︽ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ︿ᠮᠢᠩᠭᠠᠨ ᠺᠠᠳ᠋ᠷ ᠴᠠᠭᠳᠠᠭ᠎ᠠ ᠶᠢ ᠦᠨᠳᠦᠰᠦᠨ ᠱᠠᠲᠤᠨ ᠳᠤ ᠪᠠᠭᠤᠯᠭᠠᠬᠤ﹀ ᠠᠵᠢᠯᠯᠠᠭ᠎ᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠬᠦ ᠲᠤᠬᠠᠢ ᠲᠥᠰᠥᠯ︾᠎ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/4/17
ᠡᠯ᠎ᠡ ᠰᠠᠯᠠᠭ᠎ᠠ ᠲᠠᠰᠤᠭ᠂ ᠠᠵᠢᠯ ᠦᠢᠯᠡᠰ ᠤᠨ ᠨᠢᠭᠡᠴᠡ ᠳᠤ᠄      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠤᠯᠤᠰ ᠲᠥᠷᠥ ᠶᠢᠨ ᠬᠡᠯᠲᠡᠰ ᠤᠨ ︽︿ᠮᠢᠩᠭᠠᠨ ᠺᠠᠳ᠋ᠷ ᠴᠠᠭᠳᠠᠭ᠎ᠠ ᠶᠢ ᠦᠨᠳᠦᠰᠦᠨ ᠱᠠᠲᠤᠨ ᠳᠤ ᠪᠠᠭᠤᠯᠭᠠᠬᠤ﹀ ᠠᠵᠢᠯᠯᠠᠭ᠎ᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠬᠦ ᠲᠤᠬᠠᠢ ᠮᠡᠳᠡᠭᠳᠡᠯ︾ ︵ᠥᠪᠥᠷ ᠵᠠᠰᠠᠭ ﹇2023﹈ 12 ᠳ᠋ᠤᠭᠠᠷ ᠲᠣᠭᠠᠲᠤ︶᠎ ᠢ ᠦᠨᠳᠦᠰᠦᠯᠡᠨ᠂ ᠣᠳᠤ ᠮᠠᠨ ᠤ ᠲᠣᠪᠴᠢᠶ᠎ᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠺᠠᠳ᠋ᠷ ᠴᠠᠭᠳᠠᠭ᠎ᠠ ᠶᠢ ᠬᠠᠤᠯᠢ ᠴᠠᠭᠠᠵᠠ ᠶᠢᠨ ᠭᠠᠵᠠᠷ ᠲᠤ ᠪᠠᠭᠤᠯᠭᠠᠬᠤ ᠠᠵᠢᠯ ᠢ ᠲᠦᠯᠬᠢᠨ ᠠᠬᠢᠭᠤᠯᠬᠤ ᠲᠤᠬᠠᠢ ᠮᠠᠨ ᠤ ᠲᠣᠪᠴᠢᠶ᠎ᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠳᠣᠣᠷᠠᠬᠢ ᠮᠡᠲᠦ ᠲᠥᠰᠥᠯ ᠢ ᠲᠣᠭᠲᠠᠭᠠᠪᠠ᠃      ᠨᠢᠭᠡ᠂ ᠵᠢᠯᠤᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠬᠠᠥᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠤᠨ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ︽ᠬᠤᠶᠠᠷ ᠢ ᠲᠣᠭᠲᠠᠭᠠᠬᠤ︾᠎ ᠶᠢᠨ ᠰᠢᠢᠳᠪᠦᠷᠢᠯᠡᠬᠦ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ︽ᠳᠥᠷᠪᠡᠨ ᠤᠬᠠᠮᠰᠠᠷ︾᠎ ᠢ ᠴᠢᠩᠭᠠᠳᠬᠠᠨ᠂ ︽ᠳᠥᠷᠪᠡᠨ ᠢᠲᠡᠭᠡᠯ︾᠎ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠶᠡᠭᠡ ᠲᠠᠯ᠎ᠠ ᠲᠠᠢ ᠨᠢᠭᠲᠠ ᠤᠶᠠᠯᠳᠤᠭᠤᠯᠤᠨ᠂ ᠺᠠᠳ᠋ᠷ ᠴᠠᠭᠳᠠᠭ᠎ᠠ ᠶᠢᠨ ᠦᠨᠳᠦᠰᠦᠨ ᠱᠠᠲᠤᠨ ᠳᠤ ᠳᠠᠪᠲᠠᠨ ᠪᠣᠯᠪᠠᠰᠤᠷᠠᠬᠤ ᠶᠢ ᠴᠢᠬᠤᠯᠠᠴᠢᠯᠠᠵᠤ᠂ ᠦᠨᠳᠦᠰᠦᠨ ᠱᠠᠲᠤᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠳᠤᠲᠠᠭᠤᠳᠠᠯ ᠢ ᠨᠥᠬᠦᠪᠦᠷᠢᠯᠡᠵᠦ᠂ ᠪᠠᠶᠢᠭᠤᠯᠭ᠎ᠠ ᠶᠢᠨ ᠺᠠᠳ᠋ᠷᠴᠤᠳ ᠤᠨ ᠬᠠᠤᠯᠢ ᠴᠠᠭᠠᠵᠠ ᠶᠢᠨ ᠭᠠᠵᠠᠷ ᠲᠤ ᠪᠠᠭᠤᠵᠤ ᠠᠵᠢᠯᠯᠠᠬᠤ ᠶᠢ ᠲᠦᠯᠬᠢᠨ ᠠᠬᠢᠭᠤᠯᠬᠤ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠬᠠᠤᠯᠢ ᠪᠠᠷ ᠵᠠᠰᠠᠬᠤ ᠠᠵᠢᠯ ᠤᠨ ᠬᠦᠴᠦᠨ ᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠬᠠᠤᠯᠢ ᠴᠠᠭᠠᠵᠠ ᠶᠢᠨ ᠭᠠᠵᠠᠷ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠦᠨ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠦᠨᠳᠦᠰᠦᠨ ᠱᠠᠲᠤᠨ ᠤ ᠰᠠᠭᠤᠷᠢ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠠᠷᠠᠳ ᠤᠯᠠᠨ ᠤ ᠬᠠᠤᠯᠢ ᠴᠠᠭᠠᠵᠠ ᠶᠢᠨ ᠬᠡᠷᠡᠭᠴᠡᠭᠡ ᠶᠢ ᠨᠡᠩ ᠰᠠᠶᠢᠲᠤᠷ ᠬᠠᠩᠭᠠᠨ᠎ᠠ᠃      ᠬᠤᠶᠠᠷ᠂ ᠡᠭᠦᠷᠭᠡ ᠬᠠᠷᠠᠯᠲᠠ      ᠺᠠᠳ᠋ᠷ ᠤᠨ ᠡᠩᠨᠡᠭᠡᠨ ᠤ ᠤᠯᠤᠰ ᠲᠦᠷᠦ ᠲᠤᠬᠠᠶᠢᠯᠠᠭᠰᠠᠨ ᠠᠵᠢᠯ ᠤᠨ ᠬᠡᠪ ᠴᠢᠨᠠᠷ ᠢᠯᠡᠳᠲᠡ ᠳᠡᠭᠡᠭᠰᠢᠯᠡᠵᠦ᠂ ᠰᠢᠨ᠎ᠡ ᠴᠠᠭ ᠦᠶ᠎ᠡ ᠰᠢᠨ᠎ᠡ ᠡᠭᠦᠷᠭᠡ ᠶᠢᠨ ᠱᠠᠭᠠᠷᠳᠠᠯᠭ᠎ᠠ ᠳᠤ ᠦᠨᠡᠨ ᠬᠦ ᠵᠣᠬᠢᠴᠠᠵᠤ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠤᠬᠠᠮᠰᠠᠷᠲᠤ ᠴᠢᠨᠠᠷ ᠪᠠ ᠡᠷᠡᠰ ᠪᠠᠲᠤ ᠴᠢᠨᠠᠷ ᠢ ᠤᠯᠠᠮ ᠴᠢᠩᠭᠠᠳᠬᠠᠨ᠎ᠠ︔ ᠠᠵᠢᠯ ᠤᠨ ᠰᠤᠷᠲᠠᠯ ᠢᠶᠠᠨ ᠦᠨᠡᠨ ᠬᠦ ᠬᠤᠪᠢᠷᠠᠭᠤᠯᠤᠨ᠂ ᠵᠣᠷᠢᠯᠲᠠ ᠶᠢᠨ ᠤᠬᠠᠮᠰᠠᠷ ᠢᠶᠠᠨ ᠲᠠᠰᠤᠷᠠᠯᠳᠠ ᠦᠭᠡᠢ ᠴᠢᠩᠭᠠᠷᠠᠭᠤᠯᠵᠤ᠂ ᠪᠠᠶᠢᠭᠤᠯᠭ᠎ᠠ ᠶᠢᠨ ᠺᠠᠳ᠋ᠷᠴᠤᠳ ᠤᠨ ᠠᠷᠠᠳ ᠤᠨ ᠲᠥᠯᠥᠭᠡ ᠬᠠᠤᠯᠢ ᠪᠠᠷᠢᠬᠤ ᠣᠶᠢᠯᠠᠭᠠᠭᠳᠠᠬᠤᠨ ᠢ ᠤᠯᠠᠮ ᠴᠢᠨᠠᠭᠰᠢᠳᠠ ᠴᠢᠩᠭᠠᠷᠠᠭᠤᠯᠵᠤ᠂ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠦᠨ᠎ᠡ︔ ᠺᠠᠳ᠋ᠷᠴᠤᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠠᠵᠢᠯ ᠤᠨ ᠲᠤᠷᠰᠢᠯᠭ᠎ᠠ ᠶᠢ ᠤᠯᠠᠮ ᠪᠠᠶᠠᠯᠢᠭᠵᠢᠭᠤᠯᠤᠨ᠎ᠠ︔ ᠬᠠᠤᠯᠢ ᠴᠠᠭᠠᠵᠠ ᠶᠢᠨ ᠭᠠᠵᠠᠷ ᠤᠨ ᠠᠵᠢᠯ ᠤᠨ ᠬᠦᠴᠦᠨ ᠢ ᠤᠯᠠᠮ ᠲᠡᠭᠦᠯᠳᠡᠷᠵᠢᠭᠦᠯᠦᠨ᠂ ᠦᠨᠳᠦᠰᠦᠨ ᠱᠠᠲᠤᠨ ᠤ ᠬᠠᠤᠯᠢ ᠶᠣᠰᠣᠭᠠᠷ ᠵᠠᠰᠠᠬᠤ ᠶᠢ ᠠᠬᠢᠭᠤᠯᠵᠤ᠂ ᠦᠨᠳᠦᠰᠦᠨ ᠱᠠᠲᠤᠨ ᠤ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠰᠠᠭᠤᠷᠢ ᠠᠵᠢᠯ ᠢ ᠤᠯᠠᠮ ᠴᠢᠨᠠᠭᠰᠢᠳᠠ ᠲᠡᠭᠦᠯᠳᠡᠷᠵᠢᠭᠦᠯᠦᠨ᠎ᠡ᠃      ᠭᠤᠷᠪᠠ᠂ ᠪᠣᠳᠠᠲᠠᠢ ᠠᠷᠭ᠎ᠠ ᠬᠢᠳᠡᠯ      ᠬᠠᠤᠯᠢ ᠴᠠᠭᠠᠵᠠ ᠶᠢᠨ ᠭᠠᠵᠠᠷ ᠤᠨ ᠪᠣᠳᠠᠲᠠᠢ ᠠᠵᠢᠯ ᠤᠨ ᠬᠦᠴᠢᠷᠳᠡᠯ ᠢ ᠦᠨᠳᠦᠰᠦᠯᠡᠨ᠂ ᠭᠤᠣᠯᠳᠠᠯᠭ᠎ᠠ ᠲᠠᠢ ᠡᠭᠦᠷᠭᠡ ᠪᠠ ᠳᠡᠮᠵᠢᠬᠦ ᠬᠠᠷᠠᠯᠲᠠ ᠶᠢ ᠲᠣᠭᠲᠠᠭᠠᠵᠤ᠂ ᠪᠠᠶᠢᠭᠤᠯᠭ᠎ᠠ ᠶᠢᠨ ᠺᠠᠳ᠋ᠷᠴᠤᠳ ᠤᠨ ᠣᠷᠣᠯᠴᠠᠭᠴᠢ᠂ ᠲᠦᠯᠬᠢᠨ ᠠᠬᠢᠭᠤᠯᠤᠭᠴᠢ᠂ ᠳᠡᠮᠵᠢᠭᠴᠢ ᠶᠢᠨ ᠦᠢᠯᠡᠳᠦᠯ ᠢ ᠦᠨᠡᠨ ᠬᠦ ᠪᠠᠳᠠᠷᠠᠭᠤᠯᠵᠤ᠂ ᠬᠠᠤᠯᠢ ᠴᠠᠭᠠᠵᠠ ᠶᠢᠨ ᠭᠠᠵᠠᠷ ᠤᠨ ᠺᠠᠳ᠋ᠷ ᠴᠠᠭᠳᠠᠭ᠎ᠠ ᠲᠠᠢ ᠬᠠᠮᠲᠤ ᠪᠠᠷ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠬᠥᠭᠵᠢᠯᠲᠡ ᠶᠢ ᠲᠥᠯᠥᠪᠯᠡᠨ ᠠᠬᠢᠭᠤᠯᠬᠤ ᠶᠢᠨ ᠬᠠᠮᠲᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ ᠵᠣᠬᠢᠴᠠᠭᠤᠯᠤᠨ ᠨᠡᠪᠲᠡᠷᠡᠯᠴᠡᠬᠦ ᠪᠠᠨ ᠴᠢᠩᠭᠠᠳᠬᠠᠵᠤ᠂ ᠣᠷᠣᠰᠢᠵᠤ ᠪᠠᠶᠢᠭ᠎ᠠ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠬᠠᠪᠰᠤᠷᠤᠨ ᠰᠢᠢᠳᠪᠦᠷᠢᠯᠡᠨ᠎ᠡ᠃      ᠳᠥᠷᠪᠡ᠂ ᠠᠵᠢᠯ ᠤᠨ ᠱᠠᠭᠠᠷᠳᠠᠯᠭ᠎ᠠ      ︵ᠨᠢᠭᠡ︶ ᠴᠢᠩᠭ᠎ᠠ ᠱᠠᠭᠠᠷᠳᠠᠵᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠬᠡᠷᠡᠭᠲᠡᠢ᠃ ᠳᠣᠷᠣᠭᠰᠢ ᠪᠠᠭᠤᠭᠰᠠᠨ ᠬᠠᠤᠯᠢ ᠴᠠᠭᠠᠵᠠ ᠶᠢᠨ ᠭᠠᠵᠠᠷ ᠤᠨ ᠺᠠᠳ᠋ᠷ ᠴᠠᠭᠳᠠᠭ᠎ᠠ ᠨᠠᠷ ᠥᠪᠡᠷ ᠢ ᠪᠠᠨ ᠬᠠᠤᠯᠢ ᠴᠠᠭᠠᠵᠠ ᠶᠢᠨ ᠭᠠᠵᠠᠷ ᠤᠨ ᠨᠢᠭᠡ ᠭᠡᠰᠢᠭᠦᠨ ᠢᠶᠠᠷ ᠦᠵᠡᠵᠦ᠂ ᠢᠳᠡᠪᠬᠢᠲᠡᠢ ᠪᠥᠭᠡᠳ ᠰᠠᠨᠠᠭᠠᠴᠢᠯᠠᠭ᠎ᠠ ᠲᠠᠢ ᠪᠠᠷ ᠠᠵᠢᠯᠯᠠᠨ᠂ ᠤᠯᠠᠨ ᠲᠦᠮᠡᠨ ᠲᠠᠢ ᠨᠢᠭᠲᠠ ᠬᠠᠷᠢᠯᠴᠠᠵᠤ᠂ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠠᠵᠢᠯ ᠤᠨ ᠰᠡᠷᠭᠡᠶᠢᠯᠡᠯᠲᠡ ᠶᠢ ᠠᠩᠬᠠᠷᠬᠤ ᠬᠡᠷᠡᠭᠲᠡᠢ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠭᠤᠣᠯ ᠠᠵᠢᠯ ᠲᠠᠢ ᠤᠶᠠᠯᠳᠤᠭᠤᠯᠤᠨ᠂ ᠨᠢᠭᠡᠳᠦᠯᠲᠡᠢ ᠲᠥᠯᠥᠪᠯᠡᠨ ᠨᠡᠶᠢᠳᠡᠮ ᠳᠤᠨᠢ ᠬᠠᠷᠠᠭᠠᠯᠵᠠᠵᠤ᠂ ᠵᠣᠬᠢᠴᠠᠩᠭᠤᠢ ᠪᠠᠷ ᠲᠦᠯᠬᠢᠨ ᠠᠬᠢᠭᠤᠯᠵᠤ᠂ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃      ︵ᠬᠤᠶᠠᠷ︶ ᠤᠳᠤᠷᠢᠳᠤᠯᠭ᠎ᠠ ᠶᠢ ᠴᠢᠩᠭᠠᠳᠬᠠᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠤᠯᠤᠰ ᠲᠦᠷᠦ ᠶᠢᠨ ᠶᠡᠭᠡ ᠲᠠᠯ᠎ᠠ ᠶᠢ ᠡᠷᠬᠢᠮᠯᠡᠬᠦ ᠦᠨᠳᠦᠷᠴᠡ ᠠᠴᠠ ᠦᠨᠳᠦᠰᠦᠨ ᠱᠠᠲᠤᠨ ᠳᠤ ᠪᠠᠭᠤᠵᠤ ᠠᠵᠢᠯᠯᠠᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠤᠨᠤᠯ ᠪᠠ ᠦᠢᠯᠡᠳᠦᠯᠭᠡ ᠶᠢᠨ ᠵᠢᠯᠣᠭᠤᠳᠣᠮᠵᠢ ᠶᠢ ᠪᠠᠷᠢᠮᠲᠠᠯᠠᠨ᠂ ᠠᠵᠢᠯ ᠤᠨ ᠲᠥᠯᠥᠪᠯᠡᠭᠡ ᠲᠣᠭᠲᠠᠭᠠᠵᠤ᠂ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃                         ᠰᠢᠨ᠎ᠡ ᠪᠠᠷᠠᠭᠤᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ                                    2023 ᠣᠨ ᠤ 4 ᠰᠠᠷ᠎ᠠ ᠶᠢᠨ 13 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ