ᠮᠠᠨ ᠤ ᠬᠤᠰᠢᠭᠤ ︽ᠭᠠᠯ ᠤᠨ ᠠᠶᠤᠯ ᠢ ᠰᠡᠷᠭᠡᠶᠢᠯᠡᠵᠦ᠂ ᠠᠮᠢ ᠨᠠᠰᠤ ᠶᠢ ᠨᠠᠨᠳᠢᠩᠨᠠᠨ᠂ ᠤᠮᠠᠷᠠᠲᠤ ᠬᠢᠯᠢ ᠶᠢ ᠰᠠᠬᠢᠨ ᠬᠠᠮᠠᠭᠠᠯᠠᠶ᠎ᠠ︾ ᠵᠢᠴᠢ ᠠᠷᠪᠠᠨ ᠨᠢᠭᠡᠳᠦᠭᠡᠷ ᠤᠳᠠᠭ᠎ᠠ ᠶᠢᠨ ︽ᠵᠠᠭᠤᠨ ᠲᠡᠷᠭᠡ ᠮᠢᠩᠭᠠᠨ ᠬᠦᠮᠦᠨ ᠤ ᠲᠦᠮᠡᠨ ᠭᠠᠵᠠᠷ ᠤᠨ ᠠᠶᠠᠯᠠᠯ︾ ᠠᠮᠢ ᠠᠬᠤᠢ ᠶᠢ ᠬᠠᠮᠠᠭᠠᠯᠠᠬᠤ ᠬᠠᠮᠲᠤᠷᠠᠭᠰᠠᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/4/17
       4 ᠰᠠᠷ᠎ᠠ ᠶᠢᠨ 16 ᠤ ᠡᠳᠦᠷ᠂ ᠮᠠᠨ ᠤ ᠬᠤᠰᠢᠭᠤ ︽ᠭᠠᠯ ᠤᠨ ᠠᠶᠤᠯ ᠢ ᠰᠡᠷᠭᠡᠶᠢᠯᠡᠵᠦ᠂ ᠠᠮᠢ ᠨᠠᠰᠤ ᠶᠢ ᠨᠠᠨᠳᠢᠩᠨᠠᠨ᠂ ᠤᠮᠠᠷᠠᠲᠤ ᠬᠢᠯᠢ ᠶᠢ ᠰᠠᠬᠢᠨ ᠬᠠᠮᠠᠭᠠᠯᠠᠶ᠎ᠠ︾ ᠵᠢᠴᠢ ᠠᠷᠪᠠᠨ ᠨᠢᠭᠡᠳᠦᠭᠡᠷ ᠤᠳᠠᠭ᠎ᠠ ᠶᠢᠨ ︽ᠵᠠᠭᠤᠨ ᠲᠡᠷᠭᠡ ᠮᠢᠩᠭᠠᠨ ᠬᠦᠮᠦᠨ ᠤ ᠲᠦᠮᠡᠨ ᠭᠠᠵᠠᠷ ᠤᠨ ᠠᠶᠠᠯᠠᠯ︾ ᠠᠮᠢ ᠠᠬᠤᠢ ᠶᠢ ᠬᠠᠮᠠᠭᠠᠯᠠᠬᠤ ᠬᠠᠮᠲᠤᠷᠠᠭᠰᠠᠨ ᠠᠵᠢᠯᠯᠠᠭ᠎ᠠ ᠦᠷᠨᠢᠭᠦᠯᠪᠡ᠃ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ᠂ ᠣᠢ ᠰᠢᠭᠤᠢ ᠨᠤᠲᠤᠭ ᠪᠡᠯᠴᠢᠭᠡᠷ᠂ ᠭᠠᠯ ᠤᠨᠲᠠᠷᠠᠭᠠᠬᠤ᠂ ᠠᠭᠤᠷᠬᠠᠢ ᠶᠢᠨ ᠠᠪᠤᠷᠠᠨ ᠲᠤᠰᠠᠯᠠᠯᠲᠠ ᠵᠡᠷᠭᠡ ᠰᠠᠯᠠᠭ᠎ᠠ ᠮᠦᠴᠢᠷ ᠲᠤᠰ ᠠᠵᠢᠯᠯᠠᠭ᠎ᠠ ᠶᠢ ᠣᠷᠣᠯᠴᠠᠪᠠ᠃
       ᠠᠵᠢᠯᠯᠠᠭ᠎ᠠ ᠳᠤ᠂ ᠠᠵᠢᠯᠲᠠᠳ ᠭᠤᠣᠯ ᠪᠣᠯᠬᠤ ᠵᠡᠭᠡᠯᠢ ᠭᠤᠳᠤᠮᠵᠢ᠂ ᠠᠭᠤᠳᠠᠮ ᠲᠠᠯᠠᠪᠠᠶ ᠵᠡᠷᠭᠡ ᠬᠥᠮᠥᠨ ᠤ ᠤᠷᠤᠰᠬᠠᠯ ᠤᠨ ᠬᠡᠮᠵᠢᠶ᠎ᠡ ᠶᠡᠬᠡᠲᠡᠢ ᠭᠤᠣᠯᠳᠠᠯᠭ᠎ᠠ ᠲᠠᠢ ᠣᠷᠣᠨ ᠪᠦᠰᠡ ᠳᠤ ᠡᠯᠭᠦᠭᠡ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠲᠡᠷᠭᠡᠨ ᠡᠩᠨᠡᠭᠡ ᠪᠠᠷ ᠤᠷᠤᠭᠰᠢᠯᠠᠬᠤ᠂ ᠲᠣᠨᠤᠭ ᠲᠥᠬᠦᠭᠡᠷᠦᠮᠵᠢ ᠶᠢ ᠳᠡᠯᠭᠡᠨ ᠦᠵᠡᠭᠦᠯᠬᠦ ᠵᠡᠷᠭᠡ ᠬᠡᠯᠪᠡᠷᠢ ᠪᠠᠷ ᠤᠬᠠᠭᠤᠯᠭ᠎ᠠ ᠥᠷᠨᠢᠭᠦᠯᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠨᠥᠯᠥᠭᠡᠯᠡᠬᠦ ᠬᠦᠴᠦᠨ ᠪᠠ ᠪᠥᠬᠦ ᠠᠷᠠᠳ ᠤᠨ ᠭᠠᠯ ᠢ ᠰᠡᠷᠭᠡᠶᠢᠯᠡᠨ ᠤᠨᠲᠠᠷᠠᠭᠠᠬᠤ ᠦᠵᠡᠯ ᠤᠬᠠᠮᠰᠠᠷ ᠢ ᠦᠨᠡᠨᠬᠦ ᠳᠡᠭᠡᠭᠰᠢᠯᠡᠭᠦᠯᠪᠡ᠃
       ᠳᠠᠷᠠᠭ᠎ᠠ ᠨᠢ᠂ ᠤᠬᠠᠭᠤᠯᠭ᠎ᠠ ᠶᠢᠨ ᠡᠩᠨᠡᠭᠡ ᠮᠠᠯᠵᠢᠬᠤ ᠡᠷᠦᠬᠡ ᠳᠤ ᠬᠦᠷᠴᠦ᠂ ᠮᠠᠯᠴᠢᠨ ᠲᠦᠮᠡᠨ ᠳᠤ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠭᠠᠯ ᠤᠨᠲᠠᠷᠠᠭᠠᠬᠤ ᠮᠡᠳᠡᠯᠭᠡ ᠪᠣᠯᠣᠨ ᠠᠩᠬᠠᠷᠬᠤ ᠵᠦᠢᠯᠡᠰ ᠢ ᠤᠬᠠᠭᠤᠯᠵᠤ᠂ ᠮᠠᠯᠴᠢᠳ ᠲᠤ ᠦᠢᠯᠡᠳᠪᠦᠷᠢᠯᠡᠯ ᠠᠮᠢᠳᠤᠷᠠᠯ ᠳᠤ ᠭᠠᠯ ᠬᠡᠷᠡᠭᠯᠡᠬᠦ ᠶᠢ ᠠᠩᠬᠠᠷᠬᠤ ᠶᠢ ᠰᠠᠨᠠᠭᠤᠯᠵᠤ᠂ ᠬᠤᠭ ᠨᠣᠪᠰᠢ ᠰᠢᠲᠠᠭᠠᠬᠤ ᠦᠭᠡᠢ᠂ ᠬᠡᠭᠡᠷ᠎ᠡ ᠭᠠᠳᠠᠨ᠎ᠠ ᠳᠤᠷ᠎ᠠ ᠪᠠᠷ ᠢᠶᠠᠨ ᠲᠠᠮᠠᠬᠢ ᠲᠠᠲᠠᠬᠤ ᠦᠭᠡᠢ ᠪᠠᠶᠢᠬᠤ ᠵᠡᠷᠭᠡ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠭᠠᠯ ᠤᠨᠲᠠᠷᠠᠭᠠᠬᠤ ᠬᠠᠮᠢᠶᠠᠷᠤᠯᠲᠠ ᠡᠵᠡᠮᠳᠡᠯ ᠤᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠪᠠ᠃ ᠥᠷᠭᠡᠨ ᠳᠡᠯᠭᠡᠷ ᠤᠬᠠᠭᠤᠯᠭ᠎ᠠ ᠥᠷᠨᠢᠭᠦᠯᠬᠦ ᠪᠠᠷ ᠳᠠᠮᠵᠢᠭᠤᠯᠤᠨ᠂ ᠥᠷᠭᠡᠨ ᠣᠯᠠᠨ ᠲᠦᠮᠡᠨ ᠤ ᠭᠠᠯ ᠰᠡᠷᠭᠡᠶᠢᠯᠡᠨ ᠤᠨᠲᠠᠷᠠᠭᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ︽ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠳᠤ ᠬᠥᠮᠥᠨ ᠪᠦᠬᠦᠨ ᠬᠠᠷᠢᠭᠤᠴᠠᠯᠭ᠎ᠠ ᠲᠠᠢ︾ ᠪᠠᠶᠢᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号