ᠣᠶᠢᠷ᠎ᠠ ᠶᠢᠨ ᠵᠢᠯ ᠠᠴᠠ᠂ ᠰᠢᠨ᠎ᠡ ᠪᠠᠷᠭᠤ ᠪᠠᠷᠠᠭᠤᠨ ᠬᠤᠰᠢᠭᠤ ᠦᠢᠯᠡᠳᠦᠯᠭᠡ ᠶᠢᠨ ᠠᠵᠢᠯᠯᠠᠭ᠎ᠠ ᠪᠠᠷ ᠨᠠᠮ ᠤᠨ ᠬᠥᠮᠥᠨ ᠢ ᠬᠥᠮᠥᠵᠢᠭᠦᠯᠬᠦ᠂ ᠤᠯᠤᠰ ᠤᠨ | ᠲᠥᠯᠥᠭᠡ ᠴᠢᠳᠠᠪᠤᠷᠢᠲᠠᠨ ᠢ ᠬᠥᠮᠥᠵᠢᠭᠦᠯᠬᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ | ᠬᠥᠭᠵᠢᠭᠦᠯᠦᠨ ᠮᠠᠨᠳᠤᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠰᠤᠷᠭᠠᠨ ᠬᠥᠮᠦᠵᠢᠯ ᠤᠨ ︽ᠤᠷᠤᠭᠰᠢᠯᠠᠯᠲᠠ ᠶᠢᠨ ᠪᠢᠷ︾ ᠢᠶᠠᠷ ᠰᠢᠨ᠎ᠡ ᠪᠠᠷᠭᠤ ᠪᠠᠷᠠᠭᠤᠨ | ᠬᠤᠰᠢᠭᠤᠨ ᠤ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠪᠡ᠃ | | | | ᠰᠢᠨ᠎ᠡ ᠪᠠᠷᠭᠤ ᠪᠠᠷᠠᠭᠤᠨ ᠬᠤᠰᠢᠭᠤ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ︽ᠶᠣᠰᠣ ᠰᠤᠷᠲᠠᠬᠤᠨ ᠢ ᠪᠣᠶ ᠪᠣᠯᠭᠠᠨ ᠬᠥᠮᠥᠨ ᠢ ᠬᠥᠮᠥᠵᠢᠭᠦᠯᠬᠦ︾ ᠰᠤᠷᠭᠠᠨ ᠬᠥᠮᠦᠵᠢᠯ ᠤᠨ ᠬᠠᠷᠠᠯᠲᠠ ᠶᠢ ᠪᠠᠷᠢᠮᠲᠠᠯᠠᠵᠤ᠂ ︽ᠷᠦᠨ ᠽᠧ︾ | ᠰᠤᠷᠭᠠᠨ ᠬᠥᠮᠦᠵᠢᠯ ᠤᠨ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠵᠤ᠂ ︽5+2+N︾ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠶᠠᠰᠤ ᠴᠢᠨᠠᠷ ᠢ | ᠠᠬᠢᠭᠤᠯᠤᠨ ᠳᠡᠭᠡᠭᠰᠢᠯᠡᠭᠦᠯᠵᠦ᠂ ᠰᠣᠷᠣᠭᠴᠢ ᠶᠢᠨ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠦᠨ᠂ ᠰᠣᠷᠣᠭᠴᠢ ᠶᠢᠨ ᠭᠤᠣᠯᠯᠠᠬᠤ ᠬᠡᠪ ᠪᠣᠯᠪᠠᠰᠤᠷᠠᠯ ᠢ ᠪᠥᠬᠦ ᠲᠠᠯ᠎ᠠ ᠪᠠᠷ | ᠳᠡᠭᠡᠭᠰᠢᠯᠡᠭᠦᠯᠵᠦ᠂ ᠰᠤᠷᠤᠭᠴᠢᠳ ᠤᠨ ᠥᠪᠡᠷᠮᠢᠴᠡ ᠬᠥᠭᠵᠢᠯᠲᠡ ᠳᠤ ᠴᠢᠳᠠᠪᠤᠷᠢ ᠣᠯᠭᠤᠵᠤ᠂ ︽ᠷᠦᠨ ᠽᠧ︾ ᠰᠤᠷᠭᠠᠨ ᠬᠥᠮᠦᠵᠢᠯ ᠤᠨ ᠠᠮᠢ ᠠᠬᠤᠢ ᠶᠢ ᠰᠠᠶᠢᠲᠤᠷ | ᠬᠠᠮᠠᠭᠠᠯᠠᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ | ᠳᠡᠭᠡᠭᠰᠢᠯᠡᠭᠦᠯᠪᠡ᠃ | ︽ᠷᠦᠨ ᠽᠧ︾ ᠰᠤᠷᠭᠠᠨ ᠬᠥᠮᠦᠵᠢᠯ ᠪᠣᠯ ᠨᠢᠭᠡ ᠵᠦᠢᠯ ᠤᠨ ᠰᠤᠷᠭᠠᠨ ᠬᠥᠮᠦᠵᠢᠯ ᠤᠨ ᠬᠦᠰᠡᠯᠡᠩ ᠮᠥᠨ᠂ ᠲᠡᠷᠡ ᠨᠢ ᠰᠤᠷᠤᠭᠴᠢᠳ ᠤᠨ ᠣᠶᠤᠨ | ᠰᠠᠨᠠᠭ᠎ᠠ ᠶᠢ ᠤᠮᠳᠠᠯᠠᠵᠤ᠂ ᠰᠤᠷᠤᠭᠴᠢᠳ ᠤᠨ ᠦᠰᠦᠨ ᠪᠤᠶᠢᠵᠢᠯᠲᠠ ᠶᠢ ᠠᠬᠢᠭᠤᠯᠳᠠᠭ︔ ᠮᠥᠨ ᠴᠦ ᠨᠢᠭᠡ ᠵᠦᠢᠯ ᠤᠨ ᠰᠤᠷᠭᠠᠨ ᠬᠥᠮᠦᠵᠢᠯ ᠤᠨ ᠦᠢᠯᠡᠳᠦᠯᠭᠡ ᠮᠥᠨ᠂ | ᠬᠢᠴᠢᠶᠡᠯ ᠤᠨ ᠲᠠᠩᠬᠢᠮ ᠢ ᠤᠮᠳᠠᠯᠠᠵᠤ᠂ ᠰᠤᠷᠭᠠᠭᠤᠯᠢ ᠶᠢᠨ ᠬᠦᠷᠢᠶ᠎ᠡ ᠶᠢ ᠤᠮᠳᠠᠯᠠᠵᠤ᠂ ᠣᠶᠤᠨ ᠤᠬᠠᠭᠠᠨ ᠢ ᠰᠡᠩᠬᠡᠷᠡᠭᠦᠯᠵᠦ᠂ ᠬᠥᠮᠥᠨ ᠤ ᠠᠮᠢᠳᠤᠷᠠᠯ ᠤᠨ | ᠬᠦᠰᠡᠯᠡᠩ ᠢ ᠭᠡᠷᠡᠯᠲᠦᠭᠦᠯᠦᠨ᠎ᠡ᠃ ᠭᠠᠷᠠᠭ ᠤᠨ ᠨᠢᠭᠡᠨ ᠤ ᠦᠳᠡ ᠶᠢᠨ ᠬᠤᠶᠢᠨ᠎ᠠ ᠶᠢᠨ 5 ᠴᠠᠭ ᠲᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠨᠢᠭᠡᠳᠦᠭᠡᠷ ᠳᠤᠮᠳᠠᠳᠤ | ᠰᠤᠷᠭᠠᠭᠤᠯᠢ ᠶᠢᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠤᠶᠠᠳᠤᠭᠠᠷ ᠣᠨ ᠤ ᠰᠤᠷᠤᠭᠴᠢᠳ 2 ᠴᠠᠭ ᠤᠨ ︽ᠬᠢᠴᠢᠶᠡᠯ ᠤᠨ ᠭᠠᠳᠠᠨᠠᠬᠢ ᠬᠥᠳᠡᠯᠭᠡᠭᠡᠨ︾ | ᠤ ᠶᠠᠪᠤᠴᠠ ᠳᠤ ᠳᠤᠷ᠎ᠠ ᠰᠣᠨᠢᠷᠬᠠᠯ ᠤᠨ ᠠᠩᠭᠢ ᠶᠢᠨ ᠡᠯᠪᠡᠭ ᠪᠠᠶᠠᠯᠢᠭ ᠬᠢᠴᠢᠶᠡᠯ ᠢ ᠪᠡᠶ᠎ᠡ ᠪᠠᠷ ᠢᠶᠠᠨ ᠣᠶᠢᠯᠠᠭᠠᠵᠤ ᠪᠠᠶᠢᠯ᠎ᠠ᠃ ᠤᠩᠰᠢᠯᠭ᠎ᠠ᠂ ᠡᠯᠧᠺᠲᠷᠣᠨ ᠬᠤᠭᠤᠷ᠂ | ᠤᠷᠠᠨ ᠵᠢᠷᠤᠭ᠂ ᠤᠷᠠᠨ ᠪᠢᠴᠢᠯᠭᠡ᠂ ᠰᠠᠭᠰᠤᠨ ᠪᠥᠮᠪᠦᠭᠡ᠂ ᠳᠠᠭᠤᠤ ᠬᠥᠭᠵᠢᠮ᠂ ᠡᠭᠦᠳᠦᠨ ᠪᠦᠲᠦᠭᠡᠭᠴᠢ᠂ ᠮᠣᠩᠭᠤᠯ ᠰᠢᠲᠠᠷ᠎ᠠ ᠵᠡᠷᠭᠡ 12 ᠲᠦᠷᠦᠯ ᠤᠨ ᠥᠷᠭᠡᠳᠬᠡᠭᠰᠡᠨ | ᠬᠢᠴᠢᠶᠡᠯ ᠢ ᠬᠡᠦᠬᠡᠳ ᠪᠣᠯᠭᠠᠨ ᠥᠪᠡᠷ ᠢᠶᠠᠨ ᠰᠣᠩᠭᠤᠵᠤ ᠪᠣᠯᠣᠨ᠎ᠠ᠃ ᠲᠣᠰ ᠰᠤᠷᠤᠯᠭ᠎ᠠ ᠶᠢᠨ ᠬᠤᠭᠤᠴᠠᠭᠠᠨ ᠳᠤ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠬᠤᠶᠠᠳᠤᠭᠠᠷ ᠣᠨ ᠤ ᠰᠣᠷᠣᠭᠴᠢ ᠦ᠋ ᠽᠢ ᠮᠧᠩ ᠡᠯᠧᠺᠲᠷᠣᠨ ᠬᠤᠭᠤᠷ ᠤᠨ ᠠᠩᠭᠢ ᠳᠤ ᠣᠷᠣᠯᠴᠠᠵᠤ᠂ ᠲᠤᠩ ᠪᠠᠶᠠᠷ ᠲᠠᠢ ᠪᠠᠶᠢᠯ᠎ᠠ᠃ | | | | ᠰᠢᠨ᠎ᠡ ᠪᠠᠷᠭᠤ ᠪᠠᠷᠠᠭᠤᠨ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠠᠰᠤ ᠴᠢᠨᠠᠷ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ | ᠰᠤᠷᠤᠭᠴᠢᠳ ᠤᠨ ᠳᠤᠷ᠎ᠠ ᠰᠣᠨᠢᠷᠬᠠᠯ᠂ ᠳᠤᠷ᠎ᠠ ᠪᠠᠬ᠎ᠠ ᠳᠤ ᠴᠢᠭᠯᠡᠭᠦᠯᠦᠨ ᠪᠠᠶᠢᠴᠠᠭᠠᠯᠲᠠ ᠬᠢᠵᠦ᠂ ᠬᠡᠦᠬᠡᠳ ᠤᠨ ᠳᠣᠲᠣᠭᠠᠳᠤ ᠰᠡᠳᠬᠢᠯ ᠤᠨ ᠶᠢᠷᠲᠢᠨᠴᠦ ᠳᠤ | ᠭᠦᠨᠵᠡᠭᠡᠶᠢᠷᠡᠨ᠂ ᠬᠡᠦᠬᠡᠳ ᠤᠨ ᠥᠪᠡᠷᠮᠢᠴᠡ ᠴᠢᠨᠠᠷ ᠤᠨ ᠬᠥᠭᠵᠢᠯᠲᠡ ᠶᠢ ᠠᠩᠬᠠᠷᠴᠤ᠂ ᠠᠷᠭ᠎ᠠ ᠪᠦᠬᠦᠨ ᠢ ᠰᠦᠪᠡᠭᠴᠢᠯᠡᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ | ᠲᠠᠲᠠᠬᠤ ᠬᠦᠴᠦᠨ ᠢ ᠨᠡᠮᠡᠭᠳᠡᠭᠦᠯᠵᠦ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠲᠣᠪᠶᠤᠭ ᠢ ᠨᠠᠷᠢᠨ ᠬᠢᠨᠠᠮᠠᠭᠠᠢ ᠲᠥᠯᠥᠪᠯᠡᠵᠦ᠂ ᠰᠤᠷᠤᠭᠴᠢᠳ ᠤᠨ ᠤᠯᠠᠨ | ᠶᠠᠩᠵᠤ ᠶᠢᠨ ᠰᠤᠷᠤᠯᠴᠠᠬᠤ ᠬᠡᠷᠡᠭᠴᠡᠭᠡ ᠶᠢ ᠬᠠᠩᠭᠠᠵᠤ᠂ ᠰᠤᠷᠤᠭᠴᠢᠳ ᠤᠨ ᠡᠯ᠎ᠡ ᠲᠦᠷᠦᠯ ᠤᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠵᠢᠯᠯᠠᠭ᠎ᠠ ᠳᠤᠮᠳᠠ | ᠲᠥᠷᠥᠯᠬᠢ ᠴᠢᠨᠠᠷ ᠢ ᠨᠢ ᠪᠠᠳᠠᠷᠠᠭᠤᠯᠵᠤ᠂ ᠣᠨᠴᠠ ᠴᠢᠳᠠᠪᠤᠷᠢ ᠶᠢ ᠨᠢ ᠬᠥᠭᠵᠢᠭᠦᠯᠵᠦ᠂ ᠪᠡᠶ᠎ᠡ ᠮᠠᠬᠠᠪᠤᠳ ᠢ ᠨᠢ ᠴᠢᠭᠢᠷᠠᠭᠵᠢᠭᠤᠯᠵᠤ᠂ ᠰᠤᠷᠭᠠᠭᠤᠯᠢ ᠶᠢᠨ ᠬᠥᠮᠥᠨ ᠢ | ᠬᠥᠮᠥᠵᠢᠭᠦᠯᠬᠦ ᠭᠤᠣᠯ ᠵᠢᠭᠰᠠᠭᠠᠯ ᠤᠨ ᠭᠠᠵᠠᠷ ᠤᠨ ᠦᠢᠯᠡᠳᠦᠯ ᠢ ᠦᠨᠡᠨᠬᠦ ᠪᠠᠳᠠᠷᠠᠭᠤᠯᠪᠠ᠃ | ᠰᠤᠷᠭᠠᠭᠤᠯᠢ ᠪᠣᠯ ᠰᠤᠷᠭᠠᠨ ᠬᠥᠮᠦᠵᠢᠯ ᠤᠨ ᠠᠵᠢᠯᠯᠠᠭ᠎ᠠ ᠶᠢᠨ ᠭᠤᠣᠯ ᠲᠠᠯᠠᠪᠤᠷ ᠮᠥᠨ᠃ ᠰᠢᠨ᠎ᠡ ᠪᠠᠷᠭᠤ ᠪᠠᠷᠠᠭᠤᠨ ᠬᠤᠰᠢᠭᠤᠨ ᠤ ᠡᠯ᠎ᠡ ᠳᠤᠮᠳᠠᠳᠤ ᠪᠠᠭ᠎ᠠ | ᠰᠤᠷᠭᠠᠭᠤᠯᠢ ᠰᠤᠷᠤᠭᠴᠢᠳ ᠤᠨ ᠪᠣᠳᠠᠲᠤ ᠬᠥᠭᠵᠢᠯᠲᠡ ᠶᠢᠨ ᠬᠡᠷᠡᠭᠴᠡᠭᠡ ᠪᠠ ᠢᠷᠡᠭᠡᠳᠦᠢ ᠶᠢᠨ ᠬᠥᠭᠵᠢᠯᠲᠡ ᠶᠢᠨ ᠬᠡᠷᠡᠭᠴᠡᠭᠡ ᠳᠤ ᠰᠠᠭᠤᠷᠢᠯᠠᠵᠤ᠂ ︽ᠷᠦᠨ ᠽᠧ︾ | ᠰᠤᠷᠭᠠᠨ ᠬᠥᠮᠦᠵᠢᠯ ᠤᠨ ᠨᠠᠷᠠᠲᠤ ᠲᠥᠷᠥᠯ ᠲᠡᠮᠳᠡᠭᠲᠦ ᠶᠢ ᠡᠭᠦᠳᠦᠨ᠂ ᠭᠠᠵᠠᠷ ᠣᠷᠣᠨ ᠤ ᠣᠨᠴᠠᠯᠢᠭ ᠲᠠᠢ ᠤᠶᠠᠯᠳᠤᠭᠤᠯᠤᠨ᠂ ᠪᠥᠬᠦ ᠲᠠᠯ᠎ᠠ ᠶᠢᠨ ᠬᠥᠭᠵᠢᠯᠲᠡ ᠪᠠᠷ | ᠵᠢᠯᠤᠭᠤᠳᠬᠤ ᠦᠵᠡᠯ ᠰᠠᠨᠠᠭ᠎ᠠ ᠪᠣᠯᠭᠠᠵᠤ᠂ ᠰᠤᠷᠤᠭᠴᠢᠳ ᠤᠨ ᠬᠥᠭᠵᠢᠯᠲᠡ ᠶᠢᠨ ᠵᠥᠷᠢᠶᠡᠲᠦ ᠴᠢᠨᠠᠷ ᠢ ᠬᠦᠨᠳᠦᠳᠬᠡᠨ᠂ ᠳᠠᠰᠬᠠᠯ ᠤᠨ ᠵᠢᠷᠤᠭ ᠲᠥᠯᠥᠪᠯᠡᠭᠡ᠂ | ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠶᠠᠰᠤ ᠴᠢᠨᠠᠷ᠂ ᠬᠢᠴᠢᠶᠡᠯ ᠤᠨ ᠳᠠᠷᠠᠭᠠᠬᠢ ᠬᠠᠪᠰᠤᠷᠤᠨ ᠵᠢᠯᠣᠭᠤᠳᠤᠯᠭ᠎ᠠ ᠵᠡᠷᠭᠡ ᠲᠠᠯ᠎ᠠ ᠪᠠᠷ ᠪᠣᠳᠠᠲᠠᠢ ᠠᠷᠭ᠎ᠠ | ᠬᠡᠮᠵᠢᠶ᠎ᠡ ᠲᠣᠭᠲᠠᠭᠠᠵᠤ᠂ ᠲᠡᠭᠦᠨ ᠢ ᠡᠩ ᠤᠨ ᠵᠢᠭᠠᠨ ᠰᠤᠷᠭᠠᠯᠲᠠ ᠶᠢᠨ ᠶᠠᠪᠤᠴᠠ ᠳᠤ ᠲᠤᠤᠱᠯᠠᠭᠤᠯᠤᠨ᠂ ᠡᠶ᠎ᠡ ᠵᠣᠬᠢᠴᠠᠯ ᠲᠠᠢ ᠲᠠᠩᠰᠤᠭ ᠰᠠᠶᠢᠬᠠᠨ ᠦᠰᠦᠨ ᠪᠣᠶᠢᠵᠢᠬᠤ | ᠴᠡᠩᠭᠡᠯ ᠤᠨ ᠬᠦᠷᠢᠶᠡᠯᠡᠩ ᠢ ᠪᠠᠶᠢᠭᠤᠯᠪᠠ᠃ | | | | ᠰᠤᠷᠭᠠᠨ ᠬᠥᠮᠦᠵᠢᠯ ᠪᠣᠯ ᠤᠯᠤᠰ ᠤᠨ ᠶᠡᠭᠡ ᠪᠣᠳᠣᠯᠭ᠎ᠠ᠂ ᠨᠠᠮ ᠤᠨ ᠶᠡᠭᠡ ᠪᠣᠳᠣᠯᠭ᠎ᠠ ᠮᠥᠨ᠃ ᠳᠠᠷᠠᠭᠠᠴᠢ ᠶᠢᠨ ᠠᠯᠬᠤᠮ ᠳᠤ᠂ ᠰᠢᠨ᠎ᠡ ᠪᠠᠷᠭᠤ ᠪᠠᠷᠠᠭᠤᠨ | ᠬᠤᠰᠢᠭᠤ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ᠰᠤᠷᠭᠠᠨ ᠬᠥᠮᠦᠵᠢᠯ ᠤᠨ ᠲᠤᠬᠠᠢ ᠰᠢᠨ᠎ᠡ ᠦᠵᠡᠯ ᠰᠠᠨᠠᠭ᠎ᠠ᠂ ᠰᠢᠨ᠎ᠡ ᠪᠠᠶᠢᠯᠳᠤᠬᠤ ᠪᠣᠳᠣᠯᠭ᠎ᠠ᠂ | ᠰᠢᠨ᠎ᠡ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠢ | ᠪᠥᠭᠡᠳ ᠲᠡᠩᠴᠡᠭᠦᠷᠢᠲᠡᠢ ᠬᠥᠭᠵᠢᠭᠦᠯᠬᠦ ᠰᠢᠶᠠᠨ ᠢ ᠡᠭᠦᠳᠦᠨ ᠪᠠᠶᠢᠭᠤᠯᠬᠤ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠨ ᠬᠥᠮᠦᠵᠢᠯ ᠤᠨ ᠡᠬᠢ | ᠪᠠᠶᠠᠯᠢᠭ ᠤᠨ ᠲᠣᠬᠢᠷᠠᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠢ | ᠨᠠᠶᠢᠳᠠᠪᠤᠷᠢᠵᠢᠭᠤᠯᠤᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠶᠠᠰᠤ ᠴᠢᠨᠠᠷ ᠢ ᠳᠡᠭᠡᠭᠰᠢᠯᠡᠭᠦᠯᠵᠦ᠂ ᠭᠦᠨᠵᠡᠭᠡᠢ ᠠᠭᠤᠳᠠᠯᠤᠨ ᠪᠢᠴᠢᠭ ᠵᠢᠭᠠᠵᠤ | ᠬᠥᠮᠥᠨ ᠢ ᠬᠥᠮᠥᠵᠢᠭᠦᠯᠬᠦ ᠦᠢᠯᠡᠰ ᠢ ᠬᠥᠭᠵᠢᠭᠦᠯᠵᠦ᠂ ᠪᠥᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ | ᠬᠦᠮᠦᠵᠢᠭᠦᠯᠵᠦ ᠪᠠᠶᠢᠨ᠎ᠠ᠃ | | |