ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 4 ᠳ᠋ᠦ᠋ᠭᠡᠷ ᠰᠠᠷ᠎ᠠ ᠶᠢᠨ 7 ᠤ ᠡᠳᠦᠷ | ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠭᠠᠳᠠᠭᠠᠳᠤ | ᠠᠷᠠᠯᠵᠢᠶ᠎ᠠ ᠶᠢ ᠠᠬᠢᠭᠤᠯᠤᠨ ᠬᠡᠪᠴᠢᠶ᠎ᠡ ᠶᠢ ᠲᠣᠭᠲᠠᠪᠤᠷᠢᠵᠢᠭᠤᠯᠵᠤ ᠪᠦᠲᠦᠴᠡ ᠶᠢ ᠰᠢᠯᠢᠳᠡᠭᠵᠢᠭᠦᠯᠬᠦ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠵᠤ᠂ ︽ᠵᠢᠯᠣᠭᠤᠴᠢ ᠦᠭᠡᠢ ᠠᠭᠠᠷ ᠤᠨ ᠨᠢᠰᠦᠭᠦᠷ ᠤᠨ ᠨᠢᠰᠦᠯᠲᠡ ᠶᠢᠨ | ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠳᠦᠷᠢᠮ ︵ᠡᠬᠡ ᠨᠣᠣᠷᠠᠭ︶︾ ᠢ ᠬᠢᠨᠠᠨ ᠵᠥᠪᠯᠡᠵᠦ ᠪᠠᠲᠤᠯᠠᠨ᠂ ᠤᠯᠤᠰ ᠤᠨ | ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠦᠦ ᠮᠥᠩᠭᠦ ᠶᠢ ᠬᠡᠯᠲᠦᠷᠢᠭᠦᠯᠬᠦ ᠵᠢᠴᠢ ᠡᠬᠡ ᠮᠥᠩᠭᠦ ᠶᠢ | ᠬᠤᠶᠢᠰᠢᠯᠠᠭᠤᠯᠤᠨ ᠳᠥᠯᠥᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠬᠦ ᠪᠠᠷ ᠲᠣᠭᠲᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠭᠠᠳᠠᠭᠠᠳᠤ ᠠᠷᠠᠯᠵᠢᠶ᠎ᠠ ᠶᠢ ᠠᠬᠢᠭᠤᠯᠤᠨ ᠬᠡᠪᠴᠢᠶ᠎ᠡ ᠶᠢ | ᠲᠣᠭᠲᠠᠪᠤᠷᠢᠵᠢᠭᠤᠯᠵᠤ ᠪᠦᠲᠦᠴᠡ ᠶᠢ ᠰᠢᠯᠢᠳᠡᠭᠵᠢᠭᠦᠯᠬᠦ ᠨᠢ ᠨᠡᠮᠡᠭᠳᠡᠯ ᠢ ᠲᠣᠭᠲᠠᠪᠤᠷᠢᠵᠢᠭᠤᠯᠵᠤ ᠠᠵᠢᠯ | ᠣᠯᠭᠤᠯᠲᠠ ᠶᠢ ᠲᠣᠭᠲᠠᠪᠤᠷᠢᠵᠢᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠤ ᠴᠢᠬᠤᠯᠠ ᠲᠤᠯᠭᠠᠭᠤᠷᠢᠯᠠᠬᠤ ᠦᠢᠯᠡᠳᠦᠯ ᠲᠠᠢ ᠶᠤᠮ᠃ ᠠᠳᠠᠯᠢ ᠪᠤᠰᠤ ᠬᠦᠷᠢᠶᠡᠨ ᠤ | ᠪᠣᠳᠠᠲᠠᠢ ᠠᠰᠠᠭᠤᠳᠠᠯ ᠳᠤ ᠴᠢᠭᠯᠡᠭᠦᠯᠦᠨ᠂ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠳᠠᠰᠤᠷᠠᠯᠳᠠ ᠦᠭᠡᠢ | ᠪᠦᠷᠢᠨᠰᠢᠭᠦᠯᠬᠦ᠂ ᠲᠣᠬᠢᠷᠠᠭᠤᠯᠤᠯᠲᠠ ᠬᠢᠬᠦ ᠪᠠ ᠲᠡᠭᠦᠯᠳᠡᠷᠵᠢᠭᠦᠯᠵᠦ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ | ᠲᠦᠷᠦ ᠶᠢᠨ ᠪᠣᠳᠣᠯᠭ᠎ᠠ ᠶᠢᠨ ᠬᠠᠮ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠦᠨ᠂ ᠠᠵᠤ ᠠᠬᠤᠶᠢᠯᠠᠯ ᠢ | ᠬᠠᠪᠰᠤᠷᠤᠨ ᠵᠠᠬᠢᠶᠠᠯᠠᠭ᠎ᠠ ᠶᠢᠨ ᠬᠠᠭᠤᠳᠠᠰᠤ ᠶᠢ ᠲᠣᠭᠲᠠᠪᠤᠷᠢᠵᠢᠭᠤᠯᠤᠨ ᠵᠠᠬ᠎ᠠ ᠳᠡᠯᠭᠡᠭᠦᠷ ᠢ ᠥᠷᠭᠡᠳᠬᠡᠬᠦ ᠬᠡᠷᠡᠭᠲᠡᠢ᠃ | ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠬᠥᠭᠵᠢᠭᠰᠡᠨ ᠠᠵᠤ ᠠᠬᠤᠢ ᠶᠢᠨ ᠴᠣᠭᠴᠠ ᠳᠠᠬᠢ ᠭᠠᠳᠠᠭᠠᠳᠤ | ᠭᠠᠷᠭᠠᠯᠲᠠ ᠶᠢ ᠲᠣᠭᠲᠠᠪᠤᠷᠢᠵᠢᠭᠤᠯᠵᠤ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠬᠥᠭᠵᠢᠵᠦ | ᠪᠠᠶᠢᠭ᠎ᠠ ᠤᠯᠤᠰ ᠤᠳ ᠤᠨ ᠵᠠᠬ᠎ᠠ ᠳᠡᠯᠭᠡᠭᠦᠷ ᠪᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠵᠡᠷᠭᠡ | ᠣᠷᠣᠨ ᠪᠦᠰᠡ ᠶᠢᠨ ᠵᠠᠬ᠎ᠠ ᠳᠡᠯᠭᠡᠭᠦᠷ ᠢ ᠭᠦᠨᠵᠡᠭᠡᠢ ᠨᠡᠭᠡᠭᠡᠬᠦ ᠬᠡᠷᠡᠭᠲᠡᠢ᠃ ᠭᠠᠳᠠᠭᠠᠳᠤ ᠠᠷᠠᠯᠵᠢᠶᠠᠨ ᠤ ᠲᠣᠮᠣ | ᠮᠤᠵᠢ ᠶᠢᠨ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠭᠤᠣᠯ ᠬᠦᠴᠦᠨ ᠤ ᠦᠢᠯᠡᠳᠦᠯ ᠢ ᠰᠠᠶᠢᠲᠤᠷ | ᠪᠠᠳᠠᠷᠠᠭᠤᠯᠵᠤ᠂ ᠡᠯ᠎ᠡ ᠭᠠᠵᠠᠷ ᠤᠨ ᠬᠢᠨ ᠤ ᠭᠠᠵᠠᠷ ᠣᠷᠣᠨ ᠤ ᠪᠠᠨ ᠪᠠᠶᠢᠳᠠᠯ ᠳᠤ ᠨᠢ ᠲᠣᠬᠢᠷᠠᠭᠤᠯᠤᠨ ᠢᠵᠢ | ᠪᠦᠷᠢᠳᠦᠭᠦᠯᠦᠭᠰᠡᠨ ᠳᠡᠮᠵᠢᠯᠭᠡ ᠶᠢᠨ ᠲᠦᠷᠦ ᠶᠢᠨ ᠪᠣᠳᠣᠯᠭ᠎ᠠ ᠲᠣᠭᠲᠠᠭᠠᠬᠤ ᠶᠢ ᠵᠣᠷᠢᠭᠵᠢᠭᠤᠯᠵᠤ᠂ ᠲᠦᠷᠦ ᠶᠢᠨ | ᠪᠣᠳᠣᠯᠭ᠎ᠠ ᠶᠢᠨ ᠬᠠᠮᠵᠢᠯᠴᠠᠬᠤ ᠦᠢᠯᠡᠳᠦᠯ ᠨᠥᠯᠥᠭᠡ ᠶᠢ ᠴᠢᠩᠭᠠᠳᠬᠠᠬᠤ ᠬᠡᠷᠡᠭᠲᠡᠢ ᠭᠡᠵᠡᠢ᠃ | ᠬᠤᠷᠠᠯ ᠠᠴᠠ ︽ᠵᠢᠯᠣᠭᠤᠴᠢ ᠦᠭᠡᠢ ᠠᠭᠠᠷ ᠤᠨ ᠨᠢᠰᠦᠭᠦᠷ ᠤᠨ ᠨᠢᠰᠦᠯᠲᠡ ᠶᠢᠨ ᠬᠠᠮᠢᠶᠠᠷᠤᠯᠲᠠ ᠶᠢᠨ ᠲᠦᠷ | ᠬᠡᠷᠡᠭᠵᠢᠭᠦᠯᠬᠦ ᠳᠦᠷᠢᠮ ︵ᠡᠬᠡ ᠨᠣᠣᠷᠠᠭ︶︾ ᠢ ᠬᠢᠨᠠᠨ ᠵᠥᠪᠯᠡᠪᠡ᠃ ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ | ᠤᠯᠤᠰ ᠤᠨ ᠠᠮᠤᠷ ᠲᠦᠪᠰᠢᠨ ᠤ ᠦᠵᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ︽ᠳᠦᠷᠢᠮ︾ ᠢ ᠬᠡᠷᠡᠭᠵᠢᠭᠦᠯᠬᠦ ᠪᠠᠷ ᠠᠵᠠ | ᠲᠣᠬᠢᠶᠠᠯ ᠪᠣᠯᠭᠠᠨ᠂ ᠵᠢᠯᠣᠭᠤᠴᠢ ᠦᠭᠡᠢ ᠠᠭᠠᠷ ᠤᠨ ᠨᠢᠰᠦᠭᠦᠷ ᠤᠨ ᠨᠢᠰᠦᠯᠲᠡ ᠵᠢᠴᠢ ᠬᠤᠯᠪᠣᠭᠳᠠᠯ ᠪᠦᠬᠦᠢ | ᠠᠵᠢᠯᠯᠠᠭ᠎ᠠ ᠶᠢ ᠵᠢᠷᠤᠮᠵᠢᠭᠤᠯᠤᠨ᠂ ᠬᠠᠮᠢᠶ᠎ᠠ ᠪᠦᠬᠦᠢ ᠠᠵᠤ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ | ᠢᠳᠡᠪᠬᠢᠲᠡᠢ ᠠᠬᠢᠭᠤᠯᠵᠤ᠂ ᠠᠭᠠᠷ ᠤᠨ ᠠᠶᠠᠯᠠᠯ ᠤᠨ ᠠᠮᠤᠷ ᠲᠦᠪᠰᠢᠨ᠂ ᠤᠯᠠᠨ ᠨᠡᠶᠢᠲᠡ ᠶᠢᠨ ᠠᠮᠤᠷ ᠲᠦᠪᠰᠢᠨ᠂ | ᠤᠯᠤᠰ ᠤᠨ ᠠᠮᠤᠷ ᠲᠦᠪᠰᠢᠨ ᠢ ᠬᠦᠴᠦᠲᠡᠢ ᠬᠠᠮᠠᠭᠠᠯᠠᠬᠤ ᠬᠡᠷᠡᠭᠲᠡᠢ᠃ ᠠᠮᠤᠷ ᠲᠦᠪᠰᠢᠨ ᠢᠶᠠᠷ ᠦᠨᠳᠦᠰᠦ | ᠪᠣᠯᠭᠠᠬᠤ ᠶᠢ ᠪᠠᠷᠢᠮᠲᠠᠯᠠᠵᠤ᠂ ᠦᠢᠯᠡᠳᠪᠦᠷᠢᠯᠡᠵᠦ ᠪᠣᠷᠣᠯᠠᠭᠤᠯᠬᠤ᠂ ᠤᠭᠰᠠᠷᠠᠬᠤ ᠪᠠ ᠥᠭᠡᠷᠡᠴᠢᠯᠡᠨ ᠤᠭᠰᠠᠷᠠᠬᠤ᠂ | ᠳᠡᠩᠰᠡᠯᠡᠵᠦ ᠢᠯᠭᠠᠨ ᠲᠠᠨᠢᠬᠤ᠂ ᠠᠵᠢᠯᠲᠠᠨ ᠤ ᠬᠢᠷᠢ ᠬᠡᠮ᠂ ᠠᠵᠢᠯᠯᠠᠭᠠᠨ ᠢ ᠬᠢᠨᠠᠨ ᠡᠵᠡᠮᠳᠡᠬᠦ ᠵᠡᠷᠭᠡ ᠪᠥᠬᠦ | ᠬᠡᠯᠬᠢᠶ᠎ᠡ ᠠᠴᠠ ᠡᠭᠦᠰᠦᠨ᠂ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠲᠦᠷᠭᠡᠳᠬᠡᠨ | ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠢ ᠪᠦᠷᠢᠨᠰᠢᠭᠦᠯᠦᠨ᠂ ᠬᠢᠨᠠᠯᠲᠠ | ᠬᠠᠮᠢᠶᠠᠷᠤᠯᠲᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠨᠢᠰᠦᠯᠲᠡ ᠶᠢᠨ ᠠᠵᠢᠯᠯᠠᠭ᠎ᠠ ᠶᠢᠨ ᠠᠮᠤᠷ | ᠲᠦᠪᠰᠢᠨ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠰᠢᠨ᠎ᠡ ᠶᠢ ᠡᠭᠦᠳᠬᠦ ᠪᠠᠷ | ᠬᠥᠭᠵᠢᠯᠲᠡ ᠶᠢᠨ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ | ᠰᠢᠪᠲᠤᠯᠤᠯᠲᠠ ᠶᠢ ᠶᠡᠭᠡ ᠪᠠᠷ ᠠᠬᠢᠭᠤᠯᠵᠤ᠂ ᠪᠡᠶ᠎ᠡ ᠪᠠᠨ ᠳᠠᠭᠠᠭᠠᠨ ᠡᠵᠡᠮᠳᠡᠵᠦ ᠪᠣᠯᠬᠤᠶᠢᠴᠠ᠂ ᠠᠮᠤᠷ ᠲᠦᠪᠰᠢᠨ | ᠨᠠᠶᠢᠳᠠᠪᠤᠷᠢᠲᠠᠢ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠲᠦᠷᠭᠡᠳᠬᠡᠨ ᠪᠠᠶᠢᠭᠤᠯᠵᠤ᠂ | ᠮᠡᠷᠭᠡᠵᠢᠯ ᠤᠨ ᠠᠭᠤᠰᠤᠯᠴᠠᠨ ᠰᠢᠨ᠎ᠡ ᠶᠢ ᠡᠭᠦᠳᠬᠦ ᠶᠢ ᠠᠬᠢᠭᠤᠯᠵᠤ᠂ ᠬᠡᠷᠡᠭᠯᠡᠭᠡᠨ ᠤ ᠠᠬᠤᠢ ᠪᠠᠶᠢᠳᠠᠯ ᠢ | ᠪᠠᠶᠠᠯᠢᠭᠵᠢᠭᠤᠯᠤᠨ᠂ ᠠᠵᠤ ᠦᠢᠯᠡᠰ ᠤᠨ ᠠᠮᠢ ᠠᠬᠤᠢ ᠶᠢ ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠠᠵᠤ ᠦᠢᠯᠡᠰ ᠤᠨ | ᠴᠢᠨᠠᠷ ᠰᠠᠶᠢᠲᠠᠢ ᠬᠥᠭᠵᠢᠯᠲᠡ ᠶᠢ ᠨᠡᠩ ᠰᠠᠶᠢᠲᠤᠷ ᠠᠬᠢᠭᠤᠯᠬᠤ ᠬᠡᠷᠡᠭᠲᠡᠢ ᠭᠡᠵᠡᠢ᠃ | ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ | ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠬᠦ ᠶᠢᠨ ᠲᠤᠰᠠᠳᠠ᠂ ᠬᠤᠷᠠᠯ ᠠᠴᠠ᠂ ᠡᠨᠡ ᠵᠢᠯ ᠵᠢᠴᠢ ᠲᠡᠭᠦᠨ ᠠᠴᠠ | ᠡᠮᠦᠨᠡᠬᠢ ᠵᠢᠯ ᠤᠳ ᠤᠨ ᠲᠡᠭᠦᠰᠦᠭᠰᠡᠨ ᠰᠤᠷᠤᠭᠴᠢᠳ ᠤᠨ ᠡᠨᠡ ᠵᠢᠯ ᠤᠨ ᠳᠣᠲᠣᠷ᠎ᠠ ᠪᠤᠴᠠᠭᠠᠬᠤ ᠶᠣᠰᠣᠲᠠᠢ | ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠦᠦ ᠮᠥᠩᠭᠦ ᠶᠢ ᠦᠷᠭᠦᠯᠵᠢᠯᠡᠨ ᠬᠡᠯᠲᠦᠷᠢᠭᠦᠯᠵᠦ᠂ | ᠡᠬᠡ ᠮᠥᠩᠭᠦ ᠶᠢᠨ ᠬᠡᠰᠡᠭ ᠮᠥᠩᠭᠦ ᠶᠢ ᠳᠠᠬᠢᠨ ᠨᠢᠭᠡ ᠵᠢᠯ ᠬᠤᠶᠢᠰᠢᠯᠠᠭᠤᠯᠤᠨ ᠪᠤᠴᠠᠭᠠᠬᠤ ᠪᠠᠷ ᠭᠤᠶᠤᠴᠢᠯᠠᠵᠤ ᠪᠣᠯᠬᠤ | ᠪᠥᠭᠡᠳ ᠬᠤᠭᠤᠴᠠᠭ᠎ᠠ ᠶᠢ ᠤᠷᠲᠤᠳᠬᠠᠭᠰᠠᠨ ᠵᠢᠭᠡᠯᠡᠯᠭᠡ ᠠᠴᠠ ᠲᠣᠷᠭᠠᠭᠤᠯᠢ ᠶᠢᠨ ᠬᠦᠦ ᠮᠥᠩᠭᠦ ᠪᠠ ᠳᠠᠪᠬᠤᠷ ᠬᠦᠦ | ᠮᠥᠩᠭᠦ ᠪᠤᠳᠤᠬᠤ ᠦᠭᠡᠢ ᠭᠡᠵᠦ ᠲᠣᠭᠲᠠᠭᠠᠵᠠᠢ᠃ ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠳᠤ ᠶᠡᠭᠡ | ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠶᠠᠪᠤᠳᠠᠯ ᠨᠢᠭᠡᠨᠲᠡ ᠵᠠᠩᠭᠢᠯᠠᠭ᠎ᠠ ᠶᠢᠨ ᠱᠠᠲᠤᠨ ᠳᠤ | ᠣᠷᠣᠭᠠᠳ ᠪᠠᠶᠢᠨ᠎ᠠ᠃ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ | ᠲᠠᠰᠤᠷᠠᠯᠲᠠ ᠦᠭᠡᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ | ᠡᠯᠰᠡᠭᠰᠡᠨ ᠲᠤᠭ᠎ᠠ ᠪᠠᠷ ᠣᠯᠠᠨ ᠠᠵᠤ ᠠᠬᠤᠶᠢᠯᠠᠯ ᠳᠠᠬᠢ ᠲᠥᠷᠥ ᠶᠢᠨ ᠪᠣᠳᠣᠯᠭ᠎ᠠ᠂ ᠪᠡᠯᠡ ᠮᠥᠩᠭᠦᠨ ᠤ ᠳᠡᠮᠵᠢᠯᠭᠡ ᠶᠢ | ᠨᠡᠮᠡᠭᠳᠡᠭᠦᠯᠵᠦ᠂ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠵᠡᠷᠭᠡ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠦᠨ᠂ | ᠲᠤᠰ ᠵᠢᠯ ᠤᠨ ᠲᠡᠭᠦᠰᠬᠦ ᠰᠤᠷᠤᠭᠴᠢᠳ ᠤᠨ ᠣᠯᠠᠨ ᠠᠷᠭ᠎ᠠ ᠵᠠᠮ ᠢᠶᠠᠷ ᠠᠵᠢᠯ ᠣᠯᠬᠤ ᠶᠢ ᠠᠬᠢᠭᠤᠯᠬᠤ ᠬᠡᠷᠡᠭᠲᠡᠢ | ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠳᠤ ᠠᠵᠤ ᠠᠬᠤᠢ ᠶᠢᠨ ᠰᠡᠷᠭᠦᠯᠲᠡ ᠶᠠᠭ ᠵᠠᠩᠭᠢᠯᠠᠭ᠎ᠠ ᠶᠢᠨ | ᠬᠤᠭᠤᠴᠠᠭᠠᠨ ᠳᠤ ᠣᠷᠣᠰᠢᠵᠤ ᠪᠠᠶᠢᠨ᠎ᠠ᠃ ᠭᠦᠨᠵᠡᠭᠡᠢ ᠪᠠᠶᠢᠴᠠᠭᠠᠨ ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ᠂ ᠠᠵᠤ | ᠠᠬᠤᠢ ᠶᠢᠨ ᠠᠵᠢᠯᠯᠠᠭᠠᠨ ᠤ ᠬᠢᠨᠠᠨ ᠰᠢᠨᠵᠢᠯᠡᠯᠲᠡ᠂ ᠪᠠᠶᠢᠳᠠᠯ ᠤᠨ ᠵᠠᠳᠠᠯᠤᠯᠲᠠ ᠪᠠ ᠠᠷᠭᠠᠴᠠᠭᠠᠬᠤ ᠪᠣᠳᠣᠯᠭ᠎ᠠ ᠶᠢᠨ | ᠰᠤᠳᠤᠯᠭᠠᠨ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠣᠳᠠᠲᠠᠢ ᠶᠢ ᠡᠷᠬᠢᠮᠯᠡᠭᠰᠡᠨ ᠪᠥᠭᠡᠳ ᠬᠡᠷᠡᠭᠵᠢᠭᠦᠯᠦᠰᠢᠲᠡᠢ | ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠴᠠᠭ ᠲᠤᠬᠠᠢ ᠳᠤ ᠨᠢ ᠲᠣᠬᠢᠷᠠᠭᠤᠯᠤᠨ ᠨᠡᠶᠢᠲᠡᠯᠡᠵᠦ᠂ ᠵᠠᠬ᠎ᠠ | ᠳᠡᠯᠭᠡᠭᠦᠷ ᠤᠨ ᠵᠢᠱᠢᠯᠲᠡ ᠶᠢ ᠤᠯᠠᠮ ᠨᠢᠭᠡ ᠠᠯᠬᠤᠮ ᠲᠣᠭᠲᠠᠪᠤᠷᠢᠵᠢᠭᠤᠯᠤᠨ᠂ ᠬᠥᠭᠵᠢᠯᠲᠡ ᠶᠢᠨ ᠢᠲᠡᠭᠡᠯ ᠢ ᠤᠯᠠᠮ | ᠨᠢᠭᠡ ᠠᠯᠬᠤᠮ ᠨᠡᠮᠡᠭᠳᠡᠭᠦᠯᠵᠦ᠂ ᠰᠠᠶᠢᠵᠢᠷᠠᠬᠤ ᠬᠠᠨᠳᠤᠰᠢ ᠶᠢ ᠪᠠᠬᠢᠵᠢᠭᠦᠯᠦᠨ ᠥᠷᠭᠡᠳᠬᠡᠵᠦ᠂ ᠠᠵᠤ ᠠᠬᠤᠢ ᠶᠢᠨ | ᠠᠵᠢᠯᠯᠠᠭᠠᠨ ᠤ ᠦᠷᠭᠦᠯᠵᠢᠯᠡᠨ ᠪᠦᠬᠦᠯᠢ ᠴᠣᠭᠴᠠ ᠶᠢᠨ ᠰᠠᠶᠢᠵᠢᠷᠠᠯᠲᠠ ᠶᠢ ᠠᠬᠢᠭᠤᠯᠬᠤ ᠬᠡᠷᠡᠭᠲᠡᠢ ᠭᠡᠵᠡᠢ᠃ | | |