ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 9 ᠤ ᠴᠠᠭᠢᠯᠭᠠᠨ ᠮᠡᠳᠡᠭᠡ ᠪᠦᠭᠦ ᠨᠠᠮ ᠤᠨ | ᠳᠣᠲᠣᠷ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ | ᠥᠷᠨᠢᠭᠦᠯᠬᠦ ᠳᠤ ᠬᠠᠮᠵᠢᠯᠴᠠᠬᠤ ᠶᠢᠨ ᠲᠥᠯᠥᠭᠡ᠂ ᠲᠥᠪ ᠤᠨ ᠨᠠᠮ ᠤᠨ ᠲᠡᠦᠬᠡ ᠪᠠ ᠲᠤᠯᠭᠤᠷ ᠪᠢᠴᠢᠭ ᠤᠨ | ᠰᠤᠳᠤᠯᠭᠠᠨ ᠤ ᠬᠦᠷᠢᠶᠡᠯᠡᠩ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ | ᠵᠥᠪᠯᠡᠯ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ᠂ ᠲᠥᠪ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ | ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠠᠢ ᠬᠠᠮᠲᠤᠷᠠᠨ ᠶᠡᠷᠦᠩᠬᠡᠢ ᠱᠦᠵᠢ | ᠰᠢ ᠶᠢᠨ ᠫᠢᠩ ᠤᠨ ︽ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ ᠥᠭᠦᠯᠡᠭᠦ ᠨᠢ︾᠂ ︽ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ | ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠤᠨᠤᠯ ᠤᠨ ᠲᠤᠰᠬᠠᠢ ᠰᠡᠳᠦᠪᠲᠦ ᠲᠡᠭᠦᠪᠦᠷᠢ︾᠂ ︽ᠰᠢ ᠶᠢᠨ ᠫᠢᠩ ᠤᠨ | ᠪᠠᠶᠢᠴᠠᠭᠠᠨ ᠰᠤᠳᠤᠯᠤᠯᠲᠠ ᠶᠢᠨ ᠲᠤᠬᠠᠢ ᠥᠭᠦᠯᠡᠯᠲᠡ ᠶᠢᠨ ᠲᠡᠭᠦᠪᠦᠷᠢ︾ ᠵᠡᠷᠭᠡ 3 ᠵᠦᠢᠯ ᠤᠨ ᠰᠤᠷᠤᠯᠴᠠᠯᠭ᠎ᠠ ᠶᠢᠨ | ᠮᠠᠲ᠋ᠧᠷᠢᠶᠠᠯ ᠢ ᠲᠣᠰ ᠲᠣᠰ ᠨᠠᠶᠢᠷᠠᠭᠤᠯᠵᠤ᠂ ᠨᠢᠭᠡᠨᠲᠡ ᠵᠢᠩᠬᠢᠨᠢ ᠪᠠᠷ ᠬᠡᠪᠯᠡᠭᠦᠯᠵᠦ᠂ ᠲᠣᠰ ᠡᠳᠦᠷ ᠠᠴᠠ ᠡᠬᠢᠯᠡᠨ ᠪᠦᠭᠦ | ᠤᠯᠤᠰ ᠲᠤ ᠲᠠᠷᠬᠠᠭᠠᠪᠠ᠃ | 3 ᠵᠦᠢᠯ ᠤᠨ ᠰᠤᠷᠤᠯᠴᠠᠯᠭ᠎ᠠ ᠶᠢᠨ ᠮᠠᠲ᠋ᠧᠷᠢᠶᠠᠯ ᠨᠢ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ | ᠨᠠᠭᠠᠰᠢᠬᠢ ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠢᠯᠡᠳᠬᠡᠯ᠂ ᠶᠠᠷᠢᠶ᠎ᠠ᠂ ᠵᠣᠬᠢᠶᠠᠯ᠂ ᠵᠢᠭᠠᠪᠤᠷᠢ᠂ | ᠴᠣᠬᠤᠯᠠᠪᠤᠷᠢ ᠵᠡᠷᠭᠡ ᠴᠢᠬᠤᠯᠠ ᠲᠤᠯᠭᠤᠷ ᠪᠢᠴᠢᠭ ᠢ ᠬᠤᠷᠢᠶᠠᠨ ᠴᠤᠭᠯᠠᠭᠤᠯᠵᠤ ᠰᠣᠩᠭᠤᠨ ᠨᠠᠶᠢᠷᠠᠭᠤᠯᠪᠠ᠂ ᠡᠭᠦᠨ ᠳᠤ | ᠬᠡᠰᠡᠭ ᠠᠭᠤᠯᠭ᠎ᠠ ᠶᠢ ᠨᠢ ᠠᠩᠬ᠎ᠠ ᠤᠳᠠᠭ᠎ᠠ ᠢᠯᠡ ᠪᠠᠷ ᠨᠡᠶᠢᠲᠡᠯᠡᠵᠦ ᠪᠠᠶᠢᠨ᠎ᠠ᠃ | ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠭᠡᠰᠢᠭᠦᠨ᠂ ᠺᠠᠳ᠋ᠷᠴᠤᠳ ᠢ ᠵᠣᠬᠢᠶᠠᠨ | ᠪᠠᠶᠢᠭᠤᠯᠵᠤ ᠲᠡᠷᠡ ᠬᠡᠪ ᠢᠶᠠᠷ ᠨᠢ ᠰᠤᠷᠤᠯᠴᠠᠵᠥ᠂ ᠢᠯᠡᠭᠦᠬᠡᠨ ᠰᠡᠳᠬᠢᠵᠦ ᠢᠯᠡᠭᠦᠬᠡᠨ ᠪᠣᠳᠣᠯᠬᠢᠯᠠᠵᠤ᠂ ᠭᠦᠨᠵᠡᠭᠡᠢ | ᠰᠤᠷᠤᠯᠴᠠᠵᠥ ᠨᠡᠪᠳᠡᠷᠡᠳᠡᠯ᠎ᠡ ᠣᠶᠢᠯᠠᠭᠠᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ | ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ | ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠦᠰᠡᠯᠡᠩ ᠢᠶᠠᠨ ᠪᠠᠲᠤᠳᠬᠠᠬᠤ᠂ | ᠨᠠᠮᠴᠢ ᠴᠢᠨᠠᠷ ᠢᠶᠠᠨ ᠳᠠᠪᠲᠠᠨ ᠪᠤᠯᠪᠠᠰᠤᠷᠠᠭᠤᠯᠬᠤ ᠪᠠ ᠦᠢᠯᠡᠳᠦᠯᠭᠡ ᠪᠠᠨ ᠵᠢᠯᠣᠭᠤᠳᠤᠭᠤᠯᠬᠤ᠂ ᠠᠵᠢᠯ ᠢᠶᠠᠨ | ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ | |