ᠸᠠᠩ ᠯᠢ ᠰᠢᠶᠠ ᠬᠥᠯᠥᠨ ᠪᠤᠶᠢᠷ ᠲᠤ ᠠᠭᠤᠷᠬᠠᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2023/4/14
       4 ᠰᠠᠷ᠎ᠠ ᠶᠢᠨ 11 ᠤ ᠡᠳᠦᠷ᠂ ᠸᠠᠩ ᠯᠢ ᠰᠢᠶᠠ ᠮᠡᠳᠡᠭᠳᠡᠯ ᠪᠠᠭᠤᠯᠭᠠᠭᠰᠠᠨ ᠦᠭᠡᠢ᠂ ᠤᠷᠢᠳᠴᠢᠯᠠᠨ ᠮᠡᠳᠡᠭᠳᠡᠭᠰᠡᠨ ᠦᠭᠡᠢ ᠪᠠᠷ ᠬᠥᠯᠥᠨ ᠪᠤᠶᠢᠷ ᠲᠤ ᠬᠦᠷᠴᠦ ᠠᠭᠤᠷᠬᠠᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠴᠠᠭᠠᠪᠠ᠃
       ᠨᠢᠰᠬᠡᠯ ᠠᠴᠠ ᠪᠠᠭᠤᠮᠠᠭᠴᠠ᠂ ᠸᠠᠩ ᠯᠢ ᠰᠢᠶᠠ ᠳ᠋ᠦᠩᠮᠢᠩ ᠠᠭᠤᠷᠬᠠᠢ ᠶᠢᠨ ᠦᠢᠯᠡᠰ ᠤᠨ ᠵᠠᠳᠠᠭᠠᠢ ᠨᠡᠭᠦᠷᠡᠰᠦᠨ ᠠᠭᠤᠷᠬᠠᠢ ᠶᠢᠨ ᠲᠤᠬᠠᠢ ᠶᠢᠨ ᠲᠠᠯᠠᠪᠠᠢ ᠳᠤ ᠬᠦᠷᠴᠦ᠂ ᠶᠡᠭᠡ ᠰᠠᠯᠬᠢᠨ ᠢ ᠰᠥᠷᠴᠦ ᠲᠤᠬᠠᠢ ᠶᠢᠨ ᠲᠠᠯᠠᠪᠠᠢ ᠶᠢᠨ ᠦᠢᠯᠡᠳᠪᠦᠷᠢᠯᠡᠯ ᠤᠨ ᠪᠠᠶᠢᠳᠠᠯ ᠢ ᠪᠠᠶᠢᠴᠠᠭᠠᠨ ᠦᠵᠡᠪᠡ᠃ ᠮᠠᠯᠲᠠᠬᠤ ᠲᠠᠯᠠᠪᠠᠢ ᠶᠢᠨ ᠠᠵᠢᠯ ᠤᠨ ᠲᠡᠷᠭᠡ ᠳᠡᠮᠡᠢ ᠤᠯᠠᠨ ᠪᠢᠰᠢ ᠪᠠᠶᠢᠬᠤ ᠶᠢ ᠦᠵᠡᠭᠡᠳ ᠲᠡᠷᠡ ᠲᠣᠬᠢᠷᠠᠭᠤᠯᠬᠤ ᠲᠥᠪ ᠲᠤ ᠬᠦᠷᠴᠦ᠂ ᠲᠦᠷᠦᠭᠦᠦ ᠬᠡᠳᠦᠨ ᠡᠳᠦᠷ ᠤᠨ ᠬᠢᠨᠠᠨ ᠡᠵᠡᠮᠳᠡᠬᠦ ᠳᠦᠷᠰᠦ ᠰᠢᠩᠭᠡᠭᠡᠯᠲᠡ ᠶᠢ ᠪᠠᠶᠢᠴᠠᠭᠠᠨ ᠦᠵᠡᠵᠦ᠂ ᠣᠶᠢᠷ᠎ᠠ ᠶᠢᠨ ᠬᠤᠭᠤᠴᠠᠭᠠᠨ ᠤ ᠲᠤᠬᠠᠢ ᠶᠢᠨ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠪᠢᠴᠢᠭ ᠪᠣᠯᠣᠨ ᠬᠠᠷᠠᠭᠠᠯᠵᠠᠭᠰᠠᠨ ᠴᠡᠭᠴᠡᠯᠡᠨ ᠰᠠᠶᠢᠵᠢᠷᠠᠭᠤᠯᠤᠭᠰᠠᠨ ᠮᠡᠳᠡᠭᠦᠯᠦᠯᠲᠡ ᠶᠢ ᠨᠢᠭᠤᠷ ᠳᠠᠷᠠᠭᠠᠯᠠᠨ ᠤᠷᠪᠠᠭᠤᠯᠤᠨ ᠦᠵᠡᠵᠦ᠂ ᠨᠡᠭᠦᠷᠡᠰᠦᠨ ᠠᠭᠤᠷᠬᠠᠢ ᠶᠢᠨ ᠬᠠᠷᠢᠭᠤᠴᠠᠯᠭᠠᠲᠠᠨ ᠳᠤ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠪᠣᠯᠣᠨ ᠥᠪᠡᠷ ᠢᠶᠠᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠶᠡᠭᠡ ᠪᠠᠭ᠎ᠠ ᠬᠦᠨᠳᠦ ᠬᠥᠩᠭᠡᠨ ᠭᠡᠰᠡᠨ ᠦᠭᠡᠢ ᠴᠥᠮ ᠴᠢᠩᠭ᠎ᠠ ᠠᠩᠬᠠᠷᠴᠤ᠂ ᠪᠣᠳᠠᠲᠠᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠭᠡᠵᠦ ᠵᠠᠬᠢᠪᠠ᠃ ᠲᠡᠷᠡ ᠬᠠᠮᠲᠤ ᠪᠠᠶᠢᠴᠠᠭᠠᠭᠰᠠᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠵᠢᠯᠲᠠᠨ ᠳᠤ᠂ ︽ᠬᠡᠨ ᠪᠠᠶᠢᠴᠠᠭᠠᠵᠤ ᠠᠰᠠᠭᠤᠳᠠᠯ ᠢ ᠢᠯᠡᠷᠡᠭᠦᠯᠪᠡᠯ᠂ ᠬᠡᠨ ᠳᠠᠷᠤᠢ ᠠᠰᠠᠭᠤᠳᠠᠯ ᠢ ᠡᠴᠦᠰ ᠲᠤᠨᠢ ᠲᠤᠯᠲᠠᠯ᠎ᠠ ᠠᠩᠬᠠᠷᠤᠨ ᠰᠢᠢᠳᠪᠦᠷᠢᠯᠡᠵᠦ︾᠂ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠦᠭᠦ ᠶᠠᠪᠤᠴᠠ ᠶᠢᠨ ᠪᠢᠲᠡᠭᠦᠮᠵᠢᠯᠡᠯ ᠢ ᠪᠦᠷᠢᠯᠳᠦᠭᠦᠯᠬᠦ ᠬᠡᠷᠡᠭᠲᠡᠢ ᠭᠡᠵᠦ ᠬᠡᠯᠡᠪᠡ᠃
       ᠳᠠᠷᠠᠭ᠎ᠠ ᠨᠢ᠂ ᠲᠡᠷᠡ ᠨᠡᠭᠦᠷᠡᠰᠦᠨ ᠠᠭᠤᠷᠬᠠᠢ ᠶᠢᠨ ᠬᠠᠵᠠᠭᠤ ᠬᠥᠲᠥᠯ ᠢ ᠴᠠᠭ ᠲᠤᠬᠠᠢ ᠳᠤᠨᠢ ᠬᠢᠨᠠᠨ ᠬᠡᠮᠵᠢᠭᠰᠡᠨ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠰᠢᠨ ᠵᠢᠩ ᠨᠡᠭᠦᠷᠡᠰᠦᠨ ᠤ ᠦᠢᠯᠡᠰ ᠤᠨ ᠵᠠᠳᠠᠭᠠᠢ ᠨᠡᠭᠦᠷᠡᠰᠦᠨ ᠠᠭᠤᠷᠬᠠᠢ ᠶᠢᠨ ᠶᠡᠭᠦᠷᠡᠭᠰᠡᠨ ᠠᠳᠡᠯ ᠠᠴᠠ ᠰᠤᠷᠭᠠᠮᠵᠢ ᠠᠪᠴᠤ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠴᠢᠭᠯᠡᠭᠦᠯᠦᠯᠲᠦ ᠴᠢᠨᠠᠷ ᠢ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠠᠵᠤ ᠠᠬᠤᠶᠢᠯᠠᠯ ᠢ ᠳᠣᠪᠤᠶᠢᠯᠭᠠᠵᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠪᠠᠷ ᠪᠠᠷᠠᠬᠤ ᠦᠭᠡᠢ ᠪᠠᠰᠠ ᠠᠶᠤᠯᠭᠦᠢ ᠦᠢᠯᠡᠳᠪᠦᠷᠢᠯᠡᠯ ᠤᠨ ᠬᠡᠪ ᠳᠠᠭᠤᠷᠢᠶᠠᠯᠳᠦ ᠠᠵᠤ ᠠᠬᠤᠶᠢᠯᠠᠯ ᠢ ᠴᠣᠭᠴᠠᠯᠠᠵᠤ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃
       ᠪᠠᠢ ᠴᠢᠩ ᠶᠤᠸᠠᠨ ᠬᠠᠮᠲᠤ ᠪᠠᠶᠢᠴᠠᠭᠠᠵᠠᠢ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号