ᠰᠢᠨᠬᠤᠸᠠ ᠬᠤᠷᠢᠶ᠎ᠠ ᠶᠢᠨ ᠵᠠᠨᠵᠢᠶᠠᠩ ᠤᠨ 4 ᠰᠠᠷ᠎ᠠ ᠶᠢᠨ 12 ᠤᠨ ᠴᠠᠬᠢᠯᠭᠠᠨ ᠮᠡᠳᠡᠭᠡ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ 11 ᠤ ᠡᠳᠦᠷ ᠡᠮᠦᠨᠡᠲᠦ ᠬᠡᠰᠡᠭ ᠤᠨ ᠪᠠᠶᠢᠯᠳᠤᠭᠠᠨ ᠤ ᠲᠣᠭᠤᠷᠢᠭ ᠤᠨ ᠲᠠᠯᠠᠢ ᠶᠢᠨ | ᠴᠡᠷᠢᠭ ᠤᠨ ᠪᠠᠶᠢᠭᠤᠯᠭ᠎ᠠ ᠳᠤ ᠬᠦᠷᠴᠦ ᠠᠵᠢᠯ ᠪᠠᠶᠢᠴᠠᠭᠠᠵᠦ ᠪᠠᠶᠢᠴᠠᠭᠠᠨ ᠰᠤᠳᠤᠯᠪᠠ᠃ ᠲᠡᠷᠡ᠂ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ | ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠤᠨ | ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠤ᠂ ᠴᠡᠷᠢᠭ ᠪᠣᠯᠪᠠᠰᠤᠷᠠᠭᠤᠯᠤᠨ | ᠲᠡᠶᠢᠨ ᠳᠤ ᠪᠡᠯᠡᠳᠭᠡᠬᠦ ᠶᠢ ᠭᠦᠨᠵᠡᠭᠡᠶᠢᠷᠡᠭᠦᠯᠵᠦ᠂ ᠬᠡᠯᠪᠡᠷᠢ ᠪᠠᠨ ᠬᠤᠪᠢᠷᠠᠭᠤᠯᠵᠦ ᠪᠥᠲᠥᠭᠡᠨ ᠪᠠᠶᠢᠭᠤᠯᠬᠤ ᠶᠢ | ᠲᠦᠷᠭᠡᠳᠭᠡᠵᠦ᠂ ᠴᠡᠷᠢᠭ ᠠᠩᠭᠢ ᠶᠢᠨ ᠣᠳᠣᠬᠢᠴᠢᠯᠠᠯᠲᠠ ᠶᠢᠨ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠨᠠᠮ | ᠪᠣᠯᠤᠨ ᠠᠷᠠᠳ ᠲᠦᠮᠡᠨ ᠠᠴᠠ ᠣᠯᠭᠤᠭᠰᠠᠨ ᠡᠯ᠎ᠡ ᠵᠦᠢᠯ ᠤᠨ ᠡᠭᠦᠷᠭᠡ ᠶᠢ ᠡᠷᠡᠰ ᠪᠡᠶᠡᠯᠡᠭᠦᠯᠬᠦ ᠬᠡᠷᠡᠭᠲᠡᠶ ᠭᠡᠵᠦ | ᠴᠢᠬᠤᠯᠠᠴᠢᠯᠠᠪᠠ᠃ | | | | 4 ᠰᠠᠷ᠎ᠠ ᠶᠢᠨ 11 ᠤ ᠡᠳᠦᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠡᠮᠦᠨᠡᠲᠦ | ᠬᠡᠰᠡᠭ ᠤᠨ ᠪᠠᠶᠢᠯᠳᠤᠭᠠᠨ ᠤ ᠲᠣᠭᠤᠷᠢᠭ ᠤᠨ ᠲᠠᠯᠠᠢ ᠶᠢᠨ ᠴᠡᠷᠢᠭ ᠲᠤ ᠬᠦᠷᠴᠦ ᠠᠵᠢᠯ ᠪᠠᠶᠢᠴᠠᠭᠠᠵᠦ ᠪᠠᠶᠢᠴᠠᠭᠠᠨ | ᠰᠤᠳᠤᠯᠪᠠ᠃ ᠵᠢᠷᠤᠬ ᠪᠤᠯ ᠰᠢ ᠶᠢᠨ ᠫᠢᠩ ᠡᠮᠦᠨᠡᠲᠦ ᠬᠡᠰᠡᠭ ᠤᠨ ᠪᠠᠶᠢᠯᠳᠤᠭᠠᠨ ᠤ ᠲᠣᠭᠤᠷᠢᠭ ᠤᠨ ᠳᠠᠯᠠᠢ ᠶᠢᠨ | ᠴᠡᠷᠢᠭ ᠤᠨ ᠬᠤᠯᠪᠣᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠬᠰᠠᠨ ᠤ ᠲᠠᠷᠠᠭ᠎ᠠ ᠴᠢᠬᠤᠯᠠ | ᠶᠠᠷᠢᠶ᠎ᠠ ᠲᠠᠯᠪᠢᠵᠤ ᠪᠠᠶᠢᠭ᠎ᠠ ᠨᠢ᠃ ᠰᠢᠨᠬᠤᠧᠠ ᠬᠤᠷᠢᠶ᠎ᠠ ᠶᠢᠨ ᠰᠤᠷᠪᠤᠯᠵᠢᠯᠠᠬᠴᠢ ᠯᠢ ᠭᠠᠩ ᠰᠡᠬᠦᠳᠡᠷᠯᠡᠪᠡ | | | | 4 ᠰᠠᠷ᠎ᠠ ᠶᠢᠨ 11 ᠤ ᠡᠳᠦᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠡᠮᠦᠨᠡᠲᠦ | ᠬᠡᠰᠡᠭ ᠤᠨ ᠪᠠᠶᠢᠯᠳᠤᠭᠠᠨ ᠤ ᠲᠣᠭᠤᠷᠢᠭ ᠤᠨ ᠲᠠᠯᠠᠢ ᠶᠢᠨ ᠴᠡᠷᠢᠭ ᠲᠤ ᠬᠦᠷᠴᠦ ᠠᠵᠢᠯ ᠪᠠᠶᠢᠴᠠᠭᠠᠵᠦ ᠪᠠᠶᠢᠴᠠᠭᠠᠨ | ᠰᠤᠳᠤᠯᠪᠠ᠃ ᠵᠢᠷᠤᠬ ᠪᠤᠯ ᠰᠢ ᠶᠢᠨ ᠫᠢᠩ ᠡᠮᠦᠨᠡᠲᠦ ᠬᠡᠰᠡᠭ ᠤᠨ ᠪᠠᠶᠢᠯᠳᠤᠭᠠᠨ ᠤ ᠲᠣᠭᠤᠷᠢᠭ ᠤᠨ ᠳᠠᠯᠠᠢ ᠶᠢᠨ | ᠴᠡᠷᠢᠭ ᠤᠨ ᠲᠠᠷᠤᠭ᠎ᠠ ᠪᠠᠶᠢᠯᠳᠤᠬᠴᠢᠳ ᠤᠨ ᠲᠦᠯᠦᠭᠡᠯᠡᠭᠴᠢᠳ ᠢ ᠲᠤᠳᠤᠨᠤ ᠪᠠᠷ ᠬᠦᠯᠢᠶᠡᠨ ᠠᠪᠴᠤ ᠠᠭᠤᠯᠵᠠᠵᠤ | ᠪᠠᠶᠢᠭ᠎ᠠ ᠨᠢ᠃ ᠰᠢᠨᠬᠤᠧᠠ ᠬᠤᠷᠢᠶ᠎ᠠ ᠶᠢᠨ ᠰᠤᠷᠪᠤᠯᠵᠢᠯᠠᠬᠴᠢ ᠯᠢ ᠭᠠᠩ ᠰᠡᠬᠦᠳᠡᠷᠯᠡᠪᠡ | | ᠳᠥᠷᠪᠡᠳᠦᠭᠡᠷ ᠰᠠᠷ᠎ᠠ ᠶᠢᠨ ᠵᠠᠨᠵᠢᠶᠠᠩ ᠳᠤ ᠨᠣᠮᠢᠨ ᠳᠣᠯᠭᠢᠶᠠᠨ ᠬᠠᠶᠠᠯᠠᠵᠤ᠂ ᠬᠠᠪᠤᠷ ᠤᠨ ᠦᠵᠡᠮᠵᠢ | ᠬᠠᠷᠠᠭ᠎ᠠ ᠶᠢ ᠪᠠᠶᠠᠰᠬᠠᠨ᠎ᠠ᠃ ᠦᠳᠡ ᠶᠢᠨ ᠡᠮᠦᠨᠡᠬᠢ 10 ᠴᠠᠭ ᠤᠨ ᠦᠶ᠎ᠡ ᠪᠠᠷ᠂ ᠰᠢ ᠶᠢᠨ ᠫᠢᠩ ᠡᠮᠦᠨᠡᠲᠦ ᠬᠡᠰᠡᠭ ᠤᠨ | ᠪᠠᠶᠢᠯᠳᠤᠭᠠᠨ ᠤ ᠲᠣᠭᠤᠷᠢᠭ ᠤᠨ ᠲᠠᠯᠠᠢ ᠶᠢᠨ ᠴᠡᠷᠢᠭ ᠤᠨ ᠪᠠᠶᠢᠭᠤᠯᠭ᠎ᠠ ᠳᠤ ᠬᠦᠷᠪᠡ᠃ ᠬᠠᠯᠠᠭᠤᠨ ᠠᠯᠠᠭ᠎ᠠ | ᠲᠠᠰᠢᠯᠳᠠ ᠶᠢᠨ ᠳᠤᠮᠳᠠ᠂ ᠰᠢ ᠶᠢᠨ ᠫᠢᠩ ᠡᠮᠦᠨᠡᠲᠦ ᠬᠡᠰᠡᠭ ᠤᠨ ᠪᠠᠶᠢᠯᠳᠤᠭᠠᠨ ᠤ ᠲᠣᠭᠤᠷᠢᠭ ᠤᠨ ᠲᠠᠯᠠᠢ ᠶᠢᠨ | ᠴᠡᠷᠢᠭ ᠤᠨ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢᠳ ᠢ ᠳᠣᠲᠣᠨᠣ ᠪᠠᠷ ᠬᠦᠯᠢᠶᠡᠨ ᠠᠪᠴᠤ ᠠᠭᠤᠯᠵᠠᠵᠤ᠂ | ᠤᠯᠠᠨ ᠲᠠᠢ ᠬᠠᠮᠲᠤ ᠶᠢᠨ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠪᠡ᠃ | ᠳᠠᠷᠠᠭ᠎ᠠ ᠨᠢ᠂ ᠰᠢ ᠶᠢᠨ ᠫᠢᠩ ᠡᠮᠦᠨᠡᠲᠦ ᠬᠡᠰᠡᠭ ᠤᠨ ᠪᠠᠶᠢᠯᠳᠤᠭᠠᠨ ᠤ ᠲᠣᠭᠤᠷᠢᠭ ᠤᠨ ᠳᠠᠯᠠᠢ ᠶᠢᠨ | ᠴᠡᠷᠢᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠰᠬᠠᠭᠰᠠᠨ ᠬᠠᠮ ᠵᠠᠭᠤᠴᠢᠯᠠᠭᠤᠷ ᠤᠨ ᠹᠢᠯᠢᠮ ᠢ ᠦᠵᠡᠵᠦ᠂ | ᠬᠤᠯᠪᠣᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠰᠢ ᠶᠢᠨ ᠫᠢᠩ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠡᠮᠦᠨᠡᠲᠦ ᠬᠡᠰᠡᠭ ᠤᠨ ᠪᠠᠶᠢᠯᠳᠤᠭᠠᠨ ᠤ ᠲᠣᠭᠤᠷᠢᠭ ᠤᠨ ᠲᠡᠯᠡᠶ ᠶᠢᠨ | ᠴᠡᠷᠢᠭ ᠠᠩᠭᠢ ᠶᠢᠨ ᠪᠥᠲᠥᠭᠡᠨ ᠪᠠᠶᠢᠭᠤᠯᠤᠯᠲᠠ ᠪᠠ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠢ ᠭᠦᠢᠴᠡᠳ ᠨᠤᠲᠠᠯᠠᠪᠠ᠃ | | ᠰᠢ ᠶᠢᠨ ᠫᠢᠩ᠂ ᠤᠯᠤᠰ ᠲᠦᠷᠦ ᠶᠢᠨ ᠦᠨᠳᠦᠷᠴᠡ ᠠᠴᠠ ᠴᠡᠷᠢᠭ ᠤᠨ ᠶᠠᠪᠤᠳᠠᠯ ᠤᠨ ᠠᠰᠠᠭᠤᠳᠠᠯ ᠢ | ᠪᠣᠳᠣᠯᠬᠢᠯᠠᠨ ᠰᠢᠢᠳᠪᠦᠷᠢᠯᠡᠬᠦ ᠶᠢ ᠪᠠᠷᠢᠮᠲᠠᠯᠠᠵᠤ᠂ ᠴᠡᠷᠢᠭ ᠤᠨ ᠶᠠᠪᠤᠳᠠᠯ ᠤᠨ ᠲᠡᠮᠡᠴᠡᠯ ᠢ ᠡᠷᠡᠰ ᠪᠠᠲᠤ ᠠᠮᠢᠳᠤᠯᠢᠭ ᠢᠶᠠᠷ | ᠥᠷᠨᠢᠭᠦᠯᠵᠦ᠂ ᠨᠠᠷᠢᠨ ᠪᠤᠳᠤᠯᠢᠶᠠᠨᠲᠠᠢ ᠪᠠᠶᠢᠳᠠᠯ ᠢ ᠴᠠᠭ ᠲᠤᠬᠠᠢ ᠳᠤᠨᠢ ᠲᠣᠬᠢᠲᠠᠢ ᠠᠷᠭᠠᠴᠠᠭᠠᠬᠤ ᠴᠢᠳᠠᠪᠤᠷᠢ ᠪᠠᠨ | ᠳᠡᠭᠡᠭᠰᠢᠯᠡᠭᠦᠯᠵᠦ᠂ ᠮᠠᠨ ᠤ ᠤᠯᠤᠰ ᠤᠨ ᠨᠤᠲᠤᠭ ᠳᠡᠪᠢᠰᠭᠡᠷ ᠤᠨ ᠡᠷᠬᠡ ᠮᠡᠳᠡᠯ ᠪᠠ ᠲᠠᠯᠠᠢ ᠲᠠᠩᠭᠢᠰ ᠤᠨ ᠡᠷᠬᠡ | ᠠᠰᠢᠭ ᠢ ᠡᠷᠡᠰ ᠬᠠᠮᠠᠭᠠᠯᠠᠵᠤ᠂ ᠡᠷᠬᠢᠨ ᠲᠣᠭᠤᠷᠢᠨ ᠤ ᠶᠡᠭᠡ ᠲᠠᠯ᠎ᠠ ᠶᠢᠨ ᠲᠣᠭᠲᠠᠭᠤᠨ ᠢ ᠴᠢᠷᠮᠠᠶᠢᠨ ᠬᠠᠮᠠᠭᠠᠯᠠᠬᠤ | ᠬᠡᠷᠡᠭᠲᠡᠢ ᠬᠡᠵᠥ ᠴᠢᠬᠤᠯᠠᠴᠢᠯᠠᠪᠠ᠃ | ᠰᠢ ᠶᠢᠨ ᠫᠢᠩ᠂ ᠵᠢᠩᠬᠢᠨᠢ ᠪᠠᠶᠢᠯᠳᠤᠭᠠᠨᠴᠢᠯᠠᠭᠰᠠᠠ ᠴᠡᠷᠢᠭ ᠤᠨ ᠪᠣᠯᠪᠠᠰᠤᠷᠠᠯ ᠢ ᠴᠢᠩᠭᠠᠳᠬᠠᠵᠤ᠂ | ᠲᠠᠶᠢᠨ ᠢᠶᠠᠷ ᠪᠣᠯᠪᠠᠰᠤᠷᠠᠯ ᠢ ᠬᠦᠲᠦᠯᠦᠨ ᠳᠠᠭᠠᠭᠤᠯᠬᠤ ᠶᠢ ᠪᠠᠷᠢᠮᠲᠠᠯᠠᠵᠤ᠂ ᠲᠠᠶᠢᠨ ᠪᠣᠯᠤᠨ ᠲᠠᠶᠢᠨ ᠬᠢᠬᠦ | ᠠᠰᠠᠭᠤᠳᠠᠯ ᠤᠨ ᠰᠤᠳᠤᠯᠭᠠᠨ ᠢ ᠭᠦᠨᠵᠡᠭᠡᠶᠢᠷᠡᠭᠦᠯᠵᠦ᠂ ᠲᠠᠶᠢᠨ ᠬᠢᠬᠦ ᠤᠬᠠᠭᠳᠠᠬᠤᠨ ᠪᠣᠯᠤᠨ ᠲᠠᠶᠢᠨ ᠬᠢᠬᠦ ᠠᠷᠭ᠎ᠠ | ᠪᠣᠯᠪᠠᠰᠤᠷᠠᠯ ᠤᠨ ᠠᠷᠭ᠎ᠠ ᠶᠢᠨ ᠰᠢᠨ᠎ᠡ ᠶᠢ ᠡᠭᠦᠳᠬᠦ ᠬᠡᠷᠡᠭᠲᠡᠢ᠃ ᠪᠣᠳᠠᠲᠤ ᠪᠠᠶᠢᠯᠳᠤᠭᠠᠨᠴᠢᠯᠠᠭᠰᠠᠨ ᠡᠰᠡᠷᠭᠦᠴᠡᠯᠳᠦᠬᠦ | ᠴᠢᠨᠠᠷᠲᠠᠢ ᠪᠣᠯᠪᠠᠰᠤᠷᠠᠯ ᠢ ᠴᠢᠩᠭᠠᠳᠬᠠᠵᠤ᠂ ᠭᠤᠣᠯᠳᠠᠯᠭ᠎ᠠ ᠲᠠᠢ ᠰᠡᠳᠦᠪ ᠤᠨ ᠲᠤᠰᠬᠠᠢ ᠰᠢᠪᠳᠤᠯᠤᠯᠳᠠ ᠨᠠᠷᠢᠯᠢᠭ | ᠪᠣᠯᠪᠠᠰᠤᠷᠠᠯ ᠢ ᠲᠤᠪᠤᠶᠢᠮ᠎ᠠ ᠰᠠᠶᠢᠲᠤᠷ ᠠᠳᠬᠤᠵᠤ᠂ ᠪᠣᠯᠪᠠᠰᠤᠷᠠᠯ ᠤᠨ ᠲᠦᠪᠰᠢᠨ ᠪᠣᠯᠤᠨ ᠪᠣᠳᠠᠲᠤ ᠪᠠᠶᠢᠯᠳᠤᠭᠠᠨ ᠤ | ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ ᠬᠡᠵᠥ ᠵᠢᠭᠠᠵᠥ ᠭᠠᠷᠭᠠᠪᠠ᠃ | ᠰᠢ ᠶᠢᠨ ᠫᠢᠩ᠂ ᠰᠢᠨ᠎ᠡ ᠮᠠᠶ᠋ᠢᠭ ᠤᠨ ᠪᠠᠶᠢᠯᠳᠤᠬᠤ ᠬᠦᠴᠦᠨ ᠪᠣᠯᠤᠨ ᠠᠷᠭ᠎ᠠ ᠪᠠᠷᠢᠯ ᠢ ᠶᠡᠭᠡ ᠪᠠᠷ | ᠬᠥᠭᠵᠢᠭᠦᠯᠵᠦ᠂ ᠮᠡᠳᠡᠭᠡ ᠵᠠᠩᠭᠢ ᠶᠢᠨ ᠰᠢᠰᠲ᠋ᠧᠮ ᠳᠤ ᠰᠠᠭᠤᠷᠢᠯᠠᠭᠰᠠᠨ ᠰᠢᠰᠲ᠋ᠧᠮᠲᠦ ᠪᠠᠶᠢᠯᠳᠤᠬᠤ ᠴᠢᠳᠠᠪᠤᠷᠢ ᠶᠢᠨ | ᠪᠠᠶᠢᠭᠤᠯᠤᠯᠲᠠ ᠶᠢᠨ ᠣᠨᠴᠠᠯᠢᠭ ᠵᠢᠮ᠎ᠡ ᠶᠣᠰᠣ ᠶᠢ ᠡᠵᠡᠮᠳᠡᠵᠦ᠂ ᠰᠢᠨ᠎ᠡ ᠲᠣᠨᠣᠭᠯᠠᠯ ᠰᠢᠨ᠎ᠡ ᠬᠦᠴᠦᠨ ᠤ ᠪᠣᠳᠠᠲᠤ | ᠪᠠᠶᠢᠯᠳᠤᠭᠠᠨ ᠤ ᠴᠢᠳᠠᠪᠤᠷᠢ ᠶᠢ ᠲᠦᠷᠭᠡᠨ ᠢᠶᠠᠷ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ ᠰᠢᠰᠲ᠋ᠧᠮ ᠤᠨ | ᠪᠠᠶᠢᠭᠤᠯᠤᠯᠲᠠ᠂ ᠰᠢᠰᠲ᠋ᠧᠮ ᠤᠨ ᠬᠡᠷᠡᠭᠯᠡᠯᠲᠡ ᠶᠢ ᠪᠠᠷᠢᠮᠲᠠᠯᠠᠵᠤ᠂ ᠳᠤᠲᠠᠭᠤᠳᠠᠯ ᠪᠠᠭᠤᠷᠠᠢ ᠲᠠᠯ᠎ᠠ ᠶᠢ ᠭᠦᠨᠵᠡᠭᠡᠢ | ᠰᠢᠢᠳᠪᠦᠷᠢᠯᠡᠵᠦ᠂ ᠪᠠᠶᠢᠯᠳᠤᠭᠠᠨ ᠤ ᠰᠢᠰᠲ᠋ᠧᠮ ᠤᠨ ᠪᠦᠬᠦᠯᠢ ᠴᠣᠭᠴᠠ ᠪᠠᠷ ᠲᠡᠰ ᠳᠡᠪᠰᠢᠬᠦ ᠶᠢ ᠠᠬᠢᠭᠤᠯᠬᠤ ᠬᠡᠷᠡᠭᠲᠡᠢ | ᠭᠡᠵᠦ ᠴᠢᠬᠤᠯᠠᠴᠢᠯᠠᠪᠠ᠃ | ᠰᠢ ᠶᠢᠨ ᠫᠢᠩ᠂ ᠴᠡᠷᠢᠭ ᠠᠩᠬᠢ ᠳᠠᠬᠢ ᠨᠠᠮ ᠤᠨ ᠤᠳᠤᠷᠢᠳᠤᠯᠭ᠎ᠠ ᠪᠣᠯᠤᠨ ᠨᠠᠮ ᠤᠨ ᠪᠠᠶᠢᠭᠤᠯᠤᠯᠲᠠ ᠶᠢ | ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠪᠦᠬᠦ ᠲᠠᠯ᠎ᠠ ᠪᠠᠷ ᠴᠡᠷᠢᠭ ᠢ ᠴᠢᠩᠭ᠎ᠠ ᠵᠠᠰᠠᠬᠤ ᠶᠢ | ᠴᠢᠩᠭ᠎ᠠ ᠠᠳᠬᠤᠬᠤ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠶᠢ ᠭᠦᠨᠵᠡᠭᠡᠢ ᠰᠠᠶᠢᠲᠤᠷ ᠠᠳᠬᠤᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ | ᠬᠥᠮᠦᠵᠢᠯ ᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ︽ᠴᠡᠷᠢᠭ ᠢ ᠬᠦᠴᠦᠷᠬᠡᠭᠵᠢᠭᠦᠯᠬᠦ ᠦᠵᠡᠯ | ᠰᠠᠨᠠᠭ᠎ᠠ ᠶᠢ ᠰᠤᠷᠤᠯᠴᠠᠬᠤ᠂ ᠴᠡᠷᠢᠭ ᠢ ᠬᠦᠴᠦᠷᠬᠡᠭᠵᠢᠭᠦᠯᠬᠦ ᠦᠢᠯᠡᠰ ᠲᠤ ᠭᠠᠪᠢᠶ᠎ᠠ ᠪᠠᠶᠢᠭᠤᠯᠬᠤ︾ ᠬᠥᠮᠦᠵᠢᠯ | ᠦᠢᠯᠡᠳᠦᠯᠭᠡ ᠶᠢᠨ ᠠᠵᠢᠯᠯᠠᠭ᠎ᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠰᠡᠳᠭᠢᠯ ᠰᠢᠭᠤᠳᠤᠨ | ᠨᠠᠮ ᠤᠨ ᠲᠥᠯᠥᠭᠡ ᠵᠢᠳᠬᠦᠬᠦ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠵᠦ᠂ ᠪᠦᠯᠬᠦᠮᠳᠡᠨ ᠤᠷᠤᠭᠰᠢᠯᠠᠬᠤ ᠤᠶᠤᠨ | ᠰᠠᠨᠠᠭᠠᠨ ᠤ ᠬᠦᠴᠦᠨ ᠴᠢᠳᠠᠯ ᠢ ᠬᠥᠭᠵᠢᠭᠡᠬᠦ ᠬᠡᠷᠡᠭᠲᠡᠢ᠃ ᠴᠢᠳᠠᠪᠤᠷᠢᠲᠠᠨ ᠤ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ | ᠴᠢᠳᠠᠪᠤᠷᠢᠲᠠᠨ ᠤ ᠡᠩᠨᠡᠭᠡ ᠶᠢ ᠪᠤᠵᠠᠭᠠᠶᠢᠷᠠᠭᠤᠯᠬᠤ ᠬᠡᠷᠡᠭᠲᠡᠢ᠃ ᠤᠯᠤᠰ ᠲᠦᠷᠦ ᠶᠢᠨ ᠴᠡᠭᠴᠡᠯᠡᠯᠲᠡ ᠪᠣᠯᠪᠠᠰᠤᠷᠠᠯ ᠢ | ᠪᠠᠶᠢᠩᠭᠤᠵᠢᠭᠤᠯᠵᠤ ᠳᠦᠷᠢᠮᠵᠢᠭᠦᠯᠬᠦ ᠶᠢ ᠠᠬᠢᠭᠤᠯᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ | ᠢᠯᠵᠠᠷᠡᠯ ᠢ ᠡᠰᠡᠷᠭᠦᠴᠡᠬᠦ ᠶᠢ ᠴᠥᠬᠦᠷᠡᠰᠢ ᠦᠭᠡᠢ ᠪᠠᠷᠢᠮᠲᠠᠯᠠᠬᠤ ᠬᠡᠷᠡᠭᠲᠡᠢ᠃ ᠴᠡᠷᠢᠭ ᠠᠩᠬᠢ ᠶᠢᠨ ᠬᠥᠮᠦᠵᠢᠯ | ᠬᠠᠮᠢᠶᠠᠷᠤᠯᠲᠠ ᠶᠢ ᠴᠢᠩᠭᠠᠳᠬᠠᠵᠤ᠂ ᠦᠨᠳᠦᠰᠦᠨ ᠱᠠᠳᠤ ᠶᠢ ᠴᠥᠬᠦᠷᠡᠰᠢ ᠦᠭᠡᠢ ᠠᠳᠬᠤᠵᠤ ᠰᠠᠭᠤᠷᠢ ᠶᠢ | ᠪᠠᠬᠢᠵᠢᠭᠦᠯᠵᠦ᠂ ᠴᠡᠷᠢᠭ ᠠᠩᠬᠢ ᠶᠢᠨ ᠠᠮᠤᠷ ᠲᠦᠪᠰᠢᠨ ᠲᠣᠭᠲᠠᠭᠤᠨ ᠢ ᠪᠠᠲᠤᠯᠠᠬᠤ ᠬᠡᠷᠡᠭᠲᠡᠢ᠃ ᠡᠯ᠎ᠡ ᠱᠠᠲᠤ | ᠢᠯᠠᠩᠭᠤᠶ᠎ᠠ ᠤᠳᠤᠷᠢᠳᠬᠤ ᠺᠠᠳ᠋ᠷᠴᠤᠳ ᠪᠠᠶᠢᠴᠠᠭᠠᠨ ᠰᠤᠳᠤᠯᠤᠯᠲᠠ ᠶᠢ ᠶᠡᠭᠡ ᠪᠠᠷ ᠥᠷᠨᠢᠭᠦᠯᠵᠦ᠂ ᠴᠡᠷᠢᠭ ᠠᠩᠭᠢ ᠶᠢᠨ | ᠪᠥᠲᠥᠭᠡᠨ ᠪᠠᠶᠢᠭᠤᠯᠤᠯᠲᠠ ᠳᠠᠬᠢ ᠲᠣᠪᠤᠶᠢᠮ᠎ᠠ ᠵᠥᠷᠢᠴᠡᠯ ᠪᠣᠯᠤᠨ ᠠᠰᠠᠭᠤᠳᠠᠯ ᠢ ᠨᠠᠷᠢᠨ ᠬᠢᠨᠠᠮᠠᠭᠠᠶ ᠰᠢᠢᠳᠪᠦᠷᠢᠯᠡᠵᠦ᠂ | ᠳᠠᠷᠤᠭ᠎ᠠ ᠪᠠᠶᠢᠯᠳᠤᠭᠴᠢᠳ ᠤᠨ ᠬᠦᠴᠢᠷ ᠵᠣᠪᠠᠭᠤᠷᠢ ᠶᠢ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ | ᠰᠢᠢᠳᠪᠦᠷᠢᠯᠡᠵᠦ᠂ ᠥᠷᠭᠡᠨ ᠣᠯᠠᠨ ᠳᠠᠷᠤᠭ᠎ᠠ ᠪᠠᠶᠢᠯᠳᠤᠭᠴᠢᠳ ᠢ ᠳᠠᠭᠠᠭᠤᠯᠤᠨ ᠡᠮᠦᠨᠡᠲᠦ ᠬᠡᠰᠡᠭ ᠤᠨ ᠪᠠᠶᠢᠯᠳᠤᠭᠠᠨ ᠤ | ᠲᠣᠭᠤᠷᠢᠭ ᠤᠨ ᠲᠡᠯᠡᠶ ᠶᠢᠨ ᠴᠡᠷᠢᠭ ᠤᠨ ᠪᠥᠲᠥᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠲᠠᠰᠤᠷᠠᠯᠲᠠ ᠥᠬᠡᠶ | ᠡᠭᠦᠳᠬᠦ ᠬᠡᠷᠡᠭᠲᠡᠶ ᠭᠡᠵᠦ ᠵᠢᠭᠠᠵᠤ ᠭᠠᠷᠭᠠᠪᠠ᠃ | ᠵᠠᠩ ᠶᠢᠦ ᠰᠢᠶᠠ ᠨᠠᠷ ᠠᠵᠢᠯᠯᠠᠭ᠎ᠠ ᠳᠤ ᠣᠷᠣᠯᠴᠠᠵᠠᠢ᠃ | | |