ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠤᠨ ᠱᠦᠵᠢ ᠯᠢ ᠭᠤᠸᠠᠩ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/4/13
       4 ᠰᠠᠷ᠎ᠠ ᠶᠢᠨ 12 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠤᠨ ᠱᠦᠵᠢ ᠯᠢ ᠭᠤᠸᠠᠩ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠳᠤ ᠭᠦᠨᠵᠡᠭᠡᠶᠢᠷᠡᠨ᠂ ᠪᠠᠶᠢᠴᠠᠭᠠᠬᠤ ᠬᠤᠷᠢᠶᠠᠨ ᠤ ᠢᠯᠡ ᠪᠠᠷ ᠭᠡᠷᠡᠴᠢᠯᠡᠭᠡ ᠰᠣᠨᠣᠰᠬᠤ ᠲᠠᠰᠤᠭ᠂ 12309 ᠪᠠᠶᠢᠴᠠᠭᠠᠬᠤ ᠦᠢᠯᠡᠴᠢᠯᠡᠭᠡᠨ ᠤ ᠲᠥᠪ ᠵᠡᠷᠭᠡ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠰᠣᠯᠢᠯᠴᠠᠨ ᠶᠠᠷᠢᠯᠴᠠᠬᠤ ᠬᠤᠷᠠᠯ ᠬᠢᠪᠡ᠃ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠲᠦ᠋ ᠵᠢᠶᠠᠩ ᠬᠤᠩ ᠣᠷᠣᠯᠴᠠᠪᠠ᠃
       ᠶᠠᠷᠢᠯᠴᠠᠬᠤ ᠬᠤᠷᠠᠯ ᠳᠡᠭᠡᠷ᠎ᠡ᠂ ᠯᠢ ᠭᠤᠸᠠᠩ ᠪᠠᠶᠢᠴᠠᠭᠠᠬᠤ ᠬᠤᠷᠢᠶᠠᠨ ᠤ 2023 ᠣᠨ ᠤ ᠨᠢᠭᠡᠳᠦᠭᠡᠷ ᠤᠯᠠᠷᠢᠯ ᠤᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠵᠢᠴᠢ ᠬᠤᠶᠢᠰᠢᠳᠠ ᠶᠢᠨ ᠠᠵᠢᠯ ᠤᠨ ᠰᠡᠳᠬᠢᠴᠡ ᠶᠢ ᠰᠣᠨᠣᠰᠪᠠ᠃
       ᠯᠢ ᠭᠤᠸᠠᠩ᠂ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠦᠨ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠲᠡᠷᠢᠭᠦᠨ ᠴᠢᠬᠤᠯᠠ ᠡᠭᠦᠷᠭᠡ ᠪᠣᠯᠭᠠᠬᠤ ᠶᠢ ᠪᠠᠷᠢᠮᠲᠠᠯᠠᠵᠤ᠂ ᠡᠩᠨᠡᠭᠡᠨ ᠤ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠨ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠬᠡᠪ ᠴᠢᠨᠠᠷ ᠴᠢᠳᠠᠪᠤᠷᠢ ᠪᠠᠨ ᠳᠡᠭᠡᠭᠰᠢᠯᠡᠭᠦᠯᠵᠦ᠂ ᠪᠠᠶᠢᠴᠠᠭᠠᠬᠤ ᠪᠠᠶᠢᠭᠤᠯᠭ᠎ᠠ ᠶᠢᠨ ᠪᠠᠶᠢᠪᠠᠰᠤ ᠵᠣᠬᠢᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠵᠠᠬᠢᠳᠠᠯ ᠰᠣᠷᠪᠤᠯᠵᠢᠯᠠᠭ᠎ᠠ ᠶᠢᠨ ᠵᠥᠷᠢᠴᠡᠯ ᠢ ᠰᠢᠢᠳᠪᠦᠷᠢᠯᠡᠬᠦ ᠠᠵᠢᠯ ᠢ ᠢᠳᠡᠪᠬᠢᠲᠡᠢ ᠰᠠᠶᠢᠲᠤᠷ ᠬᠢᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠶᠢᠨ ᠨᠢᠭᠲᠠ ᠬᠠᠷᠢᠯᠴᠠᠭ᠎ᠠ ᠶᠢ ᠴᠢᠩᠭᠠᠳᠬᠠᠨ᠂ ᠬᠠᠮᠵᠢᠯᠴᠠᠨ ᠬᠠᠮᠲᠤᠷᠠᠯᠴᠠᠬᠤ ᠶᠢ ᠳᠡᠭᠡᠭᠰᠢᠯᠡᠭᠦᠯᠵᠦ᠂ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠶᠢ ᠦᠨᠡᠨᠬᠦ ᠬᠠᠮᠠᠭᠠᠯᠠᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠠᠩ ᠶᠡᠭᠡ ᠦᠢᠯᠡᠳᠦᠯ ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号