︽ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠦᠭᠡᠳ ᠲᠡᠩᠴᠡᠭᠦᠷᠢᠲᠡᠢ ᠬᠦᠭᠵᠢᠯᠲᠡ ᠶᠢ ᠡᠭᠦᠳᠴᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ︾ ︱ ᠰᠢᠨ᠎ᠡ ᠪᠠᠷᠭᠤ ᠪᠠᠷᠠᠭᠤᠨ ᠬᠤᠰᠢᠭᠤ᠄ ᠰᠤᠷᠤᠭᠴᠢᠳ ᠤᠨ ᠥᠪᠡᠷᠮᠢᠴᠡ ᠬᠥᠭᠵᠢᠯᠲᠡ ᠳᠤ ᠬᠦᠴᠦᠨ ᠨᠡᠮᠡᠷᠢᠯᠡᠵᠦ᠂ ︽ᠷᠦᠨ ᠽᠧ︾ ᠰᠤᠷᠭᠠᠨ ᠬᠥᠮᠦᠵᠢᠯ ᠤᠨ ᠰᠠᠶᠢᠨ ᠰᠠᠶᠢᠬᠠᠨ ᠠᠮᠢ ᠠᠬᠤᠢ ᠶᠢ ᠠᠮᠢᠯᠠᠭᠤᠯᠵᠤ ᠪᠣᠢ
ᠨᠡᠶᠢᠲᠡᠯᠡᠭᠰᠡᠨ ᠴᠠᠭ᠄
2023/4/13
       ᠣᠶᠢᠷ᠎ᠠ ᠶᠢᠨ ᠵᠢᠯ ᠠᠴᠠ᠂ ᠰᠢᠨ᠎ᠡ ᠪᠠᠷᠭᠤ ᠪᠠᠷᠠᠭᠤᠨ ᠬᠤᠰᠢᠭᠤ ᠦᠢᠯᠡᠳᠦᠯᠭᠡ ᠶᠢᠨ ᠠᠵᠢᠯᠯᠠᠭ᠎ᠠ ᠪᠠᠷ ᠨᠠᠮ ᠤᠨ ᠬᠥᠮᠥᠨ ᠢ ᠬᠥᠮᠥᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠢ ᠬᠥᠮᠥᠵᠢᠭᠦᠯᠬᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠬᠥᠭᠵᠢᠭᠦᠯᠦᠨ ᠮᠠᠨᠳᠤᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠰᠤᠷᠭᠠᠨ ᠬᠥᠮᠦᠵᠢᠯ ᠤᠨ ︽ᠤᠷᠤᠭᠰᠢᠯᠠᠯᠲᠠ ᠶᠢᠨ ᠪᠢᠷ︾  ᠢᠶᠠᠷ ᠰᠢᠨ᠎ᠡ ᠪᠠᠷᠭᠤ ᠪᠠᠷᠠᠭᠤᠨ ᠬᠤᠰᠢᠭᠤᠨ ᠤ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠪᠡ᠃
       ᠰᠢᠨ᠎ᠡ ᠪᠠᠷᠭᠤ ᠪᠠᠷᠠᠭᠤᠨ ᠬᠤᠰᠢᠭᠤ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠶᠣᠰᠣ ᠰᠤᠷᠲᠠᠬᠤᠨ ᠢ ᠪᠣᠶ ᠪᠣᠯᠭᠠᠨ ᠬᠥᠮᠥᠨ ᠢ ᠬᠥᠮᠥᠵᠢᠭᠦᠯᠬᠦ︾ ᠰᠤᠷᠭᠠᠨ ᠬᠥᠮᠦᠵᠢᠯ ᠤᠨ ᠬᠠᠷᠠᠯᠲᠠ ᠶᠢ ᠪᠠᠷᠢᠮᠲᠠᠯᠠᠵᠤ᠂ ︽ᠷᠦᠨ ᠽᠧ︾ ᠰᠤᠷᠭᠠᠨ ᠬᠥᠮᠦᠵᠢᠯ ᠤᠨ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠵᠤ᠂ ︽5+2+N︾ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠶᠠᠰᠤ ᠴᠢᠨᠠᠷ ᠢ ᠠᠬᠢᠭᠤᠯᠤᠨ ᠳᠡᠭᠡᠭᠰᠢᠯᠡᠭᠦᠯᠵᠦ᠂ ᠰᠣᠷᠣᠭᠴᠢ ᠶᠢᠨ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠦᠨ᠂ ᠰᠣᠷᠣᠭᠴᠢ ᠶᠢᠨ ᠭᠤᠣᠯᠯᠠᠬᠤ ᠬᠡᠪ ᠪᠣᠯᠪᠠᠰᠤᠷᠠᠯ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠰᠤᠷᠤᠭᠴᠢᠳ ᠤᠨ ᠥᠪᠡᠷᠮᠢᠴᠡ ᠬᠥᠭᠵᠢᠯᠲᠡ ᠳᠤ ᠴᠢᠳᠠᠪᠤᠷᠢ ᠣᠯᠭᠤᠵᠤ᠂ ︽ᠷᠦᠨ ᠽᠧ︾ ᠰᠤᠷᠭᠠᠨ ᠬᠥᠮᠦᠵᠢᠯ ᠤᠨ ᠠᠮᠢ ᠠᠬᠤᠢ ᠶᠢ ᠰᠠᠶᠢᠲᠤᠷ ᠬᠠᠮᠠᠭᠠᠯᠠᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃        ︽ᠷᠦᠨ ᠽᠧ︾ ᠰᠤᠷᠭᠠᠨ ᠬᠥᠮᠦᠵᠢᠯ ᠪᠣᠯ ᠨᠢᠭᠡ ᠵᠦᠢᠯ ᠤᠨ ᠰᠤᠷᠭᠠᠨ ᠬᠥᠮᠦᠵᠢᠯ ᠤᠨ ᠬᠦᠰᠡᠯᠡᠩ ᠮᠥᠨ᠂ ᠲᠡᠷᠡ ᠨᠢ ᠰᠤᠷᠤᠭᠴᠢᠳ ᠤᠨ ᠣᠶᠤᠨ ᠰᠠᠨᠠᠭ᠎ᠠ ᠶᠢ ᠤᠮᠳᠠᠯᠠᠵᠤ᠂ ᠰᠤᠷᠤᠭᠴᠢᠳ ᠤᠨ ᠦᠰᠦᠨ ᠪᠤᠶᠢᠵᠢᠯᠲᠠ ᠶᠢ ᠠᠬᠢᠭᠤᠯᠳᠠᠭ︔ ᠮᠥᠨ ᠴᠦ ᠨᠢᠭᠡ ᠵᠦᠢᠯ ᠤᠨ ᠰᠤᠷᠭᠠᠨ ᠬᠥᠮᠦᠵᠢᠯ ᠤᠨ ᠦᠢᠯᠡᠳᠦᠯᠭᠡ ᠮᠥᠨ᠂ ᠬᠢᠴᠢᠶᠡᠯ ᠤᠨ ᠲᠠᠩᠬᠢᠮ  ᠢ ᠤᠮᠳᠠᠯᠠᠵᠤ᠂ ᠰᠤᠷᠭᠠᠭᠤᠯᠢ   ᠶᠢᠨ ᠬᠦᠷᠢᠶ᠎ᠡ ᠶᠢ ᠤᠮᠳᠠᠯᠠᠵᠤ᠂ ᠣᠶᠤᠨ ᠤᠬᠠᠭᠠᠨ   ᠢ ᠰᠡᠩᠬᠡᠷᠡᠭᠦᠯᠵᠦ᠂ ᠬᠥᠮᠥᠨ ᠤ ᠠᠮᠢᠳᠤᠷᠠᠯ ᠤᠨ ᠬᠦᠰᠡᠯᠡᠩ ᠢ ᠭᠡᠷᠡᠯᠲᠦᠭᠦᠯᠦᠨ᠎ᠡ᠃ ᠭᠠᠷᠠᠭ ᠤᠨ ᠨᠢᠭᠡᠨ ᠤ ᠦᠳᠡ ᠶᠢᠨ ᠬᠤᠶᠢᠨ᠎ᠠ ᠶᠢᠨ 5 ᠴᠠᠭ ᠲᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠤᠶᠠᠳᠤᠭᠠᠷ ᠣᠨ ᠤ ᠰᠤᠷᠤᠭᠴᠢᠳ 2 ᠴᠠᠭ ᠤᠨ ︽ᠬᠢᠴᠢᠶᠡᠯ ᠤᠨ ᠭᠠᠳᠠᠨᠠᠬᠢ ᠬᠥᠳᠡᠯᠭᠡᠭᠡᠨ︾ ᠤ ᠶᠠᠪᠤᠴᠠ ᠳᠤ ᠳᠤᠷ᠎ᠠ ᠰᠣᠨᠢᠷᠬᠠᠯ ᠤᠨ ᠠᠩᠭᠢ ᠶᠢᠨ ᠡᠯᠪᠡᠭ ᠪᠠᠶᠠᠯᠢᠭ ᠬᠢᠴᠢᠶᠡᠯ ᠢ ᠪᠡᠶ᠎ᠡ ᠪᠠᠷ ᠢᠶᠠᠨ ᠣᠶᠢᠯᠠᠭᠠᠵᠤ ᠪᠠᠶᠢᠯ᠎ᠠ᠃ ᠤᠩᠰᠢᠯᠭ᠎ᠠ᠂ ᠡᠯᠧᠺᠲᠷᠣᠨ ᠬᠤᠭᠤᠷ᠂ ᠤᠷᠠᠨ ᠵᠢᠷᠤᠭ᠂ ᠤᠷᠠᠨ ᠪᠢᠴᠢᠯᠭᠡ᠂ ᠰᠠᠭᠰᠤᠨ ᠪᠥᠮᠪᠦᠭᠡ᠂ ᠳᠠᠭᠤᠤ ᠬᠥᠭᠵᠢᠮ᠂ ᠡᠭᠦᠳᠦᠨ ᠪᠦᠲᠦᠭᠡᠭᠴᠢ᠂ ᠮᠣᠩᠭᠤᠯ ᠰᠢᠲᠠᠷ᠎ᠠ ᠵᠡᠷᠭᠡ 12 ᠲᠦᠷᠦᠯ ᠤᠨ ᠥᠷᠭᠡᠳᠬᠡᠭᠰᠡᠨ ᠬᠢᠴᠢᠶᠡᠯ ᠢ ᠬᠡᠦᠬᠡᠳ ᠪᠣᠯᠭᠠᠨ ᠥᠪᠡᠷ ᠢᠶᠠᠨ ᠰᠣᠩᠭᠤᠵᠤ ᠪᠣᠯᠣᠨ᠎ᠠ᠃ ᠲᠣᠰ ᠰᠤᠷᠤᠯᠭ᠎ᠠ ᠶᠢᠨ ᠬᠤᠭᠤᠴᠠᠭᠠᠨ ᠳᠤ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠤᠶᠠᠳᠤᠭᠠᠷ ᠣᠨ ᠤ ᠰᠣᠷᠣᠭᠴᠢ ᠦ᠋ ᠽᠢ ᠮᠧᠩ ᠡᠯᠧᠺᠲᠷᠣᠨ ᠬᠤᠭᠤᠷ ᠤᠨ ᠠᠩᠭᠢ ᠳᠤ ᠣᠷᠣᠯᠴᠠᠵᠤ᠂ ᠲᠤᠩ ᠪᠠᠶᠠᠷ ᠲᠠᠢ ᠪᠠᠶᠢᠯ᠎ᠠ᠃
       ᠰᠢᠨ᠎ᠡ ᠪᠠᠷᠭᠤ ᠪᠠᠷᠠᠭᠤᠨ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠠᠰᠤ ᠴᠢᠨᠠᠷ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠰᠤᠷᠤᠭᠴᠢᠳ ᠤᠨ ᠳᠤᠷ᠎ᠠ ᠰᠣᠨᠢᠷᠬᠠᠯ᠂ ᠳᠤᠷ᠎ᠠ ᠪᠠᠬ᠎ᠠ ᠳᠤ ᠴᠢᠭᠯᠡᠭᠦᠯᠦᠨ ᠪᠠᠶᠢᠴᠠᠭᠠᠯᠲᠠ ᠬᠢᠵᠦ᠂ ᠬᠡᠦᠬᠡᠳ ᠤᠨ ᠳᠣᠲᠣᠭᠠᠳᠤ ᠰᠡᠳᠬᠢᠯ ᠤᠨ ᠶᠢᠷᠲᠢᠨᠴᠦ ᠳᠤ ᠭᠦᠨᠵᠡᠭᠡᠶᠢᠷᠡᠨ᠂ ᠬᠡᠦᠬᠡᠳ ᠤᠨ ᠥᠪᠡᠷᠮᠢᠴᠡ ᠴᠢᠨᠠᠷ ᠤᠨ ᠬᠥᠭᠵᠢᠯᠲᠡ ᠶᠢ ᠠᠩᠬᠠᠷᠴᠤ᠂ ᠠᠷᠭ᠎ᠠ ᠪᠦᠬᠦᠨ ᠢ ᠰᠦᠪᠡᠭᠴᠢᠯᠡᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠲᠠᠲᠠᠬᠤ ᠬᠦᠴᠦᠨ ᠢ ᠨᠡᠮᠡᠭᠳᠡᠭᠦᠯᠵᠦ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠲᠣᠪᠶᠤᠭ ᠢ ᠨᠠᠷᠢᠨ ᠬᠢᠨᠠᠮᠠᠭᠠᠢ ᠲᠥᠯᠥᠪᠯᠡᠵᠦ᠂ ᠰᠤᠷᠤᠭᠴᠢᠳ ᠤᠨ ᠤᠯᠠᠨ ᠶᠠᠩᠵᠤ ᠶᠢᠨ ᠰᠤᠷᠤᠯᠴᠠᠬᠤ ᠬᠡᠷᠡᠭᠴᠡᠭᠡ ᠶᠢ ᠬᠠᠩᠭᠠᠵᠤ᠂ ᠰᠤᠷᠤᠭᠴᠢᠳ ᠤᠨ ᠡᠯ᠎ᠡ ᠲᠦᠷᠦᠯ ᠤᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠵᠢᠯᠯᠠᠭ᠎ᠠ ᠳᠤᠮᠳᠠ ᠲᠥᠷᠥᠯᠬᠢ ᠴᠢᠨᠠᠷ ᠢ ᠨᠢ ᠪᠠᠳᠠᠷᠠᠭᠤᠯᠵᠤ᠂ ᠣᠨᠴᠠ ᠴᠢᠳᠠᠪᠤᠷᠢ ᠶᠢ ᠨᠢ ᠬᠥᠭᠵᠢᠭᠦᠯᠵᠦ᠂ ᠪᠡᠶ᠎ᠡ ᠮᠠᠬᠠᠪᠤᠳ ᠢ ᠨᠢ ᠴᠢᠭᠢᠷᠠᠭᠵᠢᠭᠤᠯᠵᠤ᠂ ᠰᠤᠷᠭᠠᠭᠤᠯᠢ ᠶᠢᠨ ᠬᠥᠮᠥᠨ ᠢ ᠬᠥᠮᠥᠵᠢᠭᠦᠯᠬᠦ ᠭᠤᠣᠯ ᠵᠢᠭᠰᠠᠭᠠᠯ ᠤᠨ ᠭᠠᠵᠠᠷ ᠤᠨ ᠦᠢᠯᠡᠳᠦᠯ ᠢ ᠦᠨᠡᠨᠬᠦ ᠪᠠᠳᠠᠷᠠᠭᠤᠯᠪᠠ᠃        ᠰᠤᠷᠭᠠᠭᠤᠯᠢ ᠪᠣᠯ ᠰᠤᠷᠭᠠᠨ ᠬᠥᠮᠦᠵᠢᠯ ᠤᠨ ᠠᠵᠢᠯᠯᠠᠭ᠎ᠠ ᠶᠢᠨ ᠭᠤᠣᠯ ᠲᠠᠯᠠᠪᠤᠷ ᠮᠥᠨ᠃ ᠰᠢᠨ᠎ᠡ ᠪᠠᠷᠭᠤ ᠪᠠᠷᠠᠭᠤᠨ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠰᠤᠷᠤᠭᠴᠢᠳ ᠤᠨ ᠪᠣᠳᠠᠲᠤ ᠬᠥᠭᠵᠢᠯᠲᠡ ᠶᠢᠨ ᠬᠡᠷᠡᠭᠴᠡᠭᠡ ᠪᠠ ᠢᠷᠡᠭᠡᠳᠦᠢ ᠶᠢᠨ ᠬᠥᠭᠵᠢᠯᠲᠡ ᠶᠢᠨ ᠬᠡᠷᠡᠭᠴᠡᠭᠡ ᠳᠤ ᠰᠠᠭᠤᠷᠢᠯᠠᠵᠤ᠂ ︽ᠷᠦᠨ ᠽᠧ︾ ᠰᠤᠷᠭᠠᠨ ᠬᠥᠮᠦᠵᠢᠯ ᠤᠨ ᠨᠠᠷᠠᠲᠤ ᠲᠥᠷᠥᠯ ᠲᠡᠮᠳᠡᠭᠲᠦ ᠶᠢ ᠡᠭᠦᠳᠦᠨ᠂ ᠭᠠᠵᠠᠷ ᠣᠷᠣᠨ ᠤ ᠣᠨᠴᠠᠯᠢᠭ ᠲᠠᠢ ᠤᠶᠠᠯᠳᠤᠭᠤᠯᠤᠨ᠂ ᠪᠥᠬᠦ ᠲᠠᠯ᠎ᠠ ᠶᠢᠨ ᠬᠥᠭᠵᠢᠯᠲᠡ ᠪᠠᠷ ᠵᠢᠯᠤᠭᠤᠳᠬᠤ ᠦᠵᠡᠯ ᠰᠠᠨᠠᠭ᠎ᠠ ᠪᠣᠯᠭᠠᠵᠤ᠂ ᠰᠤᠷᠤᠭᠴᠢᠳ ᠤᠨ ᠬᠥᠭᠵᠢᠯᠲᠡ ᠶᠢᠨ ᠵᠥᠷᠢᠶᠡᠲᠦ ᠴᠢᠨᠠᠷ ᠢ ᠬᠦᠨᠳᠦᠳᠬᠡᠨ᠂ ᠳᠠᠰᠬᠠᠯ ᠤᠨ ᠵᠢᠷᠤᠭ ᠲᠥᠯᠥᠪᠯᠡᠭᠡ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠶᠠᠰᠤ ᠴᠢᠨᠠᠷ᠂ ᠬᠢᠴᠢᠶᠡᠯ ᠤᠨ ᠳᠠᠷᠠᠭᠠᠬᠢ ᠬᠠᠪᠰᠤᠷᠤᠨ ᠵᠢᠯᠣᠭᠤᠳᠤᠯᠭ᠎ᠠ ᠵᠡᠷᠭᠡ ᠲᠠᠯ᠎ᠠ ᠪᠠᠷ ᠪᠣᠳᠠᠲᠠᠢ ᠠᠷᠭ᠎ᠠ ᠬᠡᠮᠵᠢᠶ᠎ᠡ ᠲᠣᠭᠲᠠᠭᠠᠵᠤ᠂ ᠲᠡᠭᠦᠨ ᠢ ᠡᠩ ᠤᠨ ᠵᠢᠭᠠᠨ ᠰᠤᠷᠭᠠᠯᠲᠠ ᠶᠢᠨ ᠶᠠᠪᠤᠴᠠ ᠳᠤ ᠲᠤᠤᠱᠯᠠᠭᠤᠯᠤᠨ᠂ ᠡᠶ᠎ᠡ ᠵᠣᠬᠢᠴᠠᠯ ᠲᠠᠢ ᠲᠠᠩᠰᠤᠭ ᠰᠠᠶᠢᠬᠠᠨ ᠦᠰᠦᠨ ᠪᠣᠶᠢᠵᠢᠬᠤ ᠴᠡᠩᠭᠡᠯ ᠤᠨ ᠬᠦᠷᠢᠶᠡᠯᠡᠩ ᠢ ᠪᠠᠶᠢᠭᠤᠯᠪᠠ᠃
       ᠰᠤᠷᠭᠠᠨ ᠬᠥᠮᠦᠵᠢᠯ ᠪᠣᠯ ᠤᠯᠤᠰ ᠤᠨ ᠶᠡᠭᠡ ᠪᠣᠳᠣᠯᠭ᠎ᠠ᠂ ᠨᠠᠮ ᠤᠨ ᠶᠡᠭᠡ ᠪᠣᠳᠣᠯᠭ᠎ᠠ ᠮᠥᠨ᠃ ᠳᠠᠷᠠᠭᠠᠴᠢ ᠶᠢᠨ ᠠᠯᠬᠤᠮ ᠳᠤ᠂ ᠰᠢᠨ᠎ᠡ ᠪᠠᠷᠭᠤ ᠪᠠᠷᠠᠭᠤᠨ ᠬᠤᠰᠢᠭᠤ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ᠰᠤᠷᠭᠠᠨ ᠬᠥᠮᠦᠵᠢᠯ ᠤᠨ ᠲᠤᠬᠠᠢ ᠰᠢᠨ᠎ᠡ ᠦᠵᠡᠯ ᠰᠠᠨᠠᠭ᠎ᠠ᠂ ᠰᠢᠨ᠎ᠡ ᠪᠠᠶᠢᠯᠳᠤᠬᠤ ᠪᠣᠳᠣᠯᠭ᠎ᠠ᠂ ᠰᠢᠨ᠎ᠡ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠭᠦᠯᠬᠦ ᠰᠢᠶᠠᠨ ᠢ ᠡᠭᠦᠳᠦᠨ ᠪᠠᠶᠢᠭᠤᠯᠬᠤ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠢ ᠨᠠᠶᠢᠳᠠᠪᠤᠷᠢᠵᠢᠭᠤᠯᠤᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠶᠠᠰᠤ ᠴᠢᠨᠠᠷ ᠢ ᠳᠡᠭᠡᠭᠰᠢᠯᠡᠭᠦᠯᠵᠦ᠂ ᠭᠦᠨᠵᠡᠭᠡᠢ ᠠᠭᠤᠳᠠᠯᠤᠨ ᠪᠢᠴᠢᠭ ᠵᠢᠭᠠᠵᠤ ᠬᠥᠮᠥᠨ ᠢ ᠬᠥᠮᠥᠵᠢᠭᠦᠯᠬᠦ ᠦᠢᠯᠡᠰ ᠢ ᠬᠥᠭᠵᠢᠭᠦᠯᠵᠦ᠂ ᠪᠥᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠦᠮᠦᠵᠢᠭᠦᠯᠵᠦ ᠪᠠᠶᠢᠨ᠎ᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号