯᠡᠩ ᠠᠭᠤᠯᠠ ᠶᠢ ᠳᠥᠰᠢᠨ ᠤᠰᠤ ᠶᠢ ᠨᠠᠯᠠᠵᠤ᠂ ᠲᠠᠭᠲᠤ ᠰᠦᠨᠳᠡᠷᠯᠡᠨ ᠬᠦᠷᠬᠢᠷ᠎ᠡ ᠴᠢᠳᠬᠤᠯᠠᠵᠤ᠂ ᠡᠲᠡᠭᠡᠳ ᠭᠤᠶᠣᠬᠠᠨ᠃        ᠰᠢ ᠶᠢᠨ ᠫᠢᠩ ᠮᠠᠶᠢᠺᠷᠤᠨ ᠤ ᠭᠤᠸᠠᠩᠵᠧᠦ ᠳᠤ ᠠᠶᠢᠯᠴᠢᠯᠠᠬᠤ ᠪᠠᠷ ᠢᠷᠡᠭᠰᠡᠨ ᠢ ᠬᠠᠯᠠᠭᠤᠨ ᠢᠶᠠᠷ ᠤᠭᠲᠤᠵᠤ᠂ ᠶᠡᠷᠦᠩᠬᠡᠶᠢᠯᠡᠭᠴᠢ ᠮᠠᠶᠢᠺᠷᠤᠨ ᠲᠠᠢ ᠳᠠᠬᠢᠨᠲᠠ ᠠᠭᠤᠯᠵᠠᠵᠤ ᠠᠭᠤᠵᠢᠷᠠᠲᠠᠯ᠎ᠠ ᠶᠠᠷᠢᠯᠴᠠᠬᠤ ᠪᠣᠯᠤᠭᠰᠠᠨ ᠳᠠᠭᠠᠨ ᠮᠠᠰᠢ ᠪᠠᠶᠠᠷ ᠲᠠᠢ ᠪᠠᠶᠢᠬᠤ ᠪᠠᠨ ᠢᠯᠡᠳᠬᠡᠪᠡ᠃
       ᠬᠤᠶᠠᠷ ᠤᠯᠤᠰ ᠤᠨ ᠲᠡᠷᠢᠭᠦᠨ ᠴᠡᠴᠡᠭ ᠤᠨ ᠬᠦᠷᠢᠶᠡᠯᠡᠩ ᠳᠤ ᠰᠡᠯᠡᠭᠦᠴᠡᠨ ᠠᠯᠬᠤᠬᠤ ᠶᠢᠨ ᠳᠠᠭᠠᠤ ᠵᠣᠭᠤᠭᠳᠠᠵᠤ᠂ ᠪᠠᠶᠢᠨ ᠪᠠᠶᠢᠨ ᠵᠣᠭᠬᠢᠵᠦ᠂ ᠯᠢᠩᠨᠠᠨ ᠴᠡᠴᠡᠷᠯᠢᠭ ᠤᠨ ᠥᠪᠡᠷᠮᠢᠴᠡ ᠦᠵᠡᠮᠵᠢ ᠶᠢ ᠰᠣᠨᠢᠷᠬᠠᠨ᠎ᠠ᠃
       ᠬᠤᠶᠠᠷ ᠤᠯᠤᠰ ᠤᠨ ᠲᠡᠷᠢᠭᠦᠨ ᠤᠰᠤ ᠬᠥᠪᠡᠭᠡᠳᠡᠨ ᠰᠠᠭᠤᠵᠤ᠂ ᠦᠵᠡᠮᠵᠢ ᠰᠣᠨᠢᠷᠬᠠᠨ ᠴᠠᠢ ᠠᠮᠲᠠᠯᠠᠵᠤ᠂ ᠡᠷᠲᠡᠨ ᠡᠳᠦᠭᠡ ᠶᠢ ᠥᠭᠦᠯᠡᠪᠡ᠃        ᠰᠢ ᠶᠢᠨ ᠫᠢᠩ᠂ ᠥᠨᠥᠳᠥᠷ ᠤᠨ ᠳᠤᠮᠳᠠᠳᠤ ᠤᠯᠤᠰ ᠢ ᠣᠶᠢᠯᠠᠭᠠᠬᠤ ᠳᠤ ᠳᠤᠮᠳᠠᠳᠤ ᠤᠯᠤᠰ ᠤᠨ ᠲᠡᠦᠬᠡ ᠶᠢ ᠣᠶᠢᠯᠠᠭᠠᠬᠤ ᠠᠴᠠ ᠡᠭᠢᠯᠡᠭᠦ ᠬᠡᠷᠡᠭᠲᠡᠢ᠃ ᠭᠤᠸᠠᠩᠵᠧᠦ ᠪᠣᠯ ᠳᠤᠮᠳᠠᠳᠤ ᠤᠯᠤᠰ ᠤᠨ ᠠᠷᠠᠳᠴᠢᠯᠠᠭᠰᠠᠨ ᠬᠤᠪᠢᠰᠬᠠᠯ ᠤᠨ ᠭᠤᠯᠣᠮᠲᠠ ᠪᠥᠭᠡᠳ ᠳᠤᠮᠳᠠᠳᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢᠨ ᠬᠤᠰᠢᠭᠤᠴᠢ ᠮᠥᠨ᠃ 1000 ᠭᠠᠷᠤᠢ ᠵᠢᠯ ᠤᠨ ᠡᠮᠦᠨ᠎ᠡ᠂ ᠭᠤᠸᠠᠩᠵᠧᠦ ᠪᠣᠯ ᠳᠠᠷᠤᠢ ᠳᠠᠯᠠᠢ ᠳᠡᠭᠡᠷᠡᠬᠢ ᠲᠣᠷᠭᠠᠨ ᠵᠠᠮ ᠤᠨ ᠨᠢᠭᠡ ᠡᠭᠢᠯᠡᠯᠲᠡ ᠶᠢᠨ ᠴᠡᠭ ᠪᠠᠶᠢᠪᠠ᠃ 100 ᠭᠠᠷᠤᠢ ᠵᠢᠯ ᠤᠨ ᠡᠮᠦᠨ᠎ᠡ᠂ ᠳᠠᠷᠤᠢ ᠠᠳᠡ ᠣᠷᠴᠢᠨ ᠤᠳᠤ ᠦᠶ᠎ᠡ ᠶᠢᠨ ᠳᠤᠮᠳᠠᠳᠤ ᠤᠯᠤᠰ ᠤᠨ ᠲᠠᠪᠰᠢᠯᠳᠠ ᠶᠢᠨ ᠡᠭᠦᠳᠡ ᠶᠢ ᠨᠡᠭᠡᠭᠡᠭᠰᠡᠨ ᠶᠤᠮ᠃ 40 ᠭᠠᠷᠤᠢ ᠵᠢᠯ ᠤᠨ ᠡᠮᠦᠨ᠎ᠡ᠂ ᠮᠥᠨ ᠴᠦ ᠠᠳᠡ ᠡᠩ ᠲᠡᠷᠢᠭᠦᠨ ᠳᠤ ᠨᠢᠭᠡᠨ ᠵᠤᠷᠪᠤᠰ ᠠᠵᠤ ᠠᠬᠤᠢ ᠶᠢᠨ ᠣᠨᠴᠠᠭᠠᠢ ᠣᠷᠣᠨ ᠢ ᠪᠦᠲᠦᠭᠡᠨ ᠪᠠᠶᠢᠭᠤᠯᠬᠤ ᠵᠠᠮ ᠢ ᠨᠡᠭᠡᠭᠡᠪᠡ᠃ ᠤᠳᠤ ᠭᠤᠸᠠᠩᠵᠧᠦ ᠶᠠᠭ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠲᠠᠯ᠎ᠠ ᠪᠠᠷ ᠳᠠᠭᠠᠭᠤᠯᠤᠭᠴᠢ ᠪᠠ ᠪᠤᠬ᠎ᠠ ᠲᠡᠷᠭᠡᠨ ᠤ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ ᠪᠠᠶᠢᠨ᠎ᠠ ᠭᠡᠵᠦ ᠵᠢᠭᠠᠵᠤ ᠭᠠᠷᠭᠠᠪᠠ᠃        ᠰᠢ ᠶᠢᠨ ᠫᠢᠩ ᠮᠠᠶᠢᠺᠷᠤᠨ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠮᠥᠨ ᠴᠢᠨᠠᠷ ᠤᠨ ᠣᠨᠴᠠᠯᠢᠭ ᠪᠣᠯᠣᠨ ᠭᠤᠣᠯ ᠴᠢᠮᠦᠭᠡ ᠪᠤᠯᠬᠤ ᠴᠢᠬᠤᠯᠠ ᠠᠭᠤᠯᠭ᠎ᠠ ᠶᠢ ᠲᠠᠨᠢᠯᠴᠠᠭᠤᠯᠵᠤ᠂ ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ᠂ ᠡᠨᠡ ᠪᠣᠯ ᠳᠤᠮᠳᠠᠳᠤ ᠤᠯᠤᠰ ᠤᠳᠠᠭ᠎ᠠ ᠪᠦᠷᠢ ᠶᠢᠨ ᠥᠭᠡᠷᠡᠴᠢᠯᠡᠯᠲᠡ ᠨᠡᠭᠡᠭᠡᠯᠲᠡ ᠪᠣᠯᠣᠨ ᠰᠢᠨ᠎ᠡ ᠶᠢ ᠡᠭᠦᠳᠭᠦ ᠬᠥᠭᠵᠢᠯᠲᠡ ᠪᠠᠷ ᠳᠠᠮᠵᠢᠨ ᠠᠭᠠᠵᠢᠮ ᠢᠶᠠᠷ ᠪᠦᠷᠢᠯᠳᠦᠭᠰᠡᠨ ᠣᠳᠣᠬᠢᠴᠢᠯᠠᠯᠲᠠ ᠶᠢᠨ ᠡᠩ ᠤᠨ ᠵᠢᠮ᠎ᠡ ᠶᠣᠰᠣᠨ ᠳᠤ ᠨᠡᠶᠢᠴᠡᠭᠦ ᠪᠥᠭᠡᠳ ᠥᠪᠡᠷᠮᠢᠴᠡ ᠣᠨᠴᠠᠯᠢᠭ ᠲᠠᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠤᠨᠤᠯ ᠪᠣᠯᠣᠨ ᠦᠢᠯᠡᠳᠦᠯᠭᠡ ᠪᠣᠯᠣᠨ᠎ᠠ᠃ ᠪᠢᠳᠡ ᠳᠤᠮᠳᠠᠳᠤ ᠤᠯᠤᠰ ᠤᠨ ᠬᠥᠭᠵᠢᠯᠲᠡ ᠶᠢᠨ ᠢᠷᠡᠭᠡᠳᠦᠢ ᠳᠤ ᠢᠲᠡᠭᠡᠯ ᠲᠡᠭᠦᠯᠳᠡᠷ ᠪᠠᠶᠢᠨ᠎ᠠ᠃ ᠹᠷᠠᠨᠼᠢ ᠶᠢᠨ ᠲᠠᠯ᠎ᠠ ᠶᠢᠨ ᠬᠢᠨ ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ᠂ ᠱᠠᠩᠬᠠᠢ ᠶᠢᠨ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ ᠪᠠ ᠳᠤᠮᠳᠠᠳᠤ ᠤᠯᠤᠰ ᠤᠨ ᠤᠯᠠᠨ ᠤᠯᠤᠰ ᠤᠨ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ ᠳᠤ ᠦᠷᠭᠦᠯᠵᠢᠯᠡᠨ ᠢᠳᠡᠪᠬᠢᠲᠡᠢ ᠣᠷᠣᠯᠴᠠᠵᠤ᠂ ᠳᠤᠮᠳᠠᠳᠤ ᠤᠯᠤᠰ ᠲᠠᠬᠢ ᠵᠠᠬ᠎ᠠ ᠳᠡᠯᠭᠡᠭᠦᠷ ᠢᠶᠠᠨ ᠴᠢᠨᠠᠭᠰᠢᠳᠠ ᠥᠷᠭᠡᠳᠬᠡᠬᠦ ᠶᠢ ᠪᠠᠶᠠᠷᠯᠠᠨ ᠤᠭᠲᠤᠵᠤ ᠪᠠᠶᠢᠨ᠎ᠠ ᠭᠡᠵᠦ ᠴᠢᠬᠤᠯᠠᠴᠢᠯᠠᠨ ᠵᠢᠭᠠᠵᠤ ᠭᠠᠷᠭᠠᠪᠠ᠃        ᠮᠠᠶᠢᠺᠷᠤᠨ᠂ ᠵᠢᠩᠬᠢᠨᠢ ᠨᠥᠬᠦᠷᠯᠡᠯ ᠪᠣᠯ ᠬᠠᠷᠢᠯᠴᠠᠨ ᠣᠶᠢᠯᠠᠭᠠᠯᠴᠠᠵᠤ᠂ ᠬᠠᠷᠢᠯᠴᠠᠨ ᠬᠦᠨᠳᠦᠳᠬᠡᠳᠡᠭ ᠶᠤᠮ᠃ ᠹᠷᠠᠨᠼᠢ ᠶᠢᠨ ᠬᠢᠨ ᠳᠤᠮᠳᠠᠳᠤ ᠤᠯᠤᠰ ᠤᠨ ᠬᠢᠨ ᠤ ᠹᠷᠠᠨᠼᠢ ᠪᠣᠯᠣᠨ ᠡᠸᠦ᠋ᠷᠦᠫᠡ ᠲᠢᠪ ᠤᠨ ᠪᠡᠶ᠎ᠡ ᠪᠠᠨ ᠳᠠᠭᠠᠭᠠᠵᠤ ᠡᠵᠡᠨ ᠮᠡᠳᠡᠭᠦ ᠪᠠ ᠪᠦᠯᠬᠦᠮᠳᠡᠯ ᠨᠢᠭᠡᠳᠦᠯ ᠢ ᠪᠠᠷᠢᠮᠲᠠᠯᠠᠬᠤ ᠶᠢ ᠢᠮᠠᠭᠲᠠ ᠲᠡᠮᠵᠢᠵᠥ ᠪᠠᠶᠢᠬᠤ ᠶᠢ ᠮᠠᠭᠲᠠᠨ ᠰᠠᠶᠢᠰᠢᠶᠠᠵᠤ᠂ ᠳᠤᠷᠠᠲᠠᠶ᠎ᠠ ᠳᠤᠮᠳᠠᠳᠤ ᠤᠯᠤᠰ ᠯᠤᠭ᠎ᠠ ᠲᠤᠰ ᠲᠤᠰ ᠤᠨ ᠢᠶᠠᠨ ᠡᠷᠬᠡ ᠮᠡᠳᠡᠯ ᠪᠣᠯᠣᠨ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠵᠡᠷᠭᠡ ᠭᠤᠣᠯᠯᠠᠭᠴᠢ ᠠᠰᠢᠭ ᠲᠤᠰᠠ ᠶᠢ ᠬᠠᠷᠢᠯᠴᠠᠨ ᠭᠦᠨᠳᠦᠳᠭᠡᠵᠦ᠂ ᠮᠡᠷᠭᠡᠵᠢᠯ ᠤᠨ ᠠᠵᠤ ᠦᠢᠯᠡᠳᠪᠦᠷᠢ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠵᠠᠬ᠎ᠠ ᠳᠡᠯᠭᠡᠭᠦᠷ ᠢᠶᠠᠨ ᠬᠠᠷᠢᠯᠴᠠᠨ ᠨᠡᠭᠡᠭᠡᠵᠦ᠂ ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠤᠰ ᠲᠤᠰ ᠤᠨ ᠢᠶᠠᠨ ᠬᠥᠭᠵᠢᠯ ᠮᠠᠨᠳᠤᠯ ᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃
       ︽ᠥᠨᠳᠥᠷ ᠠᠭᠤᠯᠠ ᠤᠷᠤᠰᠬᠠᠯ ᠤᠰᠤ︾ ᠭᠡᠬᠦ ᠢᠷᠠᠭᠤ ᠴᠡᠭᠡᠯᠬᠡᠨ ᠤᠶᠠᠬᠠᠨ ᠡᠭᠡᠰᠢᠭᠲᠦ ᠬᠤᠭᠤᠷ ᠤᠨ ᠬᠥᠭᠵᠢᠮ ᠤᠨ ᠠᠶ᠎ᠠ ᠶᠢ ᠳᠠᠭᠠᠵᠤ᠂ ᠰᠢ ᠶᠢᠨ ᠫᠢᠩ ᠪᠣᠯᠣᠨ ᠮᠠᠶᠢᠺᠷᠤᠨ ᠪᠠᠢ ᠶᠦᠨ ᠲᠢᠩᠬᠢᠮ ᠳᠤ ᠬᠦᠷᠴᠦ ᠢᠷᠡᠨ᠂ ᠮᠢᠩᠭᠠᠨ ᠣᠨ ᠤ ᠡᠷᠲᠡᠨ ᠤ ᠬᠥᠭᠵᠢᠮ ᠢᠶᠠᠷ ᠮᠢᠩᠭᠠᠨ ᠣᠨ ᠤ ᠲᠠᠰᠤᠷᠬᠠᠢ ᠳᠠᠭᠤᠯᠠᠯ ᠢ ᠰᠣᠨᠢᠷᠬᠠᠵᠤ᠂ ᠮᠢᠩᠭᠠᠨ ᠣᠨ ᠤ ᠴᠠᠢ ᠶᠢᠨ ᠦᠨᠦᠷ ᠠᠮᠲᠠ ᠶᠢ ᠠᠮᠲᠠᠯᠠᠵᠤ᠂ ᠮᠢᠩᠭᠠᠨ ᠣᠨ ᠤ ᠮᠠᠨᠳᠤᠯ ᠤᠯᠠᠷᠢᠯ ᠢ ᠥᠭᠦᠯᠡᠪᠡ᠃        ᠰᠢ ᠶᠢᠨ ᠫᠢᠩ ᠮᠠᠶᠢᠺᠷᠤᠨ ᠢ ᠤᠷᠢᠵᠤ ᠬᠠᠮᠲᠤ ᠣᠷᠣᠢ ᠶᠢᠨ ᠬᠤᠭᠤᠯᠠ ᠢᠳᠡᠵᠦ᠂ ᠬᠤᠶᠠᠷ ᠲᠠᠯ᠎ᠠ ᠪᠠᠷ ᠢᠶᠠᠨ ᠦᠺᠷᠠᠶᠢᠨ ᠤ ᠬᠢᠮᠤᠷᠠᠯ ᠵᠡᠷᠭᠡ ᠬᠠᠮᠲᠤ ᠪᠠᠷ ᠠᠩᠬᠠᠷᠴᠤ ᠪᠠᠶᠢᠭ᠎ᠠ ᠠᠰᠠᠭᠤᠳᠠᠯ ᠤᠨ ᠲᠤᠬᠠᠢ ᠦᠷᠭᠦᠯᠵᠢᠯᠡᠨ ᠰᠠᠨᠠᠯ ᠢᠶᠠᠨ ᠭᠦᠨᠵᠡᠭᠡᠢ ᠰᠣᠯᠢᠯᠴᠠᠪᠠ᠃        ᠰᠢ ᠶᠢᠨ ᠫᠢᠩ᠂ ᠦᠺᠷᠠᠶᠢᠨ ᠤ ᠬᠢᠮᠤᠷᠠᠯ ᠤᠨ ᠪᠤᠶ ᠪᠣᠯᠤᠭᠰᠠᠨ ᠰᠢᠯᠲᠠᠭᠠᠨ ᠨᠢ ᠪᠤᠳᠤᠯᠢᠶᠠᠨᠲᠠᠢ᠂ ᠬᠢᠮᠤᠷᠠᠯ ᠢ ᠦᠷᠭᠦᠯᠵᠢᠯᠡᠭᠦᠯᠬᠦ ᠨᠢ ᠡᠯ᠎ᠡ ᠲᠠᠯ᠎ᠠ ᠳᠤ ᠴᠥᠮ ᠠᠰᠢᠭ ᠦᠭᠡᠢ ᠶᠤᠮ᠂ ᠳᠠᠶᠢᠨ ᠢ ᠲᠦᠷᠭᠡᠬᠡᠨ ᠵᠣᠭᠰᠤᠭᠠᠬᠤ ᠨᠢ ᠬᠤᠯᠪᠣᠭᠳᠠᠯ ᠪᠦᠬᠦᠢ ᠲᠠᠯ᠎ᠠ ᠶᠢᠨ ᠬᠢᠨ ᠪᠠ ᠪᠦᠬᠦ᠋ᠢᠯᠡ ᠳᠡᠯᠡᠬᠡᠢ ᠶᠢᠨ ᠠᠰᠢᠭ ᠲᠤᠰᠠ ᠳᠤ ᠨᠡᠶᠢᠴᠡᠨ᠎ᠡ᠂ ᠤᠯᠤᠰ ᠲᠥᠷᠥ ᠶᠢᠨ ᠠᠷᠭ᠎ᠠ ᠪᠠᠷ ᠰᠢᠢᠳᠪᠦᠷᠢᠯᠡᠬᠦ ᠪᠣᠯ ᠴᠣᠷ ᠤᠨ ᠭᠠᠭᠴᠠ ᠵᠥᠪ ᠭᠠᠷᠬᠤ ᠵᠠᠮ ᠮᠥᠨ᠃ ᠦᠺᠷᠠᠶᠢᠨ ᠤ ᠠᠰᠠᠭᠤᠳᠠᠯ ᠳᠡᠭᠡᠷ᠎ᠡ ᠳᠤᠮᠳᠠᠳᠤ ᠤᠯᠤᠰ ᠤᠨ ᠲᠠᠯ᠎ᠠ ᠶᠠᠭᠠᠬᠢᠭᠰᠠᠨ ᠴᠤ ᠬᠤᠪᠢ ᠶᠢᠨ ᠠᠰᠢᠭ ᠲᠤᠰᠠ ᠶᠢᠨ ᠡᠭᠦᠳᠡᠨ ᠠᠴᠠ ᠠᠰᠠᠭᠤᠳᠠᠯ ᠢ ᠰᠢᠢᠳᠪᠦᠷᠢᠯᠡᠬᠦ ᠦᠭᠡᠢ᠂ ᠬᠠᠷᠢᠨ ᠢᠮᠠᠭᠲᠠ ᠡᠷᠬᠡ ᠲᠡᠭᠰᠢ ᠲᠥᠪ ᠭᠤᠣᠯᠴᠢ ᠵᠣᠭᠰᠣᠯᠲᠠ ᠳᠡᠭᠡᠷ᠎ᠡ ᠵᠣᠭᠰᠣᠨ᠎ᠠ᠃ ᠬᠤᠯᠪᠣᠭᠳᠠᠯ ᠪᠦᠬᠦᠢ ᠡᠯ᠎ᠡ ᠲᠠᠯ᠎ᠠ ᠶᠢᠨ ᠬᠢᠨ ᠴᠥᠮ ᠬᠠᠷᠢᠭᠤᠴᠠᠯᠭ᠎ᠠ ᠡᠭᠦᠷᠭᠡᠯᠡᠵᠦ᠂ ᠠᠳᠠᠯᠢ ᠴᠢᠭᠯᠡᠯ ᠢᠶᠠᠷ ᠴᠢᠷᠮᠠᠶᠢᠵᠤ᠂ ᠤᠯᠤᠰ ᠲᠦᠷᠦ ᠶᠢᠨ ᠠᠷᠭ᠎ᠠ ᠪᠠᠷ ᠰᠢᠢᠳᠪᠦᠷᠢᠯᠡᠬᠦ ᠳᠤ ᠨᠥᠬᠦᠴᠡᠯ ᠪᠦᠷᠢᠯᠳᠦᠭᠦᠯᠵᠦ ᠥᠭᠭᠦ ᠬᠡᠷᠡᠭᠲᠡᠢ᠃ ᠹᠷᠠᠨᠼᠢ ᠶᠢᠨ ᠲᠠᠯ᠎ᠠ ᠶᠢᠨ ᠬᠢᠨ ᠤ ᠤᠯᠤᠰ ᠲᠦᠷᠦ ᠪᠠᠷ ᠬᠢᠮᠤᠷᠠᠯ ᠢ ᠰᠢᠢᠳᠪᠦᠷᠢᠯᠡᠬᠦ ᠲᠤᠬᠠᠢ ᠪᠣᠳᠠᠲᠠᠢ ᠲᠥᠰᠥᠯ ᠳᠤᠷᠠᠳᠬᠤ ᠶᠢ ᠪᠠᠶᠠᠷᠯᠠᠨ ᠤᠭᠲᠤᠵᠤ ᠪᠠᠶᠢᠨ᠎ᠠ᠂ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠳᠡᠮᠵᠢᠭᠦ ᠪᠥᠭᠡᠳ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠦᠨ᠎ᠡ ᠭᠡᠵᠦ ᠵᠢᠭᠠᠵᠤ ᠭᠠᠷᠭᠠᠪᠠ᠃        ᠮᠠᠶᠢᠺᠷᠤᠨ᠂ ᠹᠷᠠᠨᠼᠢ ᠶᠢᠨ ᠲᠠᠯ᠎ᠠ ᠶᠢᠨ ᠬᠢᠨ ᠠᠳᠠᠯᠢᠬᠠᠨ ᠢᠶᠠᠷ᠂ ᠦᠺᠷᠠᠶᠢᠨ ᠤ ᠬᠢᠮᠤᠷᠠᠯ ᠢ ᠤᠯᠤᠰ ᠲᠦᠷᠦ ᠪᠠᠷ ᠰᠢᠢᠳᠪᠦᠷᠢᠯᠡᠬᠦ ᠳᠤ ᠡᠯ᠎ᠡ ᠲᠠᠯ᠎ᠠ ᠶᠢᠨ ᠬᠢᠨ ᠤ ᠵᠦᠢ ᠶᠣᠰᠣᠨ ᠤ ᠠᠩᠬᠠᠷᠤᠯ ᠢ ᠬᠠᠮᠲᠤ ᠳᠤᠨᠢ ᠬᠠᠷᠠᠭᠠᠯᠵᠠᠬᠤ ᠴᠢᠬᠤᠯᠠᠲᠠᠢ ᠭᠡᠵᠦ ᠦᠵᠡᠵᠦ ᠪᠠᠶᠢᠨ᠎ᠠ᠃ ᠹᠷᠠᠨᠼᠢ ᠶᠢᠨ ᠲᠠᠯ᠎ᠠ ᠶᠢᠨ ᠬᠢᠨ ᠳᠤᠮᠳᠠᠳᠤ ᠶᠢᠨ ᠲᠠᠯ᠎ᠠ ᠶᠢᠨ ᠳᠡᠯᠡᠬᠡᠢ ᠳᠠᠬᠢ ᠨᠥᠯᠥᠭᠡᠯᠡᠬᠦ ᠬᠦᠴᠦᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠳᠤᠮᠳᠠᠳᠤ ᠶᠢᠨ ᠲᠠᠯ᠎ᠠ ᠲᠠᠢ ᠣᠯᠣᠯᠴᠠᠭ᠎ᠠ ᠬᠠᠮᠲᠤᠷᠠᠯᠴᠠᠭ᠎ᠠ ᠪᠠᠨ ᠨᠢᠭᠲᠠᠷᠠᠭᠤᠯᠵᠤ᠂ ᠤᠯᠤᠰ ᠲᠦᠷᠦ ᠶᠢᠨ ᠠᠷᠭ᠎ᠠ ᠪᠠᠷ ᠬᠢᠮᠤᠷᠠᠯ ᠢ ᠲᠦᠷᠭᠡᠨ ᠰᠢᠢᠳᠪᠦᠷᠢᠯᠡᠬᠦ ᠶᠢ ᠠᠬᠢᠭᠤᠯᠬᠤ ᠳᠤ ᠬᠠᠮᠲᠤ ᠪᠠᠷ ᠴᠢᠷᠮᠠᠶᠢᠨ᠎ᠠ ᠭᠡᠵᠦ ᠢᠯᠡᠳᠬᠡᠪᠡ᠃        ᠦᠳᠡᠰᠢ ᠶᠢᠨ ᠪᠦᠷᠦᠢ ᠠᠭᠠᠵᠢᠮ ᠢᠶᠠᠷ ᠪᠠᠭᠤᠪᠠ᠃ ᠰᠢ ᠶᠢᠨ ᠫᠢᠩ ᠪᠣᠯᠣᠨ ᠮᠠᠶᠢᠺᠷᠤᠨ ᠰᠠᠯᠬᠤ ᠶᠣᠰᠣ ᠬᠢᠪᠡ᠃        ᠰᠢ ᠶᠢᠨ ᠫᠢᠩ᠂ ᠡᠨᠡ ᠬᠤᠶᠠᠷ ᠡᠳᠦᠷ᠂ ᠪᠢᠳᠡ ᠪᠡᠭᠡᠵᠢᠩ ᠪᠣᠯᠣᠨ ᠭᠤᠸᠠᠩᠵᠧᠦ ᠳᠤ ᠠᠭᠤᠯᠵᠠᠵᠤ᠂ ᠭᠦᠨᠵᠡᠭᠡᠢ᠂ ᠴᠢᠨᠠᠷ ᠰᠠᠶᠢᠲᠠᠢ ᠰᠣᠯᠢᠯᠴᠠᠭ᠎ᠠ ᠬᠢᠵᠦ᠂ ᠣᠶᠢᠯᠠᠭᠠᠯᠴᠠᠭ᠎ᠠ ᠢᠲᠡᠭᠡᠯᠴᠡᠭᠡ ᠪᠠᠨ ᠨᠡᠮᠡᠭᠳᠡᠭᠦᠯᠵᠦ᠂ ᠬᠤᠶᠢᠰᠢᠳᠠ ᠶᠢᠨ ᠳᠤᠮᠳᠠᠳᠤ ᠹᠷᠠᠨᠼᠢ ᠬᠤᠶᠠᠷ ᠤᠯᠤᠰ ᠤᠨ ᠬᠤᠶᠠᠷ ᠲᠠᠯ᠎ᠠ ᠪᠣᠯᠣᠨ ᠤᠯᠠᠨ ᠤᠯᠤᠰ ᠤᠨ ᠳᠠᠪᠬᠤᠷᠭ᠎ᠠ ᠶᠢᠨ ᠬᠠᠮᠲᠤᠷᠠᠯᠴᠠᠭ᠎ᠠ ᠳᠤ ᠴᠢᠭᠯᠡᠯ ᠢ ᠲᠣᠳᠣᠷᠬᠠᠶᠢᠯᠠᠵᠤ ᠥᠭᠴᠡᠢ᠃ ᠪᠢᠳᠡ ᠳᠤᠮᠳᠠᠳᠤ ᠹᠷᠠᠨᠼᠢ᠂ ᠳᠤᠮᠳᠠᠳᠤ ᠡᠸᠦ᠋ᠷᠦᠫᠡ ᠶᠢᠨ ᠬᠠᠷᠢᠯᠴᠠᠭ᠎ᠠ ᠵᠢᠴᠢ ᠮᠠᠰᠢ ᠤᠯᠠᠨ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠳᠡᠭᠡᠷ᠎ᠡ ᠮᠠᠰᠢ ᠤᠯᠠᠨ ᠠᠳᠠᠯᠢ ᠪᠤᠶᠤ ᠠᠳᠠᠯᠢᠪᠲᠤᠷ ᠦᠵᠡᠯᠲᠡ ᠲᠠᠢ ᠪᠠᠶᠢᠭ᠎ᠠ ᠳᠠᠭᠠᠨ ᠮᠠᠰᠢ ᠪᠠᠶᠠᠷ ᠲᠠᠢ ᠪᠠᠶᠢᠨ᠎ᠠ᠂ ᠡᠨᠡ ᠨᠢ ᠳᠤᠮᠳᠠᠳᠤ ᠹᠷᠠᠨᠼᠢ ᠶᠢᠨ ᠬᠠᠷᠢᠯᠴᠠᠭᠠᠨ ᠤ ᠥᠨᠳᠥᠷ ᠲᠦᠪᠰᠢᠨ ᠪᠣᠯᠣᠨ ᠪᠠᠶᠢᠯᠳᠤᠬᠤ ᠪᠣᠳᠣᠯᠭ᠎ᠠ ᠶᠢᠨ ᠴᠢᠨᠠᠷ ᠢ ᠬᠠᠷᠠᠭᠤᠯᠵᠤ ᠪᠠᠶᠢᠨ᠎ᠠ᠃ ᠪᠢ ᠳᠤᠷᠠᠲᠠᠶ᠎ᠠ ᠲᠠᠨ ᠲᠠᠢ ᠪᠠᠶᠢᠯᠳᠤᠬᠤ ᠪᠣᠳᠣᠯᠭ᠎ᠠ ᠶᠢᠨ ᠨᠢᠭᠲᠠ ᠣᠯᠣᠯᠴᠠᠭ᠎ᠠ ᠪᠠᠨ ᠦᠷᠭᠦᠯᠵᠢᠯᠡᠨ ᠪᠠᠲᠤᠯᠠᠵᠤ᠂ ᠳᠤᠮᠳᠠᠳᠤ ᠹᠷᠠᠨᠼᠢ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠰᠢᠨ᠎ᠡ ᠥᠨᠳᠥᠷᠴᠡ ᠳᠤ ᠬᠦᠷᠭᠡᠨ᠎ᠡ ᠭᠡᠵᠦ ᠵᠢᠭᠠᠵᠤ ᠭᠠᠷᠭᠠᠪᠠ᠃        ᠮᠠᠶᠢᠺᠷᠤᠨ᠂ ᠲᠡᠷᠢᠭᠦᠯᠡᠭᠴᠢ ᠰᠢ ᠶᠢᠨ ᠫᠢᠩ ᠤᠨ ᠮᠢᠨᠤ ᠡᠨᠡ ᠤᠳᠠᠭ᠎ᠠ ᠶᠢᠨ ᠠᠶᠢᠯᠴᠢᠯᠠᠯᠲᠠ ᠳᠤ ᠬᠠᠯᠠᠭᠤᠮᠰᠤᠭ ᠨᠢᠮᠪᠠᠢ ᠲᠣᠬᠢᠷᠠᠭᠤᠯᠤᠯᠲᠠ ᠬᠢᠭᠰᠡᠨ ᠳᠤ ᠲᠦᠢᠯ ᠢᠶᠠᠷ ᠲᠠᠯᠠᠷᠬᠠᠵᠤ ᠪᠠᠶᠢᠨ᠎ᠠ᠃ ᠡᠨᠡ ᠬᠤᠶᠠᠷ ᠡᠳᠦᠷ᠂ ᠪᠢᠳᠡᠨ ᠤ ᠰᠣᠯᠢᠯᠴᠠᠭ᠎ᠠ ᠨᠥᠬᠦᠷᠯᠡᠯ ᠭᠦᠨᠵᠡᠭᠡᠶᠢᠷᠡᠵᠦ᠂ ᠨᠠᠳᠠ ᠳᠤ ᠳᠤᠮᠳᠠᠳᠤ ᠤᠯᠤᠰ ᠤᠨ ᠥᠨᠢ ᠤᠳᠠᠭᠠᠨ ᠭᠡᠷᠡᠯ ᠰᠠᠴᠤᠷᠠᠩᠭᠤᠢ ᠲᠡᠦᠬᠡ ᠰᠣᠶᠣᠯ ᠢ ᠴᠢᠨᠠᠭᠰᠢᠳᠠ ᠲᠠᠨᠢᠭᠤᠯᠵᠤ᠂ ᠤᠳᠤ ᠦᠶ᠎ᠡ ᠶᠢᠨ ᠳᠤᠮᠳᠠᠳᠤ ᠤᠯᠤᠰ ᠤᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠣᠶᠢᠯᠠᠭᠠᠭᠳᠠᠬᠤᠨ ᠤ ᠲᠤᠬᠠᠢ ᠣᠶᠢᠯᠠᠭᠠᠯᠲᠠ ᠶᠢ ᠨᠡᠮᠡᠭᠳᠡᠭᠦᠯᠪᠡ᠃ ᠲᠤᠰ ᠤᠳᠠᠭ᠎ᠠ ᠶᠢᠨ ᠠᠶᠢᠯᠴᠢᠯᠠᠯᠲᠠ ᠮᠠᠰᠢ ᠠᠮᠵᠢᠯᠲᠠ ᠲᠠᠢ ᠶᠠᠪᠤᠭᠳᠠᠵᠤ᠂ ᠦᠯᠡᠮᠵᠢ ᠦᠷ᠎ᠡ ᠪᠦᠲᠦᠭᠡᠯ ᠣᠯᠪᠠ᠂ ᠯᠠᠪᠲᠠᠢ ᠹᠷᠠᠨᠼᠢ ᠳᠤᠮᠳᠠᠳᠤ ᠶᠢᠨ ᠬᠠᠷᠢᠯᠴᠠᠭ᠎ᠠ ᠶᠢᠨ ᠨᠡᠩ ᠶᠡᠭᠡ ᠬᠥᠭᠵᠢᠯᠲᠡ ᠲᠠᠢ ᠪᠤᠯᠬᠤ ᠶᠢ ᠬᠦᠴᠦᠲᠡᠢ ᠠᠬᠢᠭᠤᠯᠬᠤ ᠪᠣᠯᠣᠨ᠎ᠠ᠃ ᠪᠢ ᠳᠤᠷᠠᠲᠠᠶ᠎ᠠ ᠲᠡᠷᠢᠭᠦᠯᠡᠭᠴᠢ ᠰᠢ ᠶᠢᠨ ᠫᠢᠩ ᠲᠠᠢ ᠪᠠᠶᠢᠯᠳᠤᠬᠤ ᠪᠣᠳᠣᠯᠭ᠎ᠠ ᠶᠢᠨ ᠨᠢᠭᠲᠠ ᠣᠯᠣᠯᠴᠠᠭ᠎ᠠ ᠪᠠᠨ ᠦᠷᠭᠦᠯᠵᠢᠯᠡᠨ ᠪᠠᠲᠤᠯᠠᠵᠤ᠂ ᠲᠡᠷᠢᠭᠦᠯᠡᠭᠴᠢ ᠰᠢ ᠶᠢᠨ ᠫᠢᠩ ᠤᠨ ᠢᠷᠡᠬᠦ ᠵᠢᠯ ᠹᠷᠠᠨᠼᠢ ᠳᠤ ᠳᠠᠬᠢᠨᠲᠠ ᠠᠶᠢᠯᠴᠢᠯᠠᠬᠤ ᠶᠢ ᠬᠦᠰᠡᠨ ᠬᠦᠯᠢᠶᠡᠬᠦ ᠶᠢᠨ ᠬᠠᠮᠲᠤ ᠪᠠᠶᠠᠷᠯᠠᠨ ᠤᠭᠲᠤᠵᠤ ᠪᠠᠶᠢᠨ᠎ᠠ ᠭᠡᠵᠦ ᠢᠯᠡᠳᠬᠡᠪᠡ᠃        ᠬᠤᠶᠠᠷ ᠲᠠᠯ᠎ᠠ ᠪᠠᠷ ᠢᠶᠠᠨ ᠳᠤᠮᠳᠠᠳᠤ ᠹᠷᠠᠨᠼᠢ ᠶᠢᠨ ᠬᠠᠮᠲᠤᠷᠠᠭᠰᠠᠨ ᠢᠯᠡᠷᠬᠡᠶᠢᠯᠡᠯᠲᠡ ᠨᠡᠶᠢᠲᠡᠯᠡᠪᠡ᠃        ᠸᠠᠩ ᠢ᠂ ᠴᠢᠨ ᠭᠠᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号