ᠨᠠᠮ ᠤᠨ ᠲᠥᠪ ᠬᠤᠷᠢᠶ᠎ᠠ ︽ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ︾ ᠤᠨ ᠨᠢᠭᠡᠳᠦᠭᠡᠷ ᠪᠣᠳᠢ ᠬᠤᠶᠠᠳᠤᠭᠠᠷ ᠪᠣᠳᠢ ᠶᠢ ᠰᠤᠷᠤᠯᠴᠠᠬᠤ ᠲᠤᠬᠠᠢ ᠮᠡᠳᠡᠭᠳᠡᠯ ᠪᠠᠭᠤᠯᠭᠠᠪᠠ
ᠨᠡᠶᠢᠲᠡᠯᠡᠭᠰᠡᠨ ᠴᠠᠭ᠄
2023/4/12
       ᠣᠶᠢᠷ᠎ᠠ ᠳᠤ ᠨᠠᠮ ᠤᠨ ᠲᠥᠪ ᠬᠤᠷᠢᠶ᠎ᠠ ︽ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ︾ ᠤᠨ ᠨᠢᠭᠡᠳᠦᠭᠡᠷ ᠪᠣᠳᠢ᠂ ᠬᠤᠶᠠᠳᠤᠭᠠᠷ ᠪᠣᠳᠢ ᠶᠢ ᠰᠤᠷᠤᠯᠴᠠᠬᠤ ᠲᠤᠬᠠᠢ ᠮᠡᠳᠡᠭᠳᠡᠯ ᠪᠠᠭᠤᠯᠭᠠᠪᠠ᠃ ᠪᠦᠭᠦ ᠠᠭᠤᠯᠭ᠎ᠠ ᠨᠢ ᠳᠣᠣᠷᠠᠬᠢ ᠮᠡᠲᠦ᠄        ︽ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ︾ ᠢ ᠨᠠᠶᠢᠷᠠᠭᠤᠯᠤᠨ ᠭᠡᠪᠯᠡᠭᠦ ᠪᠣᠯ ᠨᠠᠮ ᠤᠨ ᠲᠥᠪ ᠬᠤᠷᠢᠶ᠎ᠠ ᠠᠴᠠ ᠲᠣᠭᠲᠠᠭᠠᠭᠰᠠᠨ ᠴᠢᠬᠤᠯᠠ ᠶᠡᠭᠡ ᠲᠣᠭᠲᠠᠭᠠᠯ ᠮᠥᠨ᠃ ᠤᠳᠤ᠂ ︽ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ︾ ᠤᠨ ᠨᠢᠭᠡᠳᠦᠭᠡᠷ ᠪᠣᠳᠢ᠂ ᠬᠤᠶᠠᠳᠤᠭᠠᠷ ᠪᠣᠳᠢ ᠶᠢ ᠨᠢᠭᠡᠨᠲᠡ ᠬᠡᠪᠯᠡᠨ ᠲᠠᠷᠬᠠᠭᠠᠪᠠ᠂ ᠡᠨᠡ ᠪᠣᠯ ᠨᠠᠮ ᠪᠠ ᠳᠦᠷᠦ ᠶᠢᠨ ᠤᠯᠤᠰ ᠲᠦᠷᠦ ᠶᠢᠨ ᠠᠮᠢᠳᠤᠷᠠᠯ ᠳᠤᠮᠳᠠᠬᠢ ᠨᠢᠭᠡᠨ ᠶᠡᠭᠡ ᠶᠠᠪᠤᠳᠠᠯ ᠮᠥᠨ᠃        ︽ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ︾ ᠳᠤ ᠶᠡᠷᠦᠩᠬᠡᠢ ᠱᠦᠵᠢ ᠰᠢ ᠶᠢᠨ ᠫᠢᠩ ᠤᠨ 2012 ᠣᠨ ᠤ 11 ᠰᠠᠷ᠎ᠠ ᠠᠴᠠ 2022 ᠣᠨ ᠤ 10 ᠰᠠᠷ᠎ᠠ ᠪᠤᠯᠲᠠᠯᠠᠭᠢ ᠬᠤᠭᠤᠴᠠᠭᠠᠨ ᠳᠠᠬᠢ ᠴᠢᠬᠤᠯᠠ ᠵᠣᠬᠢᠶᠠᠯ ᠪᠦᠲᠦᠭᠡᠯ ᠢ ᠰᠣᠩᠭᠤᠨ ᠣᠷᠣᠭᠤᠯᠵᠠᠢ᠃ ᠡᠳᠡᠭᠡᠷ ᠴᠢᠬᠤᠯᠠ ᠵᠣᠬᠢᠶᠠᠯ ᠪᠦᠲᠦᠭᠡᠯ ᠨᠢ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠠᠭᠤᠤ ᠶᠡᠭᠡ ᠲᠡᠮᠡᠴᠡᠯ ᠬᠢᠵᠦ᠂ ᠠᠭᠤᠤ ᠶᠡᠭᠡ ᠢᠨᠵᠧᠨᠧᠷᠢᠩ ᠢ ᠪᠦᠲᠦᠭᠡᠨ ᠪᠠᠶᠢᠭᠤᠯᠵᠤ᠂ ᠠᠭᠤᠤ ᠶᠡᠭᠡ ᠦᠢᠯᠡᠰ ᠢ ᠠᠬᠢᠭᠤᠯᠵᠤ᠂ ᠠᠭᠤᠤ ᠶᠡᠭᠡ ᠬᠦᠰᠡᠯ ᠵᠡᠭᠦᠳᠦ ᠶᠢ ᠪᠡᠶᠡᠯᠡᠭᠦᠯᠦᠭᠰᠡᠨ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠶᠢ ᠠᠬᠢᠭᠤᠯᠤᠭᠰᠠᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠲᠡᠦᠬᠡᠨ ᠠᠬᠢᠴᠠ ᠶᠢ ᠡᠭᠦᠳᠦᠨ ᠨᠡᠭᠡᠭᠡᠭᠰᠡᠨ ᠢ ᠠᠮᠢᠳᠤᠯᠢᠭ ᠢᠶᠠᠷ ᠲᠡᠮᠳᠡᠭᠯᠡᠵᠦ᠂ ᠮᠠᠨ ᠤ ᠨᠠᠮ ᠠᠷᠠᠳ ᠲᠦᠮᠡᠨ ᠢ ᠤᠳᠤᠷᠢᠳᠤᠨ ᠲᠣᠭᠲᠠᠭᠰᠠᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠠᠭᠠᠨ ᠮᠣᠷᠳᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠠᠬᠢᠭᠤᠯᠤᠭᠰᠠᠨ ᠡᠷᠬᠢᠮ ᠨᠠᠨᠳᠢᠨ ᠲᠤᠷᠰᠢᠯᠭ᠎ᠠ ᠶᠢ ᠰᠢᠨᠵᠢᠯᠡᠬᠦ ᠤᠬᠠᠭᠠᠨᠴᠢ ᠪᠠᠷ ᠳ᠋ᠦᠩᠨᠡᠵᠦ᠂ ᠮᠠᠨ ᠤ ᠨᠠᠮ ᠤᠨ ᠮᠠᠷᠺᠰ ᠤᠨ ᠦᠵᠡᠯ ᠤᠨ ᠦᠨᠳᠦᠰᠦᠨ ᠤᠨᠤᠯ ᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢ ᠠᠬᠢᠭᠤᠯᠵᠤ ᠣᠯᠣᠭᠰᠠᠨ ᠴᠢᠬᠤᠯᠠ ᠶᠡᠭᠡ ᠤᠨᠤᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ ᠲᠥᠪᠯᠡᠷᠡᠩᠭᠦᠢ ᠲᠤᠰᠬᠠᠵᠤ᠂ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠡᠷᠬᠡ ᠰᠦᠷᠲᠦ ᠵᠢᠭᠠᠬᠤ ᠮᠠᠲ᠋ᠧᠷᠢᠶᠠᠯ ᠮᠥᠨ᠃ ︽ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ︾ ᠢ ᠨᠠᠷᠢᠨ ᠬᠢᠨᠠᠮᠠᠭᠠᠢ ᠰᠤᠷᠤᠯᠴᠠᠬᠤ ᠨᠢ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠬᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠬᠤ᠂ ︽ᠲᠦᠷᠪᠡᠨ ᠢᠲᠡᠭᠡᠯ︾ ᠢᠶᠠᠨ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠢ ᠬᠦᠴᠦᠯᠡᠨ ᠠᠬᠢᠭᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃        ᠶᠡᠷᠦᠩᠬᠡᠢ ᠱᠦᠵᠢ ᠰᠢ ᠶᠢᠨ ᠫᠢᠩ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠡᠭᠦᠳᠦᠭᠴᠢ ᠮᠥᠨ᠃ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠤᠳᠤᠷᠢᠳᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠠᠭᠤᠤ ᠶᠡᠭᠡ ᠦᠢᠯᠡᠳᠦᠯᠭᠡ ᠶᠢᠨ ᠳᠤᠮᠳᠠ᠂ ᠶᠡᠷᠦᠩᠬᠡᠢ ᠱᠦᠵᠢ ᠰᠢ ᠶᠢᠨ ᠫᠢᠩ ᠮᠠᠷᠺᠰ ᠤᠨ ᠦᠵᠡᠯ ᠤᠨ ᠤᠯᠤᠰ ᠲᠥᠷᠥᠴᠢᠨ᠂ ᠪᠣᠳᠣᠯᠭᠠᠲᠠᠨ᠂ ᠪᠠᠶᠢᠯᠳᠤᠬᠤ ᠪᠣᠳᠣᠯᠭᠠᠲᠠᠨ ᠤ ᠲᠡᠦᠬᠡ ᠶᠢᠨ ᠰᠠᠨᠠᠭᠠᠴᠢᠯᠠᠭᠠᠲᠤ ᠵᠣᠷᠢᠭ ᠰᠠᠨᠠᠭ᠎ᠠ᠂ ᠶᠡᠷᠦ ᠪᠤᠰᠤ ᠶᠢᠨ ᠣᠨᠣᠯ ᠤᠨ ᠰᠥᠰᠥ ᠵᠣᠷᠢᠭ᠂ ᠭᠠᠷᠮᠠᠭᠠᠢ ᠤᠯᠤᠰ ᠲᠥᠷᠥ ᠶᠢᠨ ᠣᠶᠤᠨ ᠤᠬᠠᠭᠠᠨ᠂ ᠴᠢᠩᠭ᠎ᠠ ᠡᠭᠦᠷᠭᠡ ᠬᠠᠷᠢᠭᠤᠴᠠᠯᠭ᠎ᠠ ᠪᠠᠷ ᠰᠢᠨ᠎ᠡ ᠴᠠᠭ ᠦᠶ᠎ᠡ ᠶᠢᠨ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠬᠤᠯᠪᠣᠭᠳᠠᠬᠤ ᠠᠯᠢ ᠣᠯᠠᠨ ᠴᠢᠬᠤᠯᠠ ᠶᠡᠭᠡ ᠣᠨᠣᠯ ᠤᠨ ᠪᠠ ᠦᠢᠯᠡᠳᠦᠯᠭᠡ ᠶᠢᠨ ᠠᠰᠠᠭᠤᠳᠠᠯ ᠤᠨ ᠲᠤᠬᠠᠢ ᠭᠦᠨᠵᠡᠭᠡᠢ ᠰᠡᠳᠬᠢᠭᠰᠡᠨ ᠪᠠ ᠰᠢᠨᠵᠢᠯᠡᠬᠦ ᠤᠬᠠᠭᠠᠨᠴᠢ ᠮᠠᠭᠠᠳᠯᠠᠯᠲᠠ ᠬᠢᠵᠦ᠂ ᠠᠯᠢ ᠣᠯᠠᠨ ᠡᠭᠦᠳᠦᠯᠲᠡ ᠶᠢᠨ ᠴᠢᠨᠠᠷᠲᠠᠢ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠣᠳᠣᠯᠭ᠎ᠠ ᠶᠢ ᠳᠤᠷᠠᠳᠤᠨ ᠭᠠᠷᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠡᠭᠦᠳᠦᠨ ᠪᠠᠶᠢᠭᠤᠯᠬᠤ ᠪᠠ ᠬᠥᠭᠵᠢᠭᠦᠯᠬᠦ ᠳᠤ ᠰᠢᠢᠳᠪᠦᠷᠢᠯᠡᠭᠴᠢ ᠴᠢᠨᠠᠷᠲᠠᠢ ᠦᠢᠯᠡᠳᠦᠯ ᠦᠵᠡᠭᠦᠯᠵᠦ᠂ ᠰᠢᠢᠳᠪᠦᠷᠢᠯᠡᠭᠴᠢ ᠴᠢᠨᠠᠷᠲᠠᠢ ᠬᠤᠪᠢ ᠨᠡᠮᠡᠷᠢ ᠦᠵᠡᠭᠦᠯᠪᠡ᠃        ︽ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ︾ ᠢ ᠰᠤᠷᠤᠯᠴᠠᠬᠤ ᠳᠤ᠂ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠪᠠᠶᠢᠳᠠᠯ ᠤᠨ ᠬᠥᠭᠵᠢᠯᠲᠡ ᠬᠤᠪᠢᠷᠠᠯᠲᠠ ᠲᠠᠢ ᠨᠢᠭᠲᠠ ᠤᠶᠠᠯᠳᠤᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠤᠨ ᠡᠭᠦᠷᠭᠡ ᠬᠠᠷᠢᠭᠤᠴᠠᠯᠭ᠎ᠠ ᠶᠢ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠦᠵᠡᠯ ᠰᠠᠨᠠᠭ᠎ᠠ ᠪᠠᠨ ᠨᠢᠭᠡᠳᠬᠡᠬᠦ᠂ ᠵᠣᠷᠢᠭ ᠰᠠᠨᠠᠭ᠎ᠠ ᠪᠠᠨ ᠨᠢᠭᠡᠳᠬᠡᠬᠦ᠂ ᠦᠢᠯᠡ ᠠᠵᠢᠯᠯᠠᠭ᠎ᠠ ᠪᠠᠨ ᠨᠢᠭᠡᠳᠬᠡᠬᠦ ᠤᠬᠠᠮᠰᠠᠷᠲᠤ ᠴᠢᠨᠠᠷ ᠪᠣᠯᠣᠨ ᠡᠷᠡᠰ ᠪᠠᠲᠤ ᠴᠢᠨᠠᠷ ᠢᠶᠠᠨ ᠴᠢᠩᠭᠠᠳᠬᠠᠵᠤ᠂ ᠲᠠᠷᠢᠬᠢ ᠲᠣᠯᠣᠭᠠᠢ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠣᠭᠤᠳᠤᠭᠤᠯᠬᠤ᠂ ᠠᠵᠢᠯ ᠢᠶᠠᠨ ᠠᠬᠢᠭᠤᠯᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠮᠠᠷᠺᠰ ᠤᠨ ᠦᠵᠡᠯ᠂ ᠬᠤᠷᠢᠨ ᠨᠢᠭᠡᠳᠦᠭᠡᠷ ᠵᠠᠭᠤᠨ ᠤ ᠮᠠᠷᠺᠰ ᠤᠨ ᠦᠵᠡᠯ᠂ ᠳᠤᠮᠳᠠᠳᠤ ᠶᠢᠨ ᠰᠣᠶᠣᠯ ᠪᠠ ᠳᠤᠮᠳᠠᠳᠤ ᠶᠢᠨ ᠵᠣᠷᠢᠭ ᠰᠠᠨᠠᠭᠠᠨ ᠤ ᠴᠠᠭ ᠦᠶ᠎ᠡ ᠶᠢᠨ ᠣᠭᠢ ᠲᠠᠯᠠᠰᠲᠤ ᠮᠥᠨ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ ᠰᠢᠨ᠎ᠡ ᠦᠰᠦᠷᠦᠯᠲᠡ ᠶᠢ ᠪᠡᠶᠡᠯᠡᠭᠦᠯᠦᠭᠰᠡᠨ ᠭᠡᠳᠡᠭ ᠢ ᠭᠦᠨᠵᠡᠭᠡᠢ ᠣᠶᠢᠯᠠᠭᠠᠵᠤ᠂ ᠡᠨᠡ ᠬᠦ ᠦᠵᠡᠯ ᠰᠠᠨᠠᠭ᠎ᠠ ᠨᠢ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠣ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠵᠠᠯᠭᠠᠮᠵᠢᠯᠠᠨ ᠬᠥᠭᠵᠢᠭᠦᠯᠵᠦ᠂ ᠴᠣ ᠰᠢᠨ᠎ᠡ ᠬᠠᠷᠠᠭᠠᠰᠤ ᠠᠴᠠ ᠡᠪ ᠬᠠᠮᠲᠤ ᠨᠠᠮ ᠤᠨ ᠲᠦᠷᠦ ᠪᠠᠷᠢᠬᠤ ᠵᠢᠮ᠎ᠡ ᠶᠣᠰᠣ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢᠨ ᠵᠢᠮ᠎ᠡ ᠶᠣᠰᠣ᠂ ᠬᠥᠮᠥᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠵᠢᠮ᠎ᠡ ᠶᠣᠰᠣᠨ ᠤ ᠲᠠᠨᠢᠯᠲᠠ ᠶᠢ ᠭᠦᠨᠵᠡᠭᠡᠶᠢᠷᠡᠭᠦᠯᠵᠦ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠠᠬᠤᠢ ᠪᠠᠶᠢᠳᠠᠯ ᠢ ᠨᠡᠭᠡᠭᠡᠭᠰᠡᠨ ᠭᠡᠳᠡᠭ ᠢ ᠭᠦᠢᠴᠡᠳ ᠲᠠᠨᠢᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠡᠨᠡ ᠬᠦ ᠦᠵᠡᠯ ᠰᠠᠨᠠᠭ᠎ᠠ ᠨᠢ ᠮᠠᠷᠺᠰ ᠤᠨ ᠦᠵᠡᠯ ᠢ ᠪᠠᠶᠠᠯᠢᠭᠵᠢᠭᠤᠯᠤᠨ ᠬᠥᠭᠵᠢᠭᠦᠯᠬᠦ ᠳᠤ ᠠᠩᠬᠠᠨ ᠤ ᠡᠭᠦᠳᠦᠯᠲᠡ ᠶᠢᠨ ᠴᠢᠨᠠᠷᠲᠠᠢ ᠬᠤᠪᠢ ᠨᠡᠮᠡᠷᠢ ᠦᠵᠡᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠬᠦ ᠳᠤ ᠲᠡᠦᠬᠡᠲᠦ ᠴᠢᠨᠠᠷᠲᠠᠢ ᠬᠤᠪᠢ ᠨᠡᠮᠡᠷᠢ ᠦᠵᠡᠭᠦᠯᠵᠦ᠂ ᠬᠥᠮᠥᠨ ᠲᠥᠷᠥᠯᠬᠢᠲᠡᠨ ᠤ ᠪᠣᠯᠪᠠᠰᠤᠨ ᠤ ᠲᠠᠪᠰᠢᠯᠳᠠ ᠶᠢ ᠠᠬᠢᠭᠤᠯᠬᠤ ᠳᠤ ᠳᠡᠯᠡᠬᠡᠢ ᠶᠢᠨ ᠴᠢᠨᠠᠷᠲᠠᠢ ᠬᠤᠪᠢ ᠨᠡᠮᠡᠷᠢ ᠦᠵᠡᠭᠦᠯᠦᠭᠰᠡᠨ ᠢ ᠭᠦᠢᠴᠡᠳ ᠲᠠᠨᠢᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠠᠭᠤᠯᠭ᠎ᠠ ᠶᠢ ᠭᠦᠨᠵᠡᠭᠡᠢ ᠣᠶᠢᠯᠠᠭᠠᠵᠤ᠂ ᠡᠨᠡ ᠬᠦ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ᠂ ᠠᠷᠭ᠎ᠠ ᠶᠢᠨ ᠤᠨᠤᠯ ᠪᠠ ᠲᠡᠭᠦᠨ ᠳᠤ ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠪᠦᠭᠦ ᠲᠠᠯ᠎ᠠ ᠪᠠᠷ ᠡᠵᠡᠮᠰᠢᠵᠦ᠂ ᠡᠨᠡ ᠬᠦ ᠦᠵᠡᠯ ᠰᠠᠨᠠᠭ᠎ᠠ ᠨᠢ ᠮᠠᠷᠺᠰ ᠤᠨ ᠦᠵᠡᠯ ᠤᠨ ᠭᠦᠨ ᠤᠬᠠᠭᠠᠨ᠂ ᠮᠠᠷᠺᠰ ᠤᠨ ᠦᠵᠡᠯ ᠤᠨ ᠤᠯᠤᠰ ᠲᠦᠷᠤ ᠠᠵᠤ ᠠᠬᠤᠢ ᠶᠢᠨ ᠤᠬᠠᠭᠠᠨ᠂ ᠰᠢᠨᠵᠢᠯᠡᠬᠦ ᠤᠬᠠᠭᠠᠨ ᠤ ᠨᠡᠶᠢᠭᠡᠮ ᠵᠢᠷᠤᠮ ᠢ ᠨᠡᠪᠲᠡᠷᠡᠯᠴᠡᠭᠦᠯᠵᠦ᠂ ᠲᠡᠦᠬᠡ᠂ ᠤᠳᠤ᠂ ᠢᠷᠡᠭᠡᠳᠦᠢ ᠶᠢ ᠨᠡᠪᠲᠡᠷᠡᠯᠴᠡᠭᠦᠯᠵᠦ᠂ ᠥᠭᠡᠷᠡᠴᠢᠯᠡᠯᠲᠡ ᠬᠥᠭᠵᠢᠯᠲᠡ ᠲᠣᠭᠲᠠᠭᠤᠨ᠂ ᠳᠣᠲᠣᠭᠠᠳᠤ ᠵᠠᠰᠠᠭ ᠭᠠᠳᠠᠭᠠᠳᠤ ᠬᠠᠷᠢᠯᠴᠠᠭ᠎ᠠ ᠤᠯᠤᠰ ᠤᠨ ᠪᠠᠲᠤᠯᠠᠨ ᠬᠠᠮᠠᠭᠠᠯᠠᠯᠲᠠ᠂ ᠨᠠᠮ ᠢ ᠵᠠᠰᠠᠬᠤ ᠤᠯᠤᠰ ᠢ ᠵᠠᠰᠠᠬᠤ ᠴᠡᠷᠢᠭ ᠢ ᠵᠠᠰᠠᠬᠤ ᠵᠡᠷᠭᠡ ᠡᠯ᠎ᠡ ᠬᠦᠷᠢᠶ᠎ᠡ ᠶᠢ ᠨᠡᠪᠲᠡᠷᠡᠯᠴᠡᠭᠦᠯᠵᠦ᠂ ᠯᠣᠭᠢᠭ ᠨᠢᠭᠲᠠ ᠴᠢᠩᠭ᠎ᠠ᠂ ᠠᠭᠤᠯᠬᠤᠨ ᠨᠢ ᠪᠠᠶᠠᠯᠢᠭ᠂ ᠰᠢᠰᠲ᠋ᠧᠮ ᠨᠢ ᠪᠦᠭᠦ ᠲᠠᠯ᠎ᠠ ᠶᠢᠨ᠂ ᠥᠷᠭᠡᠨ ᠳᠡᠯᠭᠡᠷ ᠭᠦᠨ ᠭᠦᠨᠵᠡᠭᠡᠢ ᠨᠢᠭᠡᠨ ᠰᠢᠨᠵᠢᠯᠡᠬᠦ ᠤᠬᠠᠭᠠᠨᠴᠢ ᠰᠢᠰᠲ᠋ᠧᠮ ᠪᠤᠯᠬᠤ ᠶᠢ ᠭᠦᠢᠴᠡᠳ ᠲᠠᠨᠢᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠦᠨᠡᠨ ᠶᠣᠰᠣᠨ ᠤ ᠬᠦᠴᠦᠨ ᠪᠣᠯᠣᠨ ᠦᠢᠯᠡᠳᠦᠯᠭᠡ ᠶᠢᠨ ᠠᠤᠭ᠎ᠠ ᠬᠦᠴᠦᠨ ᠢ ᠭᠦᠨᠵᠡᠭᠡᠢ ᠣᠶᠢᠯᠠᠭᠠᠵᠤ᠂ ᠡᠨᠡ ᠬᠦ ᠦᠵᠡᠯ ᠰᠠᠨᠠᠭ᠎ᠠ ᠪᠣᠯ ᠰᠢᠨ᠎ᠡ ᠴᠠᠭ ᠦᠶ᠎ᠡ ᠶᠢᠨ ᠠᠭᠤᠤ ᠶᠡᠭᠡ ᠦᠢᠯᠡᠳᠦᠯᠭᠡ ᠶᠢ ᠠᠬᠢᠭᠤᠯᠬᠤ᠂ ᠰᠢᠨ᠎ᠡ ᠴᠠᠭ ᠦᠶ᠎ᠡ ᠶᠢᠨ ᠠᠭᠤᠤ ᠶᠡᠭᠡ ᠬᠤᠪᠢᠰᠤᠯᠲᠠ ᠶᠢ ᠬᠥᠲᠥᠯᠥᠨ ᠳᠠᠭᠠᠭᠤᠯᠬᠤ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠰᠢᠨᠵᠢᠯᠡᠬᠦ ᠤᠬᠠᠭᠠᠨᠴᠢ ᠤᠨᠤᠯ ᠤᠨ ᠵᠢᠯᠣᠭᠤᠳᠤᠯᠭ᠎ᠠ ᠬᠠᠩᠭᠠᠭᠰᠠᠨ ᠭᠡᠳᠡᠭ ᠢ ᠭᠦᠢᠴᠡᠳ ᠲᠠᠨᠢᠬᠤ ᠬᠡᠷᠡᠭᠲᠡᠢ᠃        ︽ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ︾ ᠢ ᠰᠤᠷᠤᠯᠴᠠᠬᠤ ᠳᠤ᠂ ᠡᠷᠬᠡᠪᠰᠢ ᠤᠨᠤᠯ ᠢ ᠪᠣᠳᠠᠲᠠᠢ ᠲᠠᠢ ᠤᠶᠠᠯᠳᠤᠭᠤᠯᠬᠤ ᠮᠠᠷᠺᠰ ᠤᠨ ᠦᠵᠡᠯ ᠤᠨ ᠰᠤᠷᠤᠯᠴᠠᠬᠤ ᠰᠤᠷᠲᠠᠯ ᠢ ᠶᠡᠭᠡ ᠪᠠᠷ ᠪᠠᠳᠠᠷᠠᠭᠤᠯᠵᠤ᠂ ᠰᠤᠷᠤᠯᠴᠠᠬᠤ ᠰᠡᠳᠭᠢᠭᠦ ᠬᠡᠷᠡᠭᠯᠡᠬᠦ ᠶᠢ ᠤᠶᠠᠯᠳᠤᠭᠤᠯᠬᠤ᠂ ᠮᠡᠳᠡᠭᠦ ᠢᠲᠡᠭᠡᠭᠦ ᠬᠢᠬᠦ ᠶᠢ ᠨᠢᠭᠡᠳᠬᠡᠬᠦ ᠶᠢ ᠪᠡᠶᠡᠯᠡᠭᠦᠯᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ ᠦᠢᠯᠡᠳᠦᠯᠭᠡ ᠪᠠᠷ ᠤᠳᠤᠷᠢᠳᠤᠮᠵᠢ ᠪᠤᠯᠭᠠᠬᠤ᠂ ᠬᠡᠷᠡᠭᠴᠡᠭᠡ ᠪᠠᠷ ᠤᠳᠤᠷᠢᠳᠤᠮᠵᠢ ᠪᠤᠯᠭᠠᠬᠤ ᠶᠢ ᠴᠢᠩᠭᠠᠳᠬᠠᠵᠤ᠂ ᠠᠵᠢᠯ ᠤᠨ ᠪᠣᠳᠠᠲᠤ ᠪᠠᠶᠢᠳᠠᠯ ᠪᠣᠯᠣᠨ ᠦᠵᠡᠯ ᠰᠠᠨᠠᠭᠠᠨ ᠤ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠦᠨᠡᠨ ᠬᠦ ᠬᠦᠰᠡᠯᠡᠩ ᠢᠶᠠᠨ ᠪᠠᠲᠤᠳᠬᠠᠬᠤ᠂ ᠨᠠᠮᠴᠢ ᠴᠢᠨᠠᠷ ᠢᠶᠠᠨ ᠳᠠᠪᠲᠠᠨ ᠪᠤᠯᠪᠠᠰᠤᠷᠠᠭᠤᠯᠬᠤ ᠳᠡᠭᠡᠳᠦ ᠬᠡᠮᠵᠢᠶᠡᠨ ᠤ ᠤᠬᠠᠮᠰᠠᠷ ᠪᠣᠯᠭᠠᠨ ᠬᠤᠪᠢᠷᠠᠭᠤᠯᠵᠤ᠂ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ᠂ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠢ᠃        ︽ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ︾ ᠢ ᠰᠤᠷᠤᠯᠴᠠᠬᠤ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠪᠠᠷᠢᠮᠲᠠᠯᠠᠬᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠮᠥᠨ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ︽ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ︾ ᠢ ᠰᠤᠷᠤᠯᠴᠠᠬᠤ ᠶᠢ ᠴᠢᠬᠤᠯᠠ ᠪᠠᠶᠢᠷᠢᠨ ᠳᠤ ᠲᠠᠯᠪᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠨᠢᠭᠲᠠ ᠤᠶᠠᠯᠳᠤᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠲᠠᠢ ᠤᠶᠠᠯᠳᠤᠭᠤᠯᠵᠤ᠂ ᠨᠠᠮ ᠤᠨ ᠭᠡᠰᠢᠭᠦᠨ᠂ ᠺᠠᠳ᠋ᠷᠴᠤᠳ ᠢ ᠵᠣᠬᠢᠶᠠᠨ ᠪᠠᠶᠢᠭᠤᠯᠤᠨ ᠲᠡᠷᠡ ᠬᠡᠪ ᠢᠶᠠᠷ ᠨᠢ ᠰᠤᠷᠤᠯᠴᠠᠭᠤᠯᠵᠤ᠂ ᠨᠠᠷᠢᠨ ᠬᠢᠨᠠᠮᠠᠭᠠᠢ ᠣᠶᠢᠯᠠᠭᠠᠭᠤᠯᠵᠤ᠂ ᠦᠭᠡ ᠥᠭᠦᠯᠡᠪᠦᠷᠢ ᠶᠢ ᠨᠢ ᠣᠶᠢᠯᠠᠭᠠᠬᠤ ᠪᠠᠷ ᠪᠠᠷᠠᠬᠤ ᠦᠭᠡᠢ ᠤᠳᠬ᠎ᠠ ᠰᠠᠨᠠᠭ᠎ᠠ ᠶᠢ ᠨᠢ ᠣᠶᠢᠯᠠᠭᠠᠵᠤ᠂ ᠲᠡᠶᠢᠮᠦ ᠪᠤᠯᠬᠤ ᠶᠢ ᠮᠡᠳᠡᠭᠦ ᠪᠠᠷ ᠪᠠᠷᠠᠬᠤ ᠦᠭᠡᠢ ᠴᠣᠬᠤᠮ ᠶᠠᠭᠠᠬᠢᠭᠠᠳ ᠲᠡᠶᠢᠮᠦ ᠪᠣᠯᠤᠭᠰᠠᠨ ᠢ ᠮᠡᠳᠡᠭᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ︽ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ︾ ᠢ ᠰᠤᠷᠤᠯᠴᠠᠬᠤ ᠲᠥᠯᠥᠪᠯᠡᠭᠡ ᠳᠡᠭᠡᠨ ᠣᠷᠣᠭᠤᠯᠵᠤ᠂ ᠭᠦᠨᠵᠡᠭᠡᠢ ᠰᠤᠷᠤᠯᠴᠠᠨ ᠨᠠᠷᠢᠯᠢᠭ ᠡᠵᠡᠮᠰᠢᠵᠦ ᠪᠠᠲᠤᠲᠠᠢ ᠦᠢᠯᠡᠳᠦᠯᠭᠡᠵᠢᠭᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ᠃ ᠡᠯ᠎ᠡ ᠱᠠᠲᠤᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠂ ᠺᠠᠳ᠋ᠷᠴᠤᠳ ᠤᠨ ᠳᠡᠭᠡᠳᠦ ᠰᠤᠷᠭᠠᠭᠤᠯᠢ ᠶᠢᠨ ᠬᠢᠨ ︽ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ︾ ᠢ ᠪᠣᠯᠪᠠᠰᠤᠷᠠᠯ ᠵᠢᠭᠠᠨ ᠰᠤᠷᠭᠠᠯᠲᠠ ᠶᠢᠨ ᠴᠢᠬᠤᠯᠠ ᠠᠭᠤᠯᠭ᠎ᠠ ᠳᠠᠭᠠᠨ ᠣᠷᠣᠭᠤᠯᠵᠤ᠂ ᠡᠯ᠎ᠡ ᠵᠦᠢᠯ ᠤᠨ ᠰᠤᠳᠤᠯᠤᠨ ᠶᠠᠷᠢᠯᠴᠠᠬᠤ ᠠᠩᠭᠢ᠂ ᠪᠣᠯᠪᠠᠰᠤᠷᠠᠯ ᠤᠨ ᠠᠩᠭᠢ᠂ ᠰᠤᠷᠤᠯᠴᠠᠬᠤ ᠠᠩᠭᠢ ᠶᠢ ᠡᠷᠭᠢᠯᠡᠵᠦ᠂ ᠰᠤᠷᠤᠯᠴᠠᠯᠭ᠎ᠠ ᠶᠢ ᠤᠯᠠᠨ ᠭᠡᠯᠪᠡᠷᠢ ᠪᠠᠷ ᠳᠡᠰ ᠳᠠᠪᠬᠤᠷᠭ᠎ᠠ ᠬᠤᠪᠢᠶᠠᠵᠤ ᠪᠦᠭᠦᠨ ᠢ ᠪᠦᠷᠬᠦᠭᠦᠯᠵᠦ ᠥᠷᠨᠢᠭᠦᠯᠬᠦ ᠶᠢ ᠠᠬᠢᠭᠤᠯᠬᠤ ᠬᠡᠷᠡᠭᠲᠡᠢ᠃ ᠡᠯ᠎ᠡ ᠶᠡᠭᠡ ᠳᠡᠭᠡᠳᠦ ᠰᠤᠷᠭᠠᠭᠤᠯᠢ ᠶᠢᠨ ᠬᠢᠨ ︽ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ︾ ᠢᠶᠠᠷ ᠪᠠᠭᠰᠢ ᠰᠤᠷᠤᠬᠴᠢᠳ ᠤᠨ ᠣᠨᠣᠯ ᠰᠤᠷᠤᠯᠴᠠᠬᠤ ᠵᠢᠭᠠᠬᠤ ᠮᠠᠲ᠋ᠧᠷᠢᠶᠠᠯ ᠪᠤᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠵᠢᠭᠠᠬᠤ ᠮᠠᠲ᠋ᠧᠷᠢᠶᠠᠯ ᠳᠤ ᠣᠷᠣᠭᠤᠯᠬᠤ᠂ ᠬᠢᠴᠢᠶᠡᠯ ᠤᠨ ᠲᠠᠩᠬᠢᠮ ᠳᠤ ᠣᠷᠣᠭᠤᠯᠬᠤ᠂ ᠲᠠᠷᠢᠬᠢ ᠲᠣᠯᠣᠭᠠᠢ ᠳᠤ ᠬᠠᠳᠠᠩᠰᠢᠭᠤᠯᠬᠤ ᠶᠢ ᠨᠠᠩ ᠰᠠᠶᠢᠲᠤᠷ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠰᠠᠯᠠᠭ᠎ᠠ ᠮᠥᠴᠢᠷ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠰᠤᠷᠤᠯᠴᠠᠯᠭ᠎ᠠ ᠶᠢ ᠵᠢᠯᠤᠭᠤᠳᠬᠤ ᠪᠠ ᠱᠠᠯᠠᠪᠳᠠᠨ ᠪᠠᠶᠢᠴᠠᠭᠠᠬᠤ ᠪᠠᠨ ᠴᠢᠩᠭᠠᠳᠬᠠᠵᠤ᠂ ᠤᠬᠠᠭᠤᠯᠤᠨ ᠮᠡᠳᠡᠭᠡᠯᠡᠬᠦ ᠠᠵᠢᠯ ᠢ ᠰᠠᠶᠢᠲᠤᠷ ᠬᠢᠵᠦ᠂ ᠤᠬᠠᠭᠤᠯᠤᠨ ᠲᠠᠶᠢᠯᠪᠤᠷᠢᠯᠠᠬᠤ ᠪᠠ ᠤᠬᠠᠭᠤᠯᠤᠨ ᠲᠠᠨᠢᠯᠴᠠᠭᠤᠯᠬᠤ ᠠᠵᠢᠯ ᠢ ᠰᠠᠶᠢᠲᠤᠷ ᠵᠣᠬᠢᠶᠠᠨ ᠪᠠᠶᠢᠭᠤᠯᠵᠤ᠂ ᠰᠤᠷᠤᠯᠴᠠᠯᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠲᠡᠢ᠃        ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠨᠠᠮ ᠪᠠᠶᠢᠭᠤᠯᠤᠭᠰᠠᠨ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ︽ᠭᠤᠷᠪᠠᠨ ᠡᠷᠬᠡᠪᠰᠢ︾ ᠶᠢ ᠪᠠᠲᠤ ᠴᠡᠭᠡᠵᠢᠯᠡᠵᠦ᠂ ᠢᠲᠡᠭᠡᠯ ᠲᠡᠭᠦᠯᠳᠡᠷ ᠢᠶᠠᠷ ᠥᠪᠡᠷ ᠢ ᠪᠠᠨ ᠬᠦᠴᠦᠷᠬᠡᠭᠵᠢᠭᠦᠯᠵᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠣᠮᠤᠭ ᠵᠣᠷᠢᠭ ᠪᠠᠳᠠᠷᠠᠩᠭᠤᠢ ᠪᠠᠷ ᠡᠷᠡᠮᠡᠬᠡᠶᠢᠯᠡᠨ ᠤᠷᠤᠭᠰᠢᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ︕
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号