ᠰᠢᠨᠬᠤᠸᠠ ᠬᠤᠷᠢᠶ᠎ᠠ ᠶᠢᠨ ᠭᠤᠸᠠᠩᠵᠧᠦ ᠶᠢᠨ 4 ᠰᠠᠷ᠎ᠠ ᠶᠢᠨ 13 ᠤ ᠴᠠᠭᠢᠯᠭᠠᠨ ᠮᠡᠳᠡᠭᠡ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠣᠶᠢᠷ᠎ᠠ ᠶᠢᠨ ᠡᠳᠦᠷ ᠭᠤᠸᠠᠩᠳᠦ᠋ᠩ ᠳᠤ ᠰᠢᠨᠵᠢᠯᠡᠨ ᠪᠠᠶᠢᠴᠠᠭᠠᠬᠤ ᠳᠠᠭᠠᠨ᠂ | ᠭᠤᠸᠠᠩᠳᠦ᠋ᠩ ᠪᠣᠯ ᠥᠭᠡᠷᠡᠴᠢᠯᠡᠯᠲᠡ ᠨᠡᠭᠡᠭᠡᠯᠲᠡ ᠶᠢᠨ ᠳᠠᠭᠠᠭᠤᠯᠤᠭᠴᠢ᠂ ᠤᠷᠢᠳ ᠢᠶᠠᠷ ᠬᠡᠷᠡᠭᠵᠢᠭᠦᠯᠦᠭᠰᠡᠨ ᠣᠷᠣᠨ᠂ | ᠲᠤᠷᠰᠢᠯᠲᠠ ᠶᠢᠨ ᠣᠷᠣᠨ ᠮᠥᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠶᠡᠭᠡ ᠲᠠᠯ᠎ᠠ ᠳᠤ ᠪᠠᠶᠢᠷᠢ ᠰᠠᠭᠤᠷᠢ ᠪᠠᠷ ᠴᠢᠬᠤᠯᠠ᠂ ᠦᠢᠯᠡᠳᠦᠯ ᠢᠶᠠᠷ ᠲᠣᠪᠣᠶᠢᠮ᠎ᠠ ᠶᠤᠮ᠃ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠠᠷᠠᠯᠲᠠ ᠶᠢ | ᠡᠵᠡᠮᠳᠡᠵᠦ᠂ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠪᠣᠯᠣᠨ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠡᠨᠡ ᠬᠦ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢᠨ ᠲᠣᠭᠤᠷᠢᠨ ᠳᠤ᠂ | ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ | ᠥᠷᠭᠡᠳᠬᠡᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠥᠪᠡᠷ ᠢ ᠪᠠᠨ | ᠬᠦᠴᠦᠷᠬᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠭᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ | ᠪᠠᠶᠢᠭᠤᠯᠬᠤ᠂ ᠬᠤᠲᠠ ᠬᠥᠳᠡᠭᠡ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ | ᠦᠷᠭᠦᠯᠵᠢᠯᠡᠨ ᠪᠦᠭᠦ ᠤᠯᠤᠰ ᠤᠨ ᠡᠮᠦᠨ᠎ᠡ ᠡᠩᠨᠡᠭᠡᠨ ᠳᠤ ᠶᠠᠪᠤᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ ᠡᠮᠦᠨ᠎ᠡ ᠡᠩᠨᠡᠭᠡᠨ ᠳᠤ ᠶᠠᠪᠤᠬᠤ ᠬᠡᠷᠡᠭᠲᠡᠢ | ᠭᠡᠵᠦ ᠴᠢᠬᠤᠯᠠᠴᠢᠯᠠᠪᠠ᠃ | | | | | 4 ᠰᠠᠷ᠎ᠠ ᠶᠢᠨ 10 ᠠᠴᠠ 13 ᠤ ᠡᠳᠦᠷ ᠪᠤᠯᠲᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠭᠤᠸᠠᠩᠳᠦ᠋ᠩ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ᠂ 10 ᠤ ᠦᠳᠡ ᠶᠢᠨ ᠬᠤᠶᠢᠨ᠎ᠠ᠂ ᠰᠢ ᠶᠢᠨ ᠫᠢᠩ | ᠵᠠᠨᠵᠢᠶᠠᠩ ᠬᠤᠲᠠ ᠶᠢᠨ ᠰᠢᠦᠢ ᠸᠧᠨ ᠰᠢᠶᠠᠨ ᠤ ᠰᠢᠦᠢ ᠸᠧᠨ ᠭᠠᠷᠠᠮ ᠤᠨ ᠣᠩᠭᠤᠴᠠᠨ ᠤ ᠵᠣᠭᠰᠣᠭᠠᠯ ᠤᠨ | ᠭᠠᠷᠠᠮ ᠳᠤ ᠣᠩᠭᠤᠴᠠᠨ ᠳᠡᠭᠡᠷᠡᠬᠢ ᠠᠶᠠᠨᠴᠢᠳ ᠤᠨ ᠵᠦᠭ ᠭᠠᠷ ᠳᠠᠯᠠᠯᠤᠨ ᠮᠡᠨᠳᠦᠴᠢᠯᠡᠵᠦ ᠪᠠᠶᠢᠭ᠎ᠠ ᠨᠢ᠃ ᠰᠢᠨᠬᠤᠸᠠ | ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | | | | | | | 4 ᠰᠠᠷ᠎ᠠ ᠶᠢᠨ 10 ᠠᠴᠠ 13 ᠤ ᠡᠳᠦᠷ ᠪᠤᠯᠲᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠭᠤᠸᠠᠩᠳᠦ᠋ᠩ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ᠂ 11 ᠤ ᠦᠳᠡ ᠶᠢᠨ ᠬᠤᠶᠢᠨ᠎ᠠ᠂ ᠰᠢ ᠶᠢᠨ ᠫᠢᠩ | ᠮᠤᠤᠮᠢᠩ ᠤᠨ ᠭᠤᠤᠵᠸᠦ ᠬᠤᠳᠠ ᠶᠢᠨ ᠭᠧᠨ ᠽᠢ ᠪᠠᠯᠭᠠᠰᠤᠨ ᠤ ᠪᠠᠢ ᠴᠢᠶᠣᠤ ᠲᠣᠰᠬᠤᠨ ᠤ ᠠᠷᠠᠳ ᠲᠠᠢ | ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢᠦ ᠪᠢᠨ ᠰᠡᠭᠦᠳᠡᠷᠯᠡᠪᠡ | | 4 ᠰᠠᠷ᠎ᠠ ᠶᠢᠨ 10 ᠠᠴᠠ 13 ᠤ ᠡᠳᠦᠷ ᠪᠤᠯᠲᠠᠯ᠎ᠠ᠂ ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ | ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠭᠤᠸᠠᠩᠳᠦ᠋ᠩ ᠮᠤᠵᠢ ᠶᠢᠨ ᠨᠠᠮ ᠤᠨ ᠬᠤᠷᠢᠶ᠎ᠠ ᠶᠢᠨ ᠱᠦᠵᠢ | ᠬᠤᠸᠠᠩ ᠺᠦᠨ ᠮᠢᠩ ᠪᠣᠯᠣᠨ ᠮᠤᠵᠢ ᠶᠢᠨ ᠳᠠᠷᠤᠭ᠎ᠠ ᠸᠠᠩ ᠸᠧᠢ ᠵᠦᠩ ᠤᠨ ᠪᠠᠷ᠎ᠠ ᠪᠤᠯᠤᠯᠭ᠎ᠠ ᠲᠠᠢ ᠪᠠᠷ ᠤᠷᠢᠳ | ᠬᠤᠵᠢᠳ ᠵᠠᠨᠵᠢᠶᠠᠩ᠂ ᠮᠤᠤᠮᠢᠩ᠂ ᠭᠤᠸᠠᠩᠵᠧᠦ ᠵᠡᠷᠭᠡ ᠭᠠᠵᠠᠷ ᠲᠤ ᠬᠦᠷᠴᠦ᠂ ᠠᠵᠤ ᠠᠬᠤᠶᠢᠯᠠᠯ᠂ ᠭᠠᠷᠠᠮ᠂ ᠬᠥᠳᠡᠭᠡ | ᠲᠣᠰᠬᠤᠨ ᠵᠡᠷᠭᠡ ᠪᠠᠷ ᠭᠦᠨᠵᠡᠭᠡᠶᠢᠷᠡᠵᠦ ᠪᠠᠶᠢᠴᠠᠭᠠᠨ ᠰᠤᠳᠤᠯᠵᠠᠢ᠃ | 10 ᠤ ᠦᠳᠡ ᠶᠢᠨ ᠡᠮᠦᠨ᠎ᠡ᠂ ᠰᠢ ᠶᠢᠨ ᠫᠢᠩ ᠡᠩ ᠲᠡᠷᠢᠭᠦᠨ ᠳᠤ ᠵᠠᠨᠵᠢᠶᠠᠩ ᠬᠤᠲᠠ ᠶᠢᠨ ᠳ᠋ᠦᠩ ᠬᠠᠢ | ᠳ᠋ᠣᠤ ᠠᠷᠠᠯ ᠳᠤ ᠪᠠᠶᠢᠷᠢᠯᠠᠭ᠎ᠠ ᠤᠯᠤᠰ ᠤᠨ 863 ᠲᠥᠯᠥᠪᠯᠡᠭᠡ ᠶᠢᠨ ᠲᠥᠷᠥᠯ ᠵᠦᠢᠯ ᠤᠨ ᠲᠡᠯᠡᠶ ᠶᠢᠨ ᠤᠰᠤᠨ ᠳᠤ | ᠦᠷ᠎ᠡ ᠲᠡᠵᠢᠭᠡᠨ ᠦᠷᠡᠵᠢᠭᠦᠯᠭᠦ ᠢᠨᠵᠧᠨᠧᠷᠢᠩ ᠤᠨ ᠡᠮᠦᠨᠡᠲᠦ ᠣᠷᠣᠨ ᠤ ᠰᠠᠭᠤᠷᠢᠨ ᠳᠤ ᠰᠢᠨᠵᠢᠯᠡᠨ ᠪᠠᠶᠢᠴᠠᠭᠠᠪᠠ᠃ | ᠰᠢ ᠶᠢᠨ ᠫᠢᠩ ᠭᠤᠸᠠᠩᠳᠦ᠋ᠩ ᠮᠤᠵᠢ ᠶᠢᠨ ᠲᠠᠯᠠᠢ ᠲᠠᠩᠭᠢᠰ ᠤᠨ ᠵᠢᠭᠠᠰᠤᠨ ᠠᠵᠤ ᠠᠬᠤᠢ ᠶᠢᠨ ᠬᠥᠭᠵᠢᠯᠲᠡ ᠶᠢᠨ | ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠵᠢᠭᠠᠰᠤᠨ ᠠᠵᠤ ᠠᠬᠤᠢ ᠶᠢᠨ ᠰᠠᠶᠢᠨ ᠡᠭᠦᠯᠳᠡᠷ ᠤᠨ ᠦᠵᠡᠭᠦᠯᠭᠡ ᠶᠢ | ᠪᠠᠶᠢᠴᠠᠭᠠᠨ ᠦᠵᠡᠵᠦ᠂ ᠲᠤᠬᠠᠢ ᠶᠢᠨ ᠲᠠᠯᠠᠪᠠᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠪᠣᠯᠣᠨ ᠲᠡᠵᠢᠭᠡᠨ | ᠦᠷᠡᠵᠢᠭᠦᠯᠭᠦ ᠠᠵᠢᠯᠲᠠᠨ ᠠᠴᠠ ᠰᠣᠩᠭᠤᠨ ᠪᠣᠶᠢᠵᠢᠭᠤᠯᠬᠤ ᠮᠡᠷᠭᠡᠵᠢᠯ᠂ ᠦᠷ᠎ᠡ ᠶᠢᠨ ᠴᠢᠬᠢ ᠶᠢᠨ ᠤᠷᠭᠤᠴᠠ᠂ ᠵᠠᠬ᠎ᠠ | ᠳᠡᠯᠭᠡᠭᠦᠷ ᠤᠨ ᠦᠨ᠎ᠡ ᠬᠠᠩᠰᠢ ᠵᠡᠷᠭᠡ ᠶᠢ ᠯᠠᠪᠯᠠᠨ ᠠᠰᠠᠭᠤᠪᠠ᠃ ᠰᠢ ᠶᠢᠨ ᠫᠢᠩ᠂ ᠳᠤᠮᠳᠠᠳᠤ ᠤᠯᠤᠰ ᠪᠣᠯ 14 | ᠳ᠋ᠦᠩᠰᠢᠭᠤᠷ ᠭᠠᠷᠤᠢ ᠬᠥᠮᠥᠨ ᠠᠮᠠ ᠲᠠᠢ ᠲᠣᠮᠣ ᠤᠯᠤᠰ ᠪᠠᠶᠢᠵᠤ᠂ ᠪᠤᠳᠠᠭ᠎ᠠ ᠢᠳᠡᠬᠦ ᠠᠰᠠᠭᠤᠳᠠᠯ ᠢ ᠰᠠᠶᠢᠲᠤᠷ | ᠰᠢᠢᠳᠪᠦᠷᠢᠯᠡᠵᠦ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠢᠳᠡᠭᠡᠨ ᠤ ᠲᠣᠮᠣ ᠦᠵᠡᠯᠲᠡ ᠶᠢ ᠪᠤᠢ | ᠪᠤᠯᠭᠠᠵᠤ᠂ ᠡᠬᠡ ᠬᠠᠭᠤᠷᠠᠢ ᠠᠴᠠ ᠢᠳᠡᠭᠡᠨ ᠠᠪᠬᠤ ᠬᠡᠷᠡᠭᠲᠡᠢ ᠪᠥᠭᠡᠳ ᠲᠠᠯᠠᠢ ᠲᠠᠩᠭᠢᠰ ᠠᠴᠠ ᠴᠦ ᠢᠳᠡᠭᠡᠨ | ᠠᠪᠴᠤ᠂ ᠲᠠᠯᠠᠢ ᠲᠠᠩᠭᠢᠰ ᠢ ᠠᠰᠢᠭᠯᠠᠨ ᠲᠠᠷᠢᠵᠦ ᠲᠡᠵᠢᠭᠡᠬᠦ ᠦᠢᠯᠡᠰ ᠢ ᠬᠥᠭᠵᠢᠭᠦᠯᠦᠨ᠂ ᠲᠠᠯᠠᠢ ᠳᠡᠭᠡᠷᠡᠬᠢ | ᠮᠠᠯᠵᠢᠯ ᠤᠨ ᠲᠠᠯᠠᠪᠠᠢ᠂ ︽ᠲᠠᠯᠠᠢ ᠳᠡᠭᠡᠷᠡᠬᠢ ᠠᠮᠤ ᠪᠤᠳᠠᠭᠠᠨ ᠤ ᠬᠥᠮᠥᠷᠭᠡ︾ ᠶᠢ ᠪᠦᠲᠦᠭᠡᠨ ᠪᠠᠶᠢᠭᠤᠯᠬᠤ ᠬᠡᠷᠡᠭᠲᠡᠢ᠃ | ᠦᠷ᠎ᠡ ᠶᠢᠨ ᠦᠢᠯᠡᠰ ᠪᠣᠯ ᠤᠳᠤ ᠦᠶ᠎ᠡ ᠶᠢᠨ ᠲᠠᠷᠢᠶᠠᠯᠠᠩ᠂ ᠵᠢᠭᠠᠰᠤᠨ ᠠᠵᠤ ᠠᠬᠤᠢ ᠶᠢᠨ ᠬᠥᠭᠵᠢᠯᠲᠡ ᠶᠢᠨ | ᠰᠠᠭᠤᠷᠢ ᠮᠥᠨ᠂ ᠡᠨᠡ ᠬᠦ ᠠᠵᠢᠯ ᠢ ᠨᠠᠷᠢᠯᠢᠭ ᠰᠠᠶᠢᠨ ᠬᠢᠬᠦ ᠬᠡᠷᠡᠭᠲᠡᠢ᠃ ᠭᠦᠨ ᠳᠠᠯᠠᠢ ᠶᠢᠨ ᠲᠡᠵᠢᠭᠡᠨ ᠦᠷᠡᠵᠢᠭᠦᠯᠭᠦ | ᠲᠣᠨᠤᠭ ᠲᠥᠬᠦᠭᠡᠷᠦᠮᠵᠢ ᠪᠠ ᠣᠶᠤᠨᠲᠤ ᠵᠢᠭᠠᠰᠤᠨ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠳᠠᠯᠠᠢ ᠲᠠᠩᠭᠢᠰ ᠤᠨ | ᠵᠢᠭᠠᠰᠤᠨ ᠠᠵᠤ ᠠᠬᠤᠢ ᠶᠢᠨ ᠮᠡᠳᠡᠭᠡ ᠵᠠᠩᠭᠢᠵᠢᠯᠲᠠ᠂ ᠣᠶᠤᠨᠴᠢᠯᠠᠯᠲᠠ᠂ ᠣᠳᠣᠬᠢᠴᠢᠯᠠᠯᠲᠠ ᠲᠡᠶᠢᠰᠢ ᠭᠡᠯᠪᠡᠷᠢ ᠪᠠᠨ | ᠬᠤᠪᠢᠷᠠᠭᠤᠯᠤᠨ ᠳᠡᠰ ᠳᠡᠪᠰᠢᠭᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠠᠨᠵᠢᠶᠠᠩ ᠤᠨ ᠤᠯᠠᠭᠠᠨ ᠣᠶ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠣᠯ | ᠮᠠᠨ ᠤ ᠤᠯᠤᠰ ᠤᠨ ᠤᠯᠠᠭᠠᠨ ᠣᠶ ᠶᠢᠨ ᠲᠠᠯᠠᠪᠠᠶ ᠪᠠᠷ ᠬᠠᠮᠤᠭ ᠤᠨ ᠶᠡᠭᠡ᠂ ᠲᠠᠷᠬᠠᠯᠲᠠ ᠪᠠᠷ ᠬᠠᠮᠤᠭ ᠤᠨ | ᠲᠥᠪᠯᠡᠷᠡᠭᠰᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠮᠥᠨ᠃ ᠰᠢ ᠶᠢᠨ ᠫᠢᠩ ᠬᠠᠮᠠᠭᠠᠯᠠᠯᠲᠠ ᠶᠢᠨ ᠣᠷᠣᠨ ᠤ | ᠵᠡᠭᠦᠨ ᠬᠡᠰᠡᠭ ᠲᠤ ᠪᠠᠶᠢᠭ᠎ᠠ ᠮᠠ ᠵᠠᠩ ᠲᠣᠭᠤᠷᠢᠭ ᠤᠨ ᠬᠤ᠋ ᠭᠤᠸᠠᠩ ᠪᠠᠯᠭᠠᠰᠤ ᠶᠢᠨ ᠶᠢᠨ ᠨᠢᠦ ᠳ᠋ᠣᠣ ᠠᠷᠠᠯ ᠤᠯᠠᠭᠠᠨ | ᠤᠢ ᠶᠢᠨ ᠵᠠᠯᠭᠠᠯᠳᠤᠭᠰᠠᠨ ᠣᠷᠣᠨ ᠳᠤ ᠬᠦᠷᠴᠦ᠂ ᠤᠯᠠᠭᠠᠨ ᠤᠢ ᠶᠢᠨ ᠤᠷᠭᠤᠴᠠ ᠪᠠ ᠡᠷᠭᠢᠨ ᠲᠣᠭᠤᠷᠢᠨ ᠤ ᠠᠮᠢ | ᠠᠬᠤᠢ ᠣᠷᠴᠢᠨ ᠲᠣᠭᠤᠷᠢᠨ ᠢ ᠪᠠᠶᠢᠴᠠᠭᠠᠨ ᠦᠵᠡᠪᠡ᠃ ᠲᠡᠷᠡ᠂ ᠡᠨᠡ ᠬᠡᠰᠡᠭ ᠤᠯᠠᠭᠠᠨ ᠤᠢ ᠪᠣᠯ ︽ᠤᠯᠤᠰ ᠤᠨ | ᠡᠷᠳᠡᠨᠢ︾ ᠮᠥᠨ᠂ ᠨᠢᠳᠦᠨ ᠤ ᠴᠡᠴᠡᠭᠡᠢ ᠪᠠᠨ ᠬᠠᠶᠢᠷᠠᠯᠠᠬᠤ ᠰᠢᠭ᠋ ᠢᠶᠠᠷ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃ | ᠲᠠᠯᠠᠢ ᠲᠠᠩᠭᠢᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠣᠯ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠪᠦᠷᠢᠯᠳᠦᠭᠦᠨ ᠬᠡᠰᠡᠭ ᠮᠥᠨ᠃ ᠪᠣᠬᠢᠷᠳᠤᠯ ᠦᠭᠡᠢ ᠬᠥᠭᠵᠢᠯᠲᠡ ᠶᠢ | ᠪᠠᠷᠢᠮᠲᠠᠯᠠᠵᠤ᠂ ᠦᠶ᠎ᠡ ᠶᠢᠨ ᠦᠶ᠎ᠡ ᠳᠡᠭᠡᠨ ᠦᠷᠭᠦᠯᠵᠢᠯᠡᠨ ᠴᠢᠷᠮᠠᠶᠢᠵᠤ᠂ ᠤᠳᠠᠭᠠᠨ ᠳᠠᠭᠠᠭᠠᠮᠠᠭᠠᠢ ᠪᠠᠷ ᠵᠢᠳᠬᠦᠯ | ᠴᠢᠷᠮᠠᠶᠢᠯᠭ᠎ᠠ ᠭᠠᠷᠭᠠᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠵᠤ᠂ | ᠪᠥᠮᠪᠥᠷᠴᠡᠭ ᠤᠨ ᠲᠣᠰᠬᠤᠨ ᠢ ᠰᠠᠶᠢᠲᠤᠷ ᠬᠠᠮᠠᠭᠠᠯᠠᠬᠤ ᠳᠤ ᠳᠤᠮᠳᠠᠳᠤ ᠤᠯᠤᠰ ᠤᠨ ᠬᠤᠪᠢ ᠨᠡᠮᠡᠷᠢ ᠪᠠᠨ ᠦᠵᠡᠭᠦᠯᠭᠦ | ᠬᠡᠷᠡᠭᠲᠡᠢ ᠭᠡᠵᠦ ᠴᠢᠬᠤᠯᠠᠴᠢᠯᠠᠪᠠ᠃ | 10 ᠤ ᠦᠳᠡ ᠶᠢᠨ ᠬᠤᠶᠢᠨ᠎ᠠ᠂ ᠰᠢ ᠶᠢᠨ ᠫᠢᠩ ᠵᠠᠨᠵᠢᠶᠠᠩ ᠬᠤᠳᠠ ᠶᠢᠨ ᠰᠢᠦᠢ ᠸᠧᠨ ᠰᠢᠶᠠᠨ ᠳᠤ | ᠬᠦᠷᠴᠦ᠂ ᠰᠢᠦᠢ ᠸᠧᠨ ᠭᠠᠷᠠᠮ ᠳᠤ ᠰᠢᠨᠵᠢᠯᠡᠨ ᠪᠠᠶᠢᠴᠠᠭᠠᠪᠠ᠃ ᠰᠢᠦᠢ ᠸᠧᠨ ᠭᠠᠷᠠᠮ ᠤᠨ ᠲᠦᠷᠦᠯ ᠵᠦᠢᠯ ᠪᠣᠯ | ᠭᠤᠸᠠᠩᠳᠦ᠋ᠩ ᠪᠣᠯᠣᠨ ᠬᠠᠶᠢᠨᠠᠨ ᠤ ᠢᠵᠢᠯᠢ ᠴᠢᠭᠯᠡᠯ ᠢᠶᠠᠷ ᠤᠷᠤᠭᠰᠢᠯᠠᠬᠤ ︽ᠲᠡᠷᠢᠭᠦᠨ ᠴᠢᠬᠤᠯᠠ ᠢᠨᠵᠧᠨᠧᠷᠢᠩ︾ | ᠪᠣᠯᠣᠨ᠎ᠠ᠃ ᠭᠠᠷᠠᠮ ᠤᠨ ᠲᠤᠰᠬᠠᠢ ᠭᠠᠷᠠᠮ ᠳᠤ᠂ ᠰᠢ ᠶᠢᠨ ᠫᠢᠩ ᠰᠢᠦᠢ ᠸᠧᠨ ᠭᠠᠷᠠᠮ ᠤᠨ ᠪᠦᠭᠦ ᠪᠠᠶᠢᠳᠠᠯ ᠢ | ᠪᠠᠶᠢᠴᠠᠭᠠᠨ ᠦᠵᠡᠵᠦ᠂ ᠭᠤᠸᠠᠩᠳᠦ᠋ᠩ ᠮᠤᠵᠢ ᠶᠢᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ | ᠬᠤᠯᠪᠣᠯᠳᠤᠨ ᠨᠡᠪᠲᠡᠷᠡᠯᠴᠡᠬᠦ ᠲᠦᠪᠰᠢᠨ ᠢ ᠳᠡᠭᠡᠭᠰᠢᠯᠡᠭᠦᠯᠭᠦ᠂ ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ ᠤᠨ | ᠪᠦᠲᠦᠭᠡᠨ ᠪᠠᠶᠢᠭᠤᠯᠤᠯᠲᠠ ᠲᠠᠢ ᠵᠣᠯᠭᠠᠭᠤᠯᠬᠤ ᠵᠡᠷᠭᠡ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠳᠠᠷᠠᠭ᠎ᠠ | ᠨᠢ᠂ ᠰᠢ ᠶᠢᠨ ᠫᠢᠩ ᠣᠩᠭᠤᠴᠠᠨ ᠤ ᠵᠣᠭᠰᠣᠭᠠᠯ ᠤᠨ ᠭᠠᠷᠠᠮ ᠳᠤ ᠬᠦᠷᠴᠦ᠂ ᠣᠩᠭᠤᠴᠠ ᠵᠣᠬᠰᠣᠬᠤ᠂ | ᠠᠶᠠᠨᠴᠢᠳ ᠤᠨ ᠵᠥᠭᠡᠭᠡᠪᠦᠷᠢ ᠶᠢ ᠰᠣᠯᠢᠵᠤ ᠲᠤᠰᠬᠤ ᠵᠡᠷᠭᠡ ᠠᠵᠢᠯ ᠢ ᠪᠠᠶᠢᠴᠠᠭᠠᠨ ᠦᠵᠡᠪᠡ᠃ ᠣᠩᠭᠤᠴᠠᠨ | ᠳᠡᠭᠡᠷᠡᠬᠢ ᠠᠶᠠᠨᠴᠢᠳ ᠶᠡᠷᠦᠩᠬᠡᠢ ᠱᠦᠵᠢ ᠶᠢ ᠬᠠᠷᠠᠭᠠᠳ᠂ ᠶᠡᠷᠦᠩᠬᠡᠢ ᠱᠦᠵᠢ ᠶᠢᠨ ᠠᠮᠤᠷ ᠢ ᠠᠰᠠᠭᠤᠵᠤ ᠪᠠᠶᠢᠯ᠎ᠠ᠂ | ᠰᠢ ᠶᠢᠨ ᠫᠢᠩ ᠤᠯᠠᠨ ᠤ ᠵᠦᠭ ᠭᠠᠷ ᠳᠠᠯᠠᠯᠤᠨ ᠮᠡᠨᠳᠦᠴᠢᠯᠡᠵᠦ᠂ ᠳᠡᠳᠡᠨ ᠤ ᠠᠯᠢᠪᠠ ᠪᠦᠭᠦᠨ ᠥᠭᠡᠳᠡ ᠡᠰᠡᠷᠡᠭ | ᠪᠠᠶᠢᠬᠤ ᠶᠢ ᠬᠦᠰᠡᠨ ᠵᠥᠩᠨᠡᠪᠡ᠃ ᠰᠢ ᠶᠢᠨ ᠫᠢᠩ᠂ ᠴᠢᠶᠦ᠋ᠩᠵᠸᠤ ᠲᠠᠯᠠᠢ ᠶᠢᠨ ᠬᠤᠭᠤᠯᠠᠢ ᠪᠣᠯ ᠤᠯᠤᠰ ᠤᠨ | ᠡᠮᠦᠨᠡᠲᠦ ᠲᠠᠩᠭᠢᠰ ᠢ ᠭᠠᠲᠤᠯᠬᠤ ᠪᠠᠶᠢᠯᠳᠤᠬᠤ ᠪᠣᠳᠣᠯᠭ᠎ᠠ ᠶᠢᠨ ᠵᠠᠮ ᠪᠤᠯᠬᠤ ᠪᠥᠭᠡᠳ ᠬᠠᠶᠢᠨᠠᠨ ᠤ ᠴᠢᠯᠦᠭᠡᠲᠦ | ᠠᠷᠠᠯᠵᠢᠶᠠᠨ ᠤ ᠭᠠᠷᠠᠮ ᠤᠨ ᠪᠦᠲᠦᠭᠡᠨ ᠪᠠᠶᠢᠭᠤᠯᠤᠯᠲᠠ ᠪᠣᠯᠣᠨ ᠬᠥᠭᠵᠢᠯᠲᠡ ᠶᠢᠨ ᠪᠠᠭᠠᠯᠵᠤᠤᠷ ᠭᠤᠣᠯ ᠵᠠᠮ ᠪᠣᠯᠣᠨ᠎ᠠ | ᠂ ︽ᠰᠢᠵᠢᠷ ᠠᠯᠳᠠᠨ ᠤᠰᠤᠨ ᠵᠠᠮ︾ ᠪᠣᠯᠣᠨ ᠠᠶᠠᠨᠴᠢᠳ ᠤᠨ ᠵᠥᠭᠡᠭᠡᠪᠦᠷᠢ ᠶᠢᠨ ᠬᠠᠮᠤᠭ ᠤᠨ ᠰᠠᠶᠢᠨ ᠵᠠᠮ ᠪᠤᠯᠬᠤ | ᠡᠨᠡ ᠬᠦ ᠶᠡᠭᠡ ᠶᠠᠪᠤᠳᠠᠯ ᠢ ᠰᠠᠶᠢᠲᠤᠷ ᠬᠢᠵᠦ᠂ ᠰᠢᠦᠢ ᠸᠧᠨ ᠭᠠᠷᠠᠮ ᠢ ᠭᠤᠸᠠᠩᠳᠦ᠋ᠩ ᠰᠢᠶᠠᠩᠭᠠᠩ ᠣᠣᠮᠧᠨ ᠤ ᠲᠣᠮᠣ | ᠪᠤᠯᠤᠩ ᠤᠨ ᠣᠷᠣᠨ ᠪᠣᠯᠣᠨ ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ ᠢ ᠬᠤᠯᠪᠣᠭᠰᠠᠨ ᠣᠳᠣᠬᠢᠴᠢᠯᠠᠭᠰᠠᠨ | ᠤᠰᠤ ᠬᠠᠭᠤᠷᠠᠢ ᠶᠢᠨ ᠵᠠᠮ ᠲᠡᠭᠡᠭᠡᠪᠦᠷᠢ ᠶᠢᠨ ᠶᠡᠷᠦᠩᠬᠡᠶᠢᠯᠡᠭᠰᠡᠨ ᠬᠦᠢᠰᠦ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ | ᠭᠡᠵᠦ ᠵᠢᠭᠠᠵᠤ ᠭᠠᠷᠭᠠᠪᠠ᠃ | ᠰᠢᠦᠢ ᠸᠧᠨ ᠭᠠᠷᠠᠮ ᠠᠴᠠ ᠭᠠᠷᠴᠤ᠂ ᠰᠢ ᠶᠢᠨ ᠫᠢᠩ ᠪᠧᠢ ᠪᠦ᠋ ᠸᠠᠨ ᠪᠤᠯᠤᠩ ᠢ ᠲᠣᠭᠤᠷᠢᠭᠰᠠᠨ | ᠭᠤᠸᠠᠩᠳᠦ᠋ᠩ ᠤᠨ ᠤᠰᠤᠨ ᠤ ᠡᠬᠢ ᠪᠠᠶᠠᠯᠢᠭ ᠢ ᠲᠣᠬᠢᠷᠠᠭᠤᠯᠬᠤ ᠢᠨᠵᠧᠨᠧᠷᠢᠩ ᠤᠨ ᠡᠮᠦᠨᠡᠰᠢ ᠤᠰᠤ ᠳᠠᠮᠵᠢᠭᠤᠯᠬᠤ | ᠠᠭᠤᠯᠵᠠᠷ ᠦᠷᠲᠡᠭᠡ - ᠰᠢᠦᠢ ᠸᠧᠨ ᠰᠢᠶᠠᠨ ᠤ ᠳ᠋ᠠ ᠱᠦᠢ ᠴᠢᠶᠣᠤ ᠤᠰᠤᠨ ᠴᠥᠭᠦᠷᠥᠮ ᠳᠤ ᠬᠦᠷᠴᠦ᠂ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ᠂ ᠠᠵᠢᠯᠯᠠᠭᠠᠨ ᠪᠠ ᠦᠷᠭᠦᠯᠵᠢᠯᠡᠬᠦ ᠢᠨᠵᠧᠨᠧᠷᠢᠩ ᠤᠨ | ᠲᠥᠯᠦᠪᠵᠢᠭᠦᠯᠭᠡ ᠵᠡᠷᠭᠡ ᠪᠠᠶᠢᠳᠠᠯ ᠢ ᠣᠶᠢᠯᠠᠭᠠᠪᠠ᠃ ᠠᠵᠢᠯᠲᠠᠳ ᠶᠡᠷᠦᠩᠬᠡᠢ ᠱᠦᠵᠢ ᠳᠤ ᠤᠰᠤᠨ ᠤ ᠶᠠᠩᠵᠤ ᠪᠣᠯᠣᠨ | ᠬᠢᠨᠠᠨ ᠭᠡᠮᠵᠢᠭᠦ ᠲᠥᠬᠦᠭᠡᠷᠦᠮᠵᠢ ᠶᠢ ᠳᠡᠯᠭᠡᠨ ᠦᠵᠡᠭᠦᠯᠵᠦ᠂ ᠲᠤᠬᠠᠢ ᠶᠢᠨ ᠭᠠᠵᠠᠷ ᠤᠨ ᠡᠷᠭᠢᠨ ᠲᠣᠭᠤᠷᠢᠨ ᠤ ᠠᠮᠢ | ᠠᠬᠤᠢ ᠶᠢᠨ ᠬᠠᠮᠠᠭᠠᠯᠠᠯᠲᠠ ᠶᠢ ᠴᠢᠩᠭᠠᠳᠬᠠᠭᠰᠠᠨ ᠵᠡᠷᠭᠡ ᠪᠠᠶᠢᠳᠠᠯ ᠢᠶᠠᠨ ᠬᠠᠷᠢᠭᠤ ᠮᠡᠳᠡᠭᠦᠯᠪᠡ᠃ ᠰᠢ ᠶᠢᠨ ᠫᠢᠩ᠂ | ᠮᠠᠨ ᠤ ᠤᠯᠤᠰ ᠲᠤ ᠤᠰᠤ ᠲᠤᠲᠠᠭᠳᠠᠵᠤ ᠪᠠᠶᠢᠬᠤ ᠪᠥᠭᠡᠳ ᠤᠰᠤᠨ ᠤ ᠡᠬᠢ ᠪᠠᠶᠠᠯᠢᠭ ᠤᠨ ᠲᠠᠷᠬᠠᠯᠲᠠ ᠮᠠᠰᠢ | ᠲᠡᠩᠴᠡᠭᠦᠷᠢ ᠦᠭᠡᠢ ᠪᠠᠶᠢᠨ᠎ᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ | ᠤᠰᠤᠨ ᠤ ᠡᠬᠢ ᠪᠠᠶᠠᠯᠢᠭ ᠤᠨ ᠠᠰᠠᠭᠤᠳᠠᠯ ᠢ ᠪᠣᠳᠣᠯᠬᠢᠯᠠᠵᠤ᠂ ᠤᠰᠤ ᠪᠠᠷ ᠬᠤᠲᠠ ᠶᠢ ᠲᠣᠭᠲᠠᠭᠠᠵᠤ᠂ ᠤᠰᠤ ᠪᠠᠷ | ᠭᠠᠵᠠᠷ ᠢ ᠲᠣᠭᠲᠠᠭᠠᠵᠤ᠂ ᠤᠰᠤ ᠪᠠᠷ ᠬᠥᠮᠥᠨ ᠢ ᠲᠣᠭᠲᠠᠭᠠᠵᠤ᠂ ᠤᠰᠤ ᠪᠠᠷ ᠭᠠᠷᠤᠯᠲᠠ ᠶᠢ ᠲᠣᠭᠲᠠᠭᠠᠵᠤ᠂ ᠤᠰᠤ | ᠠᠷᠪᠢᠯᠠᠬᠤ ᠠᠵᠤ ᠦᠢᠯᠡᠰ ᠢ ᠬᠥᠭᠵᠢᠭᠦᠯᠬᠦ ᠬᠡᠷᠡᠭᠲᠡᠢ᠃ ᠭᠤᠸᠠᠩᠳᠦ᠋ᠩ ᠮᠤᠵᠢ ᠶᠢᠨ ᠬᠢᠨ ᠤᠰᠤᠨ ᠤ ᠡᠬᠢ | ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠶᠢ ᠰᠠᠶᠢᠲᠤᠷ ᠠᠳᠬᠤᠵᠤ᠂ ᠤᠰᠤᠨ ᠤ ᠡᠬᠢ ᠪᠠᠶᠠᠯᠢᠭ ᠤᠨ | ᠲᠣᠬᠢᠷᠠᠭᠤᠯᠤᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢ | ᠲᠦᠷᠭᠡᠳᠬᠡᠵᠦ᠂ ᠣᠷᠣᠨ ᠪᠦᠰᠡ ᠶᠢᠨ ᠬᠥᠭᠵᠢᠯᠲᠡ ᠲᠡᠩᠴᠡᠭᠦᠷᠢ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢ | ᠠᠬᠢᠭᠤᠯᠵᠤ᠂ ᠥᠷᠭᠡᠨ ᠣᠯᠠᠨ ᠠᠷᠠᠳ ᠲᠦᠮᠡᠨ ᠳᠤ ᠡᠷᠲᠡᠬᠡᠨ ᠪᠤᠶᠠᠨ ᠦᠶᠯᠡᠳᠭᠦ ᠬᠡᠷᠡᠭᠲᠡᠢ ᠭᠡᠵᠦ ᠵᠢᠭᠠᠵᠤ | ᠭᠠᠷᠭᠠᠪᠠ᠃ | ᠰᠢ ᠶᠢᠨ ᠫᠢᠩ 11 ᠤ ᠡᠳᠦᠷ ᠮᠤᠤᠮᠢᠩ ᠤᠨ ᠭᠤᠤᠵᠸᠦ ᠬᠤᠳᠠ ᠶᠢᠨ ᠭᠧᠨ ᠽᠢ ᠪᠠᠯᠭᠠᠰᠤᠨ ᠤ ᠪᠠᠢ | ᠴᠢᠶᠣᠤ ᠲᠣᠰᠬᠤᠨ ᠳᠤ ᠰᠢᠨᠵᠢᠯᠡᠨ ᠪᠠᠶᠢᠴᠠᠭᠠᠪᠠ᠃ ᠪᠠᠢ ᠴᠢᠶᠣᠤ ᠲᠣᠰᠬᠤᠨ ᠪᠠᠷᠤᠭ 6800 ᠮᠦ ᠪᠡᠷᠴᠢᠭᠢᠷ | ᠯᠣᠣ ᠶᠢᠨ ᠨᠢᠳᠦ ᠲᠠᠷᠢᠵᠦ᠂ ᠪᠡᠷᠴᠢᠭᠢᠷ ᠯᠣᠣ ᠶᠢᠨ ᠨᠢᠳᠦ ᠦᠢᠯᠡᠳᠪᠦᠷᠢᠯᠡᠬᠦ ᠲᠤᠰᠬᠠᠢ ᠲᠣᠰᠬᠤᠨ ᠪᠣᠯᠣᠨ᠎ᠠ᠃ ᠰᠢ | ᠶᠢᠨ ᠫᠢᠩ ᠪᠡᠷᠴᠢᠭᠢᠷ ᠯᠣᠣ ᠶᠢᠨ ᠨᠢᠳᠦ ᠶᠢᠨ ᠲᠠᠷᠢᠮᠠᠯ ᠤᠨ ᠬᠦᠷᠢᠶᠡᠯᠡᠩ ᠳᠤ ᠬᠦᠷᠴᠦ᠂ ᠲᠤᠬᠠᠢ ᠶᠢᠨ ᠭᠠᠵᠠᠷ ᠤᠨ | ᠣᠨᠴᠠᠯᠢᠭᠲᠤ ᠲᠠᠷᠢᠮᠠᠯ ᠤᠨ ᠠᠵᠤ ᠦᠢᠯᠡᠰ ᠪᠣᠯᠣᠨ ᠰᠣᠶᠣᠯ ᠵᠢᠭᠤᠯᠴᠢᠯᠠᠯ ᠤᠨ ᠠᠵᠤ ᠦᠢᠯᠡᠰ ᠢ ᠬᠥᠭᠵᠢᠭᠦᠯᠵᠦ | ᠪᠠᠶᠢᠭ᠎ᠠ ᠵᠡᠷᠭᠡ ᠪᠠᠶᠢᠳᠠᠯ ᠢ ᠣᠶᠢᠯᠠᠭᠠᠭᠰᠠᠨ ᠪᠥᠭᠡᠳ ᠲᠤᠬᠠᠢ ᠶᠢᠨ ᠲᠠᠯᠠᠪᠠᠶ ᠶᠢᠨ ᠮᠡᠷᠭᠡᠵᠢᠯᠲᠡᠨ ᠲᠠᠢ ᠳᠣᠲᠣᠨᠣ ᠪᠠᠷ | ᠶᠠᠷᠢᠯᠴᠠᠪᠠ᠃ ᠲᠠᠷᠠᠭ᠎ᠠ ᠨᠢ᠂ ᠰᠢ ᠶᠢᠨ ᠫᠢᠩ ᠪᠠᠢ ᠴᠢᠶᠣᠤ ᠶᠢᠨ ᠯᠣᠣ ᠶᠢᠨ ᠨᠢᠳᠦ ᠪᠡᠷᠴᠢᠭᠢᠷ ᠯᠣᠣ ᠶᠢᠨ ᠨᠢᠳᠦ ᠶᠢᠨ | ᠲᠤᠰᠬᠠᠢ ᠬᠤᠷᠰᠢᠶ᠎ᠠ ᠳᠤ ᠬᠦᠷᠴᠦ᠂ ᠬᠤᠷᠰᠢᠶ᠎ᠠ ᠶᠢᠨ ᠡᠵᠡᠩᠨᠡᠯᠲᠡ ᠪᠣᠯᠣᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠵᠤ ᠪᠠᠶᠢᠭ᠎ᠠ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃ ᠰᠢ ᠶᠢᠨ ᠫᠢᠩ᠂ | ᠡᠨᠡ ᠪᠣᠯ ᠪᠡᠷᠴᠢᠭᠢᠷ ᠯᠣᠣ ᠶᠢᠨ ᠨᠢᠳᠦᠨ ᠤ ᠨᠤᠲᠤᠭ᠂ ᠪᠡᠷᠴᠢᠭᠢᠷ ᠯᠣᠣ ᠶᠢᠨ ᠨᠢᠳᠦᠨ ᠤ ᠲᠠᠷᠢᠮᠠᠯ ᠨᠢ ᠲᠡᠦᠬᠡ ᠶᠢᠨ | ᠤᠯᠠᠮᠵᠢᠯᠠᠯ ᠪᠠ ᠰᠣᠶᠣᠯ ᠤᠨ ᠠᠭᠤᠯᠤᠭᠳᠠᠬᠤᠨ ᠲᠠᠢ᠂ ᠣᠨᠴᠠᠯᠢᠭ ᠢᠶᠠᠷ ᠢᠯᠡ ᠲᠣᠳᠣ᠂ ᠳᠠᠪᠠᠭᠤᠯᠢᠭ ᠢᠶᠠᠷ ᠢᠯᠡᠷᠬᠡᠢ᠂ | ᠵᠠᠬ᠎ᠠ ᠳᠡᠯᠭᠡᠭᠦᠷ ᠤᠨ ᠣᠷᠣᠨ ᠵᠠᠢ ᠪᠠᠷ ᠥᠷᠭᠡᠨ ᠠᠭᠤᠳᠠᠮ ᠪᠠᠶᠢᠵᠤ᠂ ᠳᠠᠷᠢᠬᠤ᠂ ᠰᠣᠷᠭᠤᠭ ᠪᠠᠶᠢᠯᠭᠠᠬᠤ᠂ | ᠡᠳ᠋ᠰᠢᠭᠦᠯᠭᠦ ᠵᠡᠷᠭᠡ ᠮᠡᠷᠭᠡᠵᠢᠯ ᠢ ᠴᠢᠨᠠᠭᠰᠢᠳᠠ ᠳᠡᠭᠡᠭᠰᠢᠯᠡᠭᠦᠯᠵᠦ᠂ ᠪᠡᠷᠴᠢᠭᠢᠷ ᠯᠣᠣ ᠶᠢᠨ ᠨᠢᠳᠦᠨ ᠤ ᠣᠨᠴᠠᠯᠢᠭᠲᠤ | ᠠᠵᠤ ᠦᠢᠯᠡᠰ ᠪᠠ ᠣᠨᠴᠠᠯᠢᠭᠲᠤ ᠰᠣᠶᠣᠯ ᠵᠢᠭᠤᠯᠴᠢᠯᠠᠯ ᠢ ᠨᠠᠩ ᠰᠠᠶᠢᠲᠤᠷ ᠬᠥᠭᠵᠢᠭᠦᠯᠬᠦ ᠬᠡᠷᠡᠭᠲᠡᠢ ᠭᠡᠵᠦ ᠵᠢᠭᠠᠵᠤ | ᠭᠠᠷᠭᠠᠪᠠ᠃ | ᠠᠶᠠᠷᠯᠠᠬᠤ ᠦᠶ᠎ᠡ ᠳᠤ᠂ ᠲᠣᠰᠬᠤᠨ ᠤ ᠠᠷᠠᠳ ᠥᠨᠳᠥᠷ ᠲᠠᠭᠤᠨ ᠢᠶᠠᠷ ︽ᠶᠡᠷᠦᠩᠬᠡᠢ ᠱᠦᠵᠢ ᠰᠠᠶᠢᠨ | ᠪᠠᠶᠢᠨ᠎ᠠ ᠦᠦ︾᠂ ︽ᠶᠡᠷᠦᠩᠬᠡᠢ ᠱᠦᠵᠢ ᠵᠦᠳᠡᠷᠡᠯ᠎ᠡ︾ ᠭᠡᠵᠦ ᠤᠤᠬᠠᠶᠢᠯᠠᠨ ᠬᠠᠰᠬᠢᠷᠪᠠ᠃ ᠰᠢ ᠶᠢᠨ ᠫᠢᠩ᠂ ᠡᠨᠡ | ᠪᠣᠯ ᠮᠢᠨᠤ ᠠᠩᠬ᠎ᠠ ᠤᠳᠠᠭ᠎ᠠ ᠭᠤᠸᠠᠩᠳᠦ᠋ᠩ ᠤᠨ ᠪᠠᠷᠠᠭᠤᠨ ᠬᠡᠰᠡᠭ ᠲᠤ ᠬᠦᠷᠴᠦ ᠪᠠᠶᠢᠭ᠎ᠠ ᠶᠠᠪᠤᠳᠠᠯ ᠪᠣᠯᠣᠨ᠎ᠠ᠂ | ᠨᠤᠲᠤᠭ ᠤᠨ ᠠᠬ᠎ᠠ ᠳᠡᠭᠦᠦ ᠨᠠᠷ ᠪᠡᠷᠴᠢᠭᠢᠷ ᠯᠣᠣ ᠶᠢᠨ ᠨᠢᠳᠦ ᠵᠡᠷᠭᠡ ᠣᠨᠴᠠᠯᠢᠭᠲᠤ ᠲᠠᠷᠢᠮᠠᠯ ᠤᠨ ᠦᠢᠯᠡᠰ ᠢ | ᠬᠥᠭᠵᠢᠭᠦᠯᠬᠦ ᠪᠠᠷ ᠲᠠᠮᠵᠢᠨ ᠪᠠᠶᠠᠨ ᠴᠢᠨᠡᠭᠡᠯᠢᠭ ᠠᠮᠢᠳᠤᠷᠠᠯ ᠲᠠᠢ ᠪᠣᠯᠤᠭᠰᠠᠨ ᠢ ᠦᠵᠡᠭᠡᠳ ᠪᠢ ᠮᠠᠰᠢ ᠪᠠᠶᠠᠷᠯᠠᠵᠤ | ᠪᠠᠶᠢᠨ᠎ᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠵᠤ᠂ ᠬᠤᠲᠠ ᠬᠥᠳᠡᠭᠡ ᠣᠷᠣᠨ | ᠪᠦᠰᠡ ᠶᠢᠨ ᠬᠥᠭᠵᠢᠯᠲᠡ ᠲᠡᠩᠴᠡᠭᠦᠷᠢ ᠦᠭᠡᠢ ᠪᠠᠶᠢᠬᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ | ᠬᠠᠮᠲᠤ ᠪᠠᠷ ᠪᠠᠶᠠᠵᠢᠬᠤ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠰᠡᠭᠦᠯᠡᠷ ᠪᠠᠶᠠᠵᠢᠬᠤ ᠶᠢ ᠬᠠᠪᠰᠤᠷᠤᠨ ᠲᠡᠳᠭᠦᠭᠦ ᠪᠠᠨ | ᠴᠢᠩᠭᠠᠳᠬᠠᠵᠤ᠂ ᠨᠤᠲᠤᠭ ᠤᠨ ᠰᠤᠷᠲᠠᠯ ᠪᠣᠯᠪᠠᠰᠤᠨ ᠢ ᠠᠬᠢᠭᠤᠯᠵᠤ᠂ ᠬᠥᠳᠡᠭᠡ ᠲᠣᠰᠬᠤᠨ ᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠪᠠ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠶᠢ ᠴᠢᠩᠭᠠᠳᠬᠠᠵᠤ᠂ | ᠤᠯᠠᠨ ᠤ ᠠᠮᠢᠳᠤᠷᠠᠯ ᠢ ᠵᠢᠯ ᠠᠴᠠ ᠵᠢᠯ ᠰᠠᠶᠢᠵᠢᠷᠠᠭᠤᠯᠬᠤ ᠬᠡᠷᠡᠭᠲᠡᠢ ᠭᠡᠵᠦ ᠬᠡᠯᠡᠪᠡ᠃ | ᠰᠢ ᠶᠢᠨ ᠫᠢᠩ 12 ᠤᠨ ᠡᠳᠦᠷ ᠭᠤᠸᠠᠩᠵᠧᠦ ᠬᠤᠳᠠ ᠳᠤ ᠰᠢᠨᠵᠢᠯᠡᠨ ᠪᠠᠶᠢᠴᠠᠭᠠᠪᠠ᠃ ᠲᠤᠰ ᠡᠳᠦᠷ ᠤᠨ | ᠦᠳᠡ ᠶᠢᠨ ᠬᠤᠶᠢᠨ᠎ᠠ᠂ ᠲᠡᠷᠡ ᠡᠩ ᠲᠡᠷᠢᠭᠦᠨ ᠳᠤ ᠯᠧ ᠶᠢᠨ ᠳᠡᠯᠭᠡᠴᠡ ᠶᠢᠨ ᠺᠤᠮᠫᠠᠨᠢ ᠶᠢᠨ ᠭᠤᠸᠠᠩᠵᠧᠦ ᠳᠠᠬᠢ | ᠦᠢᠯᠡᠳᠭᠦ ᠰᠠᠭᠤᠷᠢᠨ ᠳᠤ ᠭᠦᠷᠪᠡ᠃ ᠭᠤᠸᠠᠩᠳᠦ᠋ᠩ ᠮᠤᠵᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ | ᠨᠥᠬᠦᠳ ᠪᠦᠭᠦ ᠮᠤᠵᠢ ᠶᠢᠨ ᠣᠶᠢᠷ᠎ᠠ ᠶᠢᠨ ᠵᠢᠯ ᠤᠨ ᠲᠤᠷᠰᠢᠬᠢ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ | ᠵᠠᠬ᠎ᠠ ᠳᠡᠯᠭᠡᠭᠦᠷ ᠬᠤᠶᠠᠷ ᠵᠦᠢᠯ ᠤᠨ ᠡᠬᠢ ᠪᠠᠶᠠᠯᠢᠭ ᠤᠨ ᠬᠤᠯᠪᠤᠭᠠᠯᠠᠨ ᠬᠥᠳᠡᠯᠦᠯᠴᠡᠬᠦ ᠦᠢᠯᠡᠳᠦᠯ ᠢ ᠴᠢᠩᠭᠠᠳᠬᠠᠬᠤ | ᠂ ᠠᠷᠠᠯᠵᠢᠶᠠᠨ ᠤ ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠶᠠᠰᠤ ᠴᠢᠨᠠᠷ ᠪᠣᠯᠣᠨ ᠬᠢᠷᠢ ᠲᠦᠪᠰᠢᠨ ᠢ | ᠳᠡᠭᠡᠭᠰᠢᠯᠡᠭᠦᠯᠭᠦ ᠵᠡᠷᠭᠡ ᠲᠠᠯ᠎ᠠ ᠶᠢᠨ ᠠᠷᠭ᠎ᠠ ᠪᠣᠯᠣᠨ ᠦᠷ᠎ᠡ ᠪᠦᠲᠦᠮᠵᠢ ᠶᠢ ᠲᠠᠨᠢᠯᠴᠠᠭᠤᠯᠪᠠ᠃ ᠰᠢ ᠶᠢᠨ ᠫᠢᠩ | ᠦᠢᠯᠡᠳᠬᠦᠨ ᠤ ᠦᠵᠡᠭᠦᠯᠭᠡ ᠪᠣᠯᠣᠨ ᠦᠢᠯᠡᠳᠪᠦᠷᠢᠯᠡᠵᠦ ᠤᠭᠰᠠᠷᠠᠬᠤ ᠶᠠᠪᠤᠴᠠ ᠶᠢ ᠪᠠᠶᠢᠴᠠᠭᠠᠨ ᠦᠵᠡᠵᠦ᠂ ᠠᠵᠤ | ᠠᠬᠤᠶᠢᠯᠠᠯ ᠤᠨ ᠬᠥᠭᠵᠢᠯᠲᠡ ᠶᠢᠨ ᠣᠯᠣᠭᠰᠠᠨ ᠠᠮᠵᠢᠯᠲᠠ ᠪᠦᠲᠦᠮᠵᠢ ᠶᠢ ᠮᠠᠭᠲᠠᠨ ᠰᠠᠶᠢᠰᠢᠶᠠᠵᠤ ᠪᠠᠶᠢᠬᠤ ᠪᠠᠨ | ᠢᠯᠡᠳᠬᠡᠪᠡ᠃ ᠰᠢ ᠶᠢᠨ ᠫᠢᠩ᠂ ᠪᠦᠭᠦ ᠪᠥᠮᠪᠥᠷᠴᠡᠭ ᠤᠨ ᠠᠵᠤ ᠠᠬᠤᠢ ᠶᠢᠨ ᠨᠡᠮᠡᠭᠳᠡᠯ ᠬᠦᠴᠦᠨ ᠮᠡᠬᠦᠰᠳᠡᠵᠦ | ᠪᠠᠶᠢᠭ᠎ᠠ ᠪᠠᠶᠢᠳᠠᠯ ᠳᠣᠣᠷ᠎ᠠ᠂ ᠳᠤᠮᠳᠠᠳᠤ ᠤᠯᠤᠰ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠵᠤ᠂ | ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠤᠨ ᠪᠠᠶᠢᠭᠤᠯᠤᠯᠲᠠ ᠶᠢ ᠴᠢᠩᠭᠠᠳᠬᠠᠪᠠᠯ ᠵᠠᠬ᠎ᠠ ᠳᠡᠯᠭᠡᠭᠦᠷ ᠤᠨ | ᠳᠠᠪᠠᠭᠤᠯᠢᠭ ᠨᠡᠩ ᠢᠯᠡᠷᠬᠡᠢ ᠪᠣᠯᠣᠨ᠎ᠠ᠃ ᠭᠠᠳᠠᠭᠠᠳᠤ ᠶᠢᠨ ᠪᠡᠯᠡ ᠣᠷᠣᠭᠤᠯᠤᠭᠴᠢᠳ ᠠᠵᠠ ᠲᠣᠭᠢᠶᠠᠯ ᠢ ᠠᠮᠵᠢᠵᠤ᠂ | ᠳᠤᠮᠳᠠᠳᠤ ᠤᠯᠤᠰ ᠲᠤ ᠢᠷᠡᠵᠦ᠂ ᠭᠤᠸᠠᠩᠳᠦ᠋ᠩ ᠳᠤ ᠢᠷᠡᠵᠦ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ | ᠪᠤᠯᠤᠩ ᠤᠨ ᠣᠷᠣᠨ ᠳᠤ ᠢᠷᠡᠵᠦ᠂ ᠳᠤᠮᠳᠠᠳᠤ ᠤᠯᠤᠰ ᠤᠨ ᠵᠠᠬ᠎ᠠ ᠳᠡᠯᠭᠡᠭᠦᠷ ᠢ ᠰᠠᠶᠢᠲᠤᠷ ᠬᠥᠭᠵᠢᠭᠦᠯᠵᠦ᠂ ᠠᠵᠤ | ᠠᠬᠤᠶᠢᠯᠠᠯ ᠤᠨ ᠬᠥᠭᠵᠢᠯᠲᠡ ᠶᠢᠨ ᠰᠢᠨ᠎ᠡ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ ᠶᠢ ᠡᠭᠦᠳᠭᠦ ᠶᠢ ᠬᠦᠰᠡᠵᠦ | ᠪᠠᠶᠢᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ ᠳᠠᠷᠠᠭ᠎ᠠ ᠨᠢ ᠭᠤᠸᠠᠩᠵᠧᠦ ᠶᠢᠨ ᠮᠠᠰᠢᠨ ᠲᠡᠷᠭᠡᠨ ᠤ ᠺᠤᠮᠫᠠᠨᠢ ᠶᠢᠨ ᠠᠢ ᠠᠨ ᠰᠢᠨ᠎ᠡ | ᠡᠨᠧᠷᠭᠢ ᠶᠢᠨ ᠮᠠᠰᠢᠨ ᠲᠡᠷᠭᠡᠨ ᠤ ᠬᠤᠪᠢᠴᠠᠭᠠᠳᠤ ᠬᠢᠵᠠᠭᠠᠷᠲᠤ ᠺᠤᠮᠫᠠᠨᠢ ᠳᠤ ᠰᠢᠨᠵᠢᠯᠡᠨ ᠪᠠᠶᠢᠴᠠᠭᠠᠪᠠ᠃ ᠲᠡᠷᠡ ᠠᠵᠤ | ᠠᠬᠤᠶᠢᠯᠠᠯ ᠤᠨ ᠦᠵᠡᠭᠦᠯᠭᠡ ᠶᠢᠨ ᠲᠢᠩᠬᠢᠮ᠂ ᠶᠡᠷᠦᠩᠬᠡᠢ ᠲᠣᠨᠣᠭᠯᠠᠯ ᠤᠨ ᠲᠠᠰᠤᠭ᠂ ᠳ᠋ᠢᠶᠠᠨ ᡂᠢ ᠦᠢᠯᠡᠳᠪᠦᠷᠢᠯᠡᠬᠦ | ᠲᠠᠰᠤᠭ ᠵᠡᠷᠭᠡ ᠳᠤ ᠬᠦᠷᠴᠦ᠂ ᠠᠵᠤ ᠠᠬᠤᠶᠢᠯᠠᠯ ᠤᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠳᠤ ᠰᠢᠪᠲᠤᠯᠤᠯᠲᠠ | ᠭᠠᠷᠭᠠᠭᠰᠠᠨ ᠪᠠ ᠦᠢᠯᠡᠳᠭᠦ ᠦᠢᠯᠡᠰ ᠤᠨ ᠳᠡᠭᠡᠳᠦ ᠲᠡᠰᠵᠢᠭᠦᠯᠦᠯᠳᠡ᠂ ᠣᠶᠤᠨᠴᠢᠯᠠᠯᠲᠠ᠂ ᠪᠣᠬᠢᠷᠳᠤᠯ | ᠦᠭᠡᠶᠢᠵᠢᠯᠳᠠ ᠶᠢ ᠠᠬᠢᠭᠤᠯᠤᠭᠰᠠᠨ ᠵᠡᠷᠭᠡ ᠪᠠᠶᠢᠳᠠᠯ ᠢ ᠣᠶᠢᠯᠠᠭᠠᠪᠠ᠃ ᠭᠤᠸᠠᠩᠵᠧᠦ ᠶᠢᠨ ᠮᠠᠰᠢᠨ ᠲᠡᠷᠭᠡᠨ ᠤ | ᠰᠤᠳᠤᠯᠭᠠᠨ ᠤ ᠬᠦᠷᠢᠶᠡᠯᠡᠩ ᠳᠤ᠂ ᠰᠢ ᠶᠢᠨ ᠫᠢᠩ ᠣᠶᠤᠨᠲᠤ ᠰᠦᠯᠵᠢᠶᠡᠨ ᠤ ᠲᠤᠷᠰᠢᠯᠲᠠ ᠶᠢᠨ ᠲᠠᠰᠤᠭ᠂ ᠵᠠᠭᠪᠤᠷ ᠢ | ᠵᠢᠷᠤᠵᠤ ᠲᠥᠯᠥᠪᠯᠡᠬᠦ ᠲᠤᠷᠰᠢᠯᠲᠠ ᠶᠢᠨ ᠲᠠᠰᠤᠭ ᠵᠡᠷᠭᠡ ᠶᠢ ᠨᠠᠷᠢᠨ ᠬᠢᠨᠠᠮᠠᠭᠠᠢ ᠪᠠᠶᠢᠴᠠᠭᠠᠨ ᠦᠵᠡᠭᠰᠡᠨ ᠪᠥᠭᠡᠳ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ᠂ ᠠᠵᠤ ᠠᠬᠤᠶᠢᠯᠠᠯᠲᠠᠨ᠂ ᠠᠵᠢᠯᠲᠠᠨ ᠠᠵᠢᠯᠴᠢᠨ᠂ | ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠲᠥᠯᠥᠭᠡᠯᠡᠭᠴᠢᠳ ᠲᠠᠢ ᠰᠠᠨᠠᠯ ᠢᠶᠠᠨ ᠰᠣᠯᠢᠯᠴᠠᠪᠠ᠃ ᠰᠢ ᠶᠢᠨ ᠫᠢᠩ᠂ | ᠳᠤᠮᠳᠠᠳᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢᠨ ᠲᠦᠷᠦ ᠶᠢᠨ ᠪᠣᠳᠣᠯᠭ᠎ᠠ ᠤᠷᠳᠤ ᠬᠤᠭᠤᠴᠠᠭ᠎ᠠ ᠪᠠᠷ | ᠬᠤᠪᠢᠷᠠᠬᠤ ᠦᠭᠡᠢ᠂ ᠨᠡᠭᠡᠭᠡᠯᠲᠡ ᠶᠢᠨ ᠡᠭᠦᠳᠡ ᠪᠠᠨ ᠡᠭᠦᠷᠢᠳᠡ ᠥᠪᠡᠷ ᠢᠶᠠᠨ ᠬᠠᠭᠠᠬᠤ ᠦᠭᠡᠢ ᠶᠤᠮ᠃ ᠪᠢᠳᠡᠨ ᠲᠠᠢ | ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠦᠷᠲᠡᠭᠦ ᠳᠤᠷᠠᠲᠠᠢ ᠠᠯᠢᠪᠠ ᠤᠯᠤᠰ ᠲᠤ ᠪᠢᠳᠡ ᠴᠥᠮ ᠳᠤᠷᠠᠲᠠᠶ᠎ᠠ | ᠲᠡᠳᠡᠨ ᠲᠠᠢ ᠠᠳᠠᠯᠢ ᠴᠢᠭᠯᠡᠯ ᠢᠶᠠᠷ ᠤᠷᠤᠭᠰᠢᠯᠠᠵᠤ᠂ ᠳᠡᠯᠡᠬᠡᠢ ᠶᠢᠨ ᠠᠵᠤ ᠠᠬᠤᠢ ᠶᠢᠨ ᠬᠠᠮᠲᠤ ᠪᠠᠷ ᠴᠡᠴᠡᠭᠯᠡᠨ | ᠭᠦᠭᠵᠢᠭᠦ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃ ᠰᠢ ᠶᠢᠨ ᠫᠢᠩ᠂ ᠳᠤᠮᠳᠠᠳᠤ ᠤᠯᠤᠰ ᠪᠣᠯ ᠲᠣᠮᠣ ᠤᠯᠤᠰ | ᠮᠥᠨ᠂ ᠪᠣᠳᠠᠲᠤ ᠴᠣᠭᠴᠠ ᠶᠢᠨ ᠠᠵᠤ ᠠᠬᠤᠢ ᠶᠢ ᠴᠢᠬᠤᠯᠠᠴᠢᠯᠠᠵᠤ᠂ ᠥᠪᠡᠷ ᠤᠨ ᠬᠦᠴᠦ ᠪᠠᠷ ᠢᠶᠠᠨ ᠳᠡᠭᠵᠢᠷᠡᠬᠦ | ᠵᠠᠮ ᠢᠶᠠᠷ ᠵᠠᠮᠨᠠᠬᠤ ᠬᠡᠷᠡᠭᠲᠡᠢ᠃ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠢ ᠪᠡᠶ᠎ᠡ ᠪᠠᠨ ᠳᠠᠭᠠᠭᠠᠵᠤ ᠰᠤᠳᠤᠯᠤᠨ | ᠨᠡᠭᠡᠭᠡᠬᠦ ᠳᠤ ᠰᠠᠭᠤᠷᠢᠯᠠᠬᠤ ᠬᠡᠷᠡᠭᠲᠡᠢ ᠪᠥᠭᠡᠳ ᠤᠯᠠᠨ ᠤᠯᠤᠰ ᠤᠨ ᠬᠠᠮᠲᠤᠷᠠᠯᠴᠠᠭ᠎ᠠ ᠬᠢᠬᠦ ᠶᠢ ᠴᠦ ᠪᠠᠶᠠᠷᠯᠠᠨ | ᠤᠭᠲᠤᠨ᠎ᠠ᠃ ᠰᠤᠷᠭᠠᠨ ᠬᠥᠮᠦᠵᠢᠯ ᠪᠠ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | 13 ᠤ ᠦᠳᠡ ᠶᠢᠨ ᠡᠮᠦᠨ᠎ᠡ᠂ ᠰᠢ ᠶᠢᠨ ᠫᠢᠩ ᠭᠤᠸᠠᠩᠳᠦ᠋ᠩ ᠮᠤᠵᠢ ᠶᠢᠨ ᠨᠠᠮ ᠤᠨ ᠬᠤᠷᠢᠶ᠎ᠠ ᠪᠣᠯᠣᠨ | ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠤᠸᠠᠩᠳᠦ᠋ᠩ ᠤᠨ ᠡᠯ᠎ᠡ | ᠵᠦᠢᠯ ᠤᠨ ᠠᠵᠢᠯ ᠤᠨ ᠠᠮᠵᠢᠯᠲᠠ ᠪᠦᠲᠦᠮᠵᠢ ᠶᠢ ᠨᠤᠲᠠᠯᠠᠪᠠ᠃ | ᠰᠢ ᠶᠢᠨ ᠫᠢᠩ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ ᠪᠦᠭᠦ ᠤᠯᠤᠰ ᠤᠨ | ᠰᠢᠨ᠎ᠡ ᠬᠥᠭᠵᠢᠯᠲᠡ ᠶᠢᠨ ᠪᠠᠶᠢᠷᠢᠰᠢᠯ ᠳᠤᠮᠳᠠ ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠲᠠᠢ ᠶᠤᠮ᠃ | ᠭᠤᠸᠠᠩᠳᠦ᠋ᠩ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ | ᠲᠤᠭᠤᠰᠢᠯᠠᠭᠤᠯᠵᠤ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠪᠦᠲᠦᠭᠡᠨ | ᠪᠠᠶᠢᠭᠤᠯᠤᠯᠲᠠ ᠶᠢ ᠭᠤᠸᠠᠩᠳᠦ᠋ᠩ ᠤᠨ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠶᠡᠭᠡ ᠠᠵᠠ ᠲᠣᠭᠢᠶᠠᠯ᠂ | ᠶᠡᠭᠡ ᠶᠠᠪᠤᠳᠠᠯ ᠪᠣᠯᠭᠠᠨ ᠱᠠᠯᠠᠪᠳᠠᠨ ᠪᠣᠳᠠᠲᠠᠶᠢᠵᠢᠭᠤᠯᠵᠤ᠂ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠳᠤ | ᠲᠠᠯᠪᠢᠵᠤ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠢᠶᠠᠷ ᠭᠤᠣᠯ ᠵᠢᠭᠰᠠᠭᠠᠯ ᠤᠨ ᠭᠠᠵᠠᠷ ᠪᠤᠯᠭᠠᠵᠤ᠂ ᠪᠦᠭᠦ | ᠮᠤᠵᠢ ᠶᠢᠨ ᠬᠦᠴᠦᠨ ᠢᠶᠠᠨ ᠳᠠᠶᠢᠴᠢᠯᠠᠨ ᠡᠨᠡ ᠬᠦ ᠶᠡᠭᠡ ᠶᠠᠪᠤᠳᠠᠯ ᠢ ᠰᠠᠶᠢᠲᠤᠷ ᠬᠢᠵᠦ᠂ ᠭᠤᠸᠠᠩᠳᠦ᠋ᠩ ᠰᠢᠶᠠᠩᠭᠠᠩ | ᠣᠣᠮᠧᠨ ᠤ ᠲᠣᠮᠣ ᠪᠤᠯᠤᠩ ᠤᠨ ᠣᠷᠣᠨ ᠢ ᠰᠢᠨ᠎ᠡ ᠬᠥᠭᠵᠢᠯᠲᠡ ᠶᠢᠨ ᠪᠠᠶᠢᠷᠢᠰᠢᠯ ᠤᠨ ᠪᠠᠶᠢᠯᠳᠤᠬᠤ ᠪᠣᠳᠣᠯᠭ᠎ᠠ ᠶᠢᠨ | ᠲᠤᠯᠭᠠᠭᠤᠷᠢᠯᠠᠯ᠂ ᠴᠢᠨᠠᠷ ᠰᠠᠶᠢᠲᠠᠢ ᠬᠥᠭᠵᠢᠯᠲᠡ ᠶᠢᠨ ᠵᠢᠱᠢᠶ᠎ᠡ ᠦᠵᠡᠭᠦᠯᠭᠦ ᠭᠠᠵᠠᠷ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠳᠠᠭᠠᠭᠤᠯᠤᠭᠴᠢ ᠭᠠᠵᠠᠷ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ | ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠶᠢᠨ ᠵᠠᠩᠭᠢᠯᠠᠭ᠎ᠠ ᠪᠣᠯᠣᠨ᠎ᠠ᠃ ᠰᠢᠨ᠎ᠡ ᠶᠢ ᠡᠭᠦᠳᠭᠦ ᠪᠠᠷ ᠬᠥᠭᠵᠢᠯᠲᠡ ᠶᠢᠨ ᠬᠥᠳᠡᠯᠭᠡᠭᠦᠷ | ᠪᠤᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠣᠷᠣᠨ ᠪᠦᠰᠡ ᠶᠢᠨ ᠰᠢᠨ᠎ᠡ ᠶᠢ ᠡᠭᠦᠳᠭᠦ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠭᠦ ᠴᠢᠳᠠᠪᠤᠷᠢ ᠪᠠᠨ | ᠴᠢᠨᠠᠭᠰᠢᠳᠠ ᠳᠡᠭᠡᠭᠰᠢᠯᠡᠭᠦᠯᠵᠦ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ | ᠲᠠᠯ᠎ᠠ ᠪᠠᠷ ᠨᠡᠩ ᠶᠡᠭᠡ ᠠᠬᠢᠯᠲᠠ ᠲᠠᠢ ᠪᠤᠯᠬᠤ ᠪᠠᠷ ᠴᠢᠷᠮᠠᠶᠢᠬᠤ ᠬᠡᠷᠡᠭᠲᠡᠢ᠃ ᠳᠤᠮᠳᠠ ᠪᠠᠭ᠎ᠠ ᠠᠵᠤ ᠠᠬᠤᠶᠢᠯᠠᠯ ᠤᠨ | ᠰᠢᠨ᠎ᠡ ᠶᠢ ᠡᠭᠦᠳᠭᠦ ᠶᠢ ᠳᠡᠮᠵᠢᠭᠦ ᠪᠠᠨ ᠴᠢᠩᠭᠠᠳᠬᠠᠵᠤ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠥᠮᠴᠢᠯᠡᠯ ᠤᠨ | ᠡᠷᠬᠡ ᠪᠣᠯᠣᠨ ᠭᠤᠣᠯᠯᠠᠭᠴᠢ ᠥᠷᠢᠰᠦᠯᠳᠦᠬᠦ ᠬᠦᠴᠦᠨ ᠲᠠᠢ ᠨᠡᠩ ᠤᠯᠠᠨ ᠰᠢᠨ᠎ᠡ ᠶᠢ ᠡᠭᠦᠳᠭᠦ ᠭᠡᠯᠪᠡᠷᠢ ᠶᠢᠨ ᠠᠵᠤ | ᠠᠬᠤᠶᠢᠯᠠᠯ ᠢ ᠪᠣᠶᠢᠵᠢᠭᠤᠯᠬᠤ ᠬᠡᠷᠡᠭᠲᠡᠢ᠃ ᠠᠵᠤ ᠠᠬᠤᠶᠢᠯᠠᠯ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ | ᠴᠢᠩᠭᠠᠳᠬᠠᠵᠤ᠂ ᠰᠢᠨ᠎ᠡ ᠶᠢ ᠡᠭᠦᠳᠭᠦ ᠬᠡᠯᠬᠢᠶ᠎ᠡ ᠠᠵᠤ ᠦᠢᠯᠡᠰ ᠤᠨ ᠬᠡᠯᠬᠢᠶ᠎ᠡ ᠪᠡᠯᠡ ᠮᠥᠩᠭᠦᠨ ᠤ ᠬᠡᠯᠬᠢᠶ᠎ᠡ | ᠴᠢᠳᠠᠪᠤᠷᠢᠲᠠᠨ ᠤ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠪᠠ ᠠᠵᠤ ᠦᠢᠯᠡᠰᠵᠢᠭᠦᠯᠬᠦ ᠲᠦᠪᠰᠢᠨ ᠢ ᠲᠠᠰᠤᠷᠠᠯᠳᠠ ᠦᠭᠡᠢ | ᠳᠡᠭᠡᠭᠰᠢᠯᠡᠭᠦᠯᠵᠦ᠂ ᠪᠦᠭᠦ ᠪᠥᠮᠪᠥᠷᠴᠡᠭ ᠲᠤ ᠨᠥᠯᠥᠭᠡᠯᠡᠬᠦ ᠬᠦᠴᠦᠨ ᠲᠠᠢ ᠠᠵᠤ ᠦᠢᠯᠡᠰ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠲᠥᠪ ᠢ ᠪᠠᠶᠢᠭᠤᠯᠬᠤ ᠬᠡᠷᠡᠭᠲᠡᠢ᠃ ᠭᠤᠸᠠᠩᠳᠦ᠋ᠩ ᠰᠢᠶᠠᠩᠭᠠᠩ | ᠣᠣᠮᠧᠨ ᠤ ᠲᠣᠮᠣ ᠪᠤᠯᠤᠩ ᠤᠨ ᠣᠷᠣᠨ ᠤ ᠴᠢᠳᠠᠪᠤᠷᠢᠲᠠᠨ ᠤ ᠥᠨᠳᠦᠷᠯᠢᠭ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠵᠤ᠂ ᠳᠡᠭᠡᠳᠦ ᠲᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ | ᠴᠢᠳᠠᠪᠤᠷᠢᠲᠠᠨ ᠢ ᠲᠥᠪᠯᠡᠷᠡᠭᠦᠯᠬᠦ ᠦᠢᠯᠡᠳᠦᠯ ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠳᠠᠲᠠᠢ ᠠᠴᠠ ᠰᠠᠯᠤᠩᠭᠢᠷᠠᠵᠤ | ᠬᠡᠶᠢᠰᠪᠦᠷᠢ ᠪᠠᠶᠢᠵᠤ ᠪᠤᠯᠬᠤ ᠦᠭᠡᠢ᠂ ᠡᠷᠬᠡᠪᠰᠢ ᠪᠣᠳᠠᠲᠤ ᠴᠣᠭᠴᠠ ᠶᠢᠨ ᠠᠵᠤ ᠠᠬᠤᠢ ᠪᠠᠷ ᠲᠤᠯᠭᠠᠭᠤᠷᠢᠯᠠᠯ | ᠪᠤᠯᠭᠠᠬᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ᠃ | ᠭᠤᠸᠠᠩᠳᠦ᠋ᠩ ᠮᠤᠵᠢ ᠦᠢᠯᠡᠳᠭᠦ ᠦᠢᠯᠡᠰ ᠢᠶᠠᠷ ᠮᠤᠵᠢ ᠪᠠᠨ ᠪᠠᠶᠢᠭᠤᠯᠬᠤ ᠶᠢ ᠢᠮᠠᠭᠲᠠ ᠪᠠᠷᠢᠮᠲᠠᠯᠠᠵᠤ᠂ ᠪᠣᠳᠠᠲᠤ | ᠴᠣᠭᠴᠠ ᠶᠢᠨ ᠠᠵᠤ ᠠᠬᠤᠢ ᠶᠢ ᠬᠥᠭᠵᠢᠭᠦᠯᠬᠦ ᠶᠢ ᠨᠡᠩ ᠴᠢᠬᠤᠯᠠᠴᠢᠯᠠᠵᠤ᠂ ᠠᠵᠤ ᠦᠢᠯᠡᠰ ᠤᠨ ᠭᠡᠯᠪᠡᠷᠢ ᠪᠠᠨ | ᠬᠤᠪᠢᠷᠠᠭᠤᠯᠤᠨ ᠳᠡᠰ ᠳᠡᠪᠰᠢᠭᠦ ᠶᠢ ᠲᠦᠷᠭᠡᠳᠬᠡᠵᠦ᠂ ᠠᠵᠤ ᠦᠢᠯᠡᠰ ᠤᠨ ᠰᠠᠭᠤᠷᠢ ᠶᠢᠨ ᠳᠡᠭᠡᠳᠦ ᠳᠡᠰᠵᠢᠯᠳᠡ᠂ | ᠠᠵᠤ ᠦᠢᠯᠡᠰ ᠤᠨ ᠬᠡᠯᠬᠢᠶ᠎ᠡ ᠶᠢᠨ ᠣᠳᠣᠬᠢᠴᠢᠯᠠᠯᠲᠠ ᠶᠢ ᠠᠬᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ | ᠰᠢᠨ᠎ᠡ ᠪᠠᠷ ᠮᠠᠨᠳᠤᠭᠰᠠᠨ ᠠᠵᠤ ᠦᠢᠯᠡᠰ ᠢ ᠬᠥᠭᠵᠢᠭᠦᠯᠵᠦ᠂ ᠤᠯᠠᠨ ᠤᠯᠤᠰ ᠤᠨ ᠥᠷᠢᠰᠦᠯᠳᠦᠬᠦ ᠬᠦᠴᠦᠨ ᠲᠠᠢ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠪᠦᠭᠦ ᠠᠷᠠᠳ ᠬᠠᠮᠲᠤ ᠪᠠᠷ ᠪᠠᠶᠠᠵᠢᠬᠤ ᠪᠣᠯ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠮᠥᠨ ᠴᠢᠨᠠᠷ ᠤᠨ ᠣᠨᠴᠠᠯᠢᠭ ᠮᠥᠨ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠪᠣᠯ | ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠭᠤᠸᠠᠩᠳᠦ᠋ᠩ ᠣᠷᠣᠨ | ᠪᠦᠰᠡ ᠶᠢᠨ ᠬᠥᠭᠵᠢᠯᠲᠡ ᠲᠡᠩᠴᠡᠭᠦᠷᠢ ᠦᠭᠡᠢ ᠪᠠᠶᠢᠬᠤ ᠠᠰᠠᠭᠤᠳᠠᠯ ᠢᠶᠠᠨ ᠬᠦᠴᠦ ᠣᠷᠣᠭᠤᠯᠤᠨ ᠰᠢᠢᠳᠪᠦᠷᠢᠯᠡᠵᠦ᠂ | ᠵᠠᠮ ᠬᠠᠷᠢᠯᠴᠠᠭ᠎ᠠ ᠵᠡᠷᠭᠡ ᠰᠠᠭᠤᠷᠢ ᠲᠥᠬᠦᠭᠡᠷᠦᠮᠵᠢ ᠶᠢᠨ ᠣᠷᠣᠨ ᠪᠦᠰᠡ ᠠᠯᠤᠰᠯᠠᠨ ᠬᠤᠯᠪᠣᠯᠳᠤᠨ ᠨᠡᠪᠲᠡᠷᠡᠯᠴᠡᠬᠦ ᠪᠠᠨ | ᠲᠦᠷᠭᠡᠳᠬᠡᠨ ᠠᠬᠢᠭᠤᠯᠵᠤ᠂ ᠭᠤᠸᠠᠩᠳᠦ᠋ᠩ ᠤᠨ ᠵᠡᠭᠦᠨ ᠬᠡᠰᠡᠭ᠂ ᠭᠤᠸᠠᠩᠳᠦ᠋ᠩ ᠤᠨ ᠪᠠᠷᠠᠭᠤᠨ ᠬᠡᠰᠡᠭ᠂ | ᠭᠤᠸᠠᠩᠳᠦ᠋ᠩ ᠤᠨ ᠬᠤᠶᠢᠲᠤ ᠬᠡᠰᠡᠭ ᠤᠨ ᠭᠠᠵᠠᠷ ᠣᠷᠣᠨ ᠤ ᠬᠢᠨ ᠵᠦᠵᠢᠶᠠᠩ ᠮᠥᠷᠡᠨ ᠤ ᠭᠤᠷᠪᠠᠯᠵᠢᠨ ᠬᠤᠶᠢᠭ ᠤᠨ | ᠭᠠᠵᠠᠷ ᠣᠷᠣᠨ ᠤ ᠠᠵᠤ ᠦᠢᠯᠡᠰ ᠤᠨ ᠡᠮᠬᠢ ᠵᠢᠷᠤᠮ ᠲᠠᠢ ᠰᠢᠯᠵᠢᠯᠲᠡ ᠶᠢ ᠨᠡᠩ ᠰᠠᠶᠢᠲᠤᠷ ᠲᠤᠰᠴᠤ ᠠᠪᠬᠤ ᠶᠢ | ᠲᠠᠶᠢᠴᠢᠯᠠᠨ ᠠᠬᠢᠭᠤᠯᠬᠤ ᠬᠡᠷᠡᠭᠲᠡᠢ᠃ ᠡᠬᠡ ᠬᠠᠭᠤᠷᠠᠢ ᠪᠠ ᠳᠠᠯᠠᠢ ᠲᠠᠩᠭᠢᠰ ᠢ ᠨᠢᠭᠡᠳᠦᠯᠲᠡᠢ ᠲᠥᠯᠥᠪᠵᠢᠭᠦᠯᠬᠦ᠂ | ᠠᠭᠤᠯᠠ ᠳᠠᠯᠠᠢ ᠶᠢ ᠬᠠᠮᠵᠢᠯᠴᠠᠭᠤᠯᠬᠤ ᠶᠢ ᠴᠢᠩᠭᠠᠳᠬᠠᠵᠤ᠂ ᠭᠠᠷᠠᠮ ᠠᠵᠤ ᠦᠢᠯᠡᠰ ᠬᠤᠳᠠ ᠶᠢᠨ ᠪᠦᠬᠦᠯᠢ | ᠴᠣᠭᠴᠠ ᠶᠢᠨ ᠪᠠᠶᠢᠷᠢᠰᠢᠭᠤᠯᠤᠯᠲᠠ ᠶᠢ ᠴᠢᠩᠭᠠᠳᠬᠠᠵᠤ᠂ ᠳᠠᠯᠠᠢ ᠲᠠᠩᠭᠢᠰ ᠤᠨ ᠠᠮᠢ ᠠᠬᠤᠢ ᠶᠢᠨ ᠬᠠᠮᠠᠭᠠᠯᠠᠯᠲᠠ ᠶᠢ | ᠴᠢᠩᠭᠠᠳᠬᠠᠵᠤ᠂ ᠳᠠᠯᠠᠢ ᠲᠠᠩᠭᠢᠰ ᠤᠨ ᠬᠦᠴᠦᠷᠬᠡᠭ ᠮᠤᠵᠢ ᠶᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠡᠷᠡᠭᠲᠡᠢ᠃ | ᠰᠢᠶᠠᠨ ᠤ ᠬᠤᠲᠠ ᠪᠠᠷ ᠴᠢᠬᠤᠯᠠ ᠠᠴᠢᠶᠠᠯᠠᠪᠤᠷᠢ ᠪᠤᠯᠭᠠᠬᠰᠠᠨ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ | ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠣᠲᠣ ᠦᠶ᠎ᠡ ᠶᠢᠨ ᠬᠥᠳᠡᠭᠡ ᠲᠣᠰᠬᠤᠨ ᠤ ᠠᠵᠤ | ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠰᠢᠨ᠎ᠡ ᠭᠡᠯᠪᠡᠷᠢ ᠶᠢᠨ ᠬᠥᠳᠡᠭᠡ ᠲᠣᠰᠬᠤᠨ ᠤ ᠬᠠᠮᠲᠤ ᠶᠢᠨ | ᠠᠵᠤ ᠠᠬᠤᠢ ᠶᠢ ᠬᠥᠭᠵᠢᠭᠦᠯᠵᠦ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ | ᠭᠦᠨᠵᠡᠭᠡᠢ ᠬᠡᠷᠡᠭᠵᠢᠭᠦᠯᠵᠦ᠂ ᠬᠠᠮᠲᠤ ᠪᠠᠷ ᠪᠠᠶᠠᠵᠢᠬᠤ ᠶᠢ ᠠᠬᠢᠭᠤᠯᠬᠤ ᠬᠡᠷᠡᠭᠲᠡᠢ᠃ ᠲᠠᠭᠢᠨ ᠶᠠᠳᠠᠭᠤᠷᠠᠬᠤ ᠶᠢ | ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ ᠪᠠ ᠪᠠᠶᠢᠩᠭᠤᠵᠢᠭᠰᠠᠨ ᠬᠠᠪᠰᠤᠷᠤᠨ ᠲᠡᠳᠭᠦᠭᠦ ᠠᠵᠢᠯ ᠢ | ᠦᠷᠭᠦᠯᠵᠢᠯᠡᠨ ᠰᠠᠶᠢᠲᠤᠷ ᠬᠢᠵᠦ᠂ ᠲᠠᠭᠢᠨ ᠶᠠᠳᠠᠭᠤᠷᠠᠬᠤ ᠶᠢ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠭᠤᠣᠯ ᠰᠡᠳᠦᠪᠲᠦ ᠬᠥᠮᠦᠵᠢᠯ ᠥᠷᠨᠢᠭᠦᠯᠬᠦ ᠪᠣᠯ ᠡᠨᠡ ᠵᠢᠯ ᠤᠨ ᠨᠠᠮ ᠤᠨ | ᠪᠠᠶᠢᠭᠤᠯᠤᠯᠲᠠ ᠶᠢᠨ ᠴᠢᠬᠤᠯᠠ ᠶᠡᠭᠡ ᠡᠭᠦᠷᠭᠡ ᠪᠣᠯᠣᠨ᠎ᠠ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ | ᠨᠠᠮ ᠤᠨ ᠲᠥᠪ ᠬᠤᠷᠢᠶ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠨᠠᠮ ᠤᠨ ᠭᠡᠰᠢᠭᠦᠨ᠂ ᠺᠠᠳ᠋ᠷᠴᠤᠳ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠰᠤᠷᠤᠯᠴᠠᠯᠭ᠎ᠠ ᠪᠠᠷ ᠰᠦᠭ | ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ | ᠲᠥᠪ ᠪᠤᠯᠭᠠᠬᠤ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ ᠳᠡᠭᠡᠷ᠎ᠡ ᠬᠦᠴᠦ ᠣᠷᠣᠭᠤᠯᠤᠨ ᠪᠣᠳᠠᠲᠤ ᠦᠷ᠎ᠡ | ᠪᠦᠲᠦᠮᠵᠢ ᠭᠠᠷᠭᠠᠬᠤ ᠬᠡᠷᠡᠭᠲᠡᠢ᠃ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ ᠳᠤ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠶᠢ ᠭᠦᠨᠵᠡᠭᠡᠶᠢᠷᠡᠭᠦᠯᠬᠦ᠂ ᠰᠠᠭᠤᠭᠳᠠᠭᠤᠯᠬᠤ᠂ ᠣᠨᠳᠣᠣᠰᠢᠭᠤᠯᠬᠤ ᠠᠵᠢᠯ ᠢ ᠰᠠᠶᠢᠲᠤᠷ ᠬᠢᠵᠦ᠂ | ᠦᠵᠡᠯ ᠰᠠᠨᠠᠭᠠᠨ ᠤ ᠲᠠᠯ᠎ᠠ ᠪᠠᠷ ᠦᠨᠳᠦᠰᠦᠨ ᠠᠴᠠ ᠨᠢ ᠴᠡᠭᠴᠡᠯᠡᠨ ᠵᠠᠰᠠᠵᠤ᠂ ᠦᠨᠳᠦᠰᠦ ᠶᠢ ᠪᠠᠬᠢᠵᠢᠭᠦᠯᠦᠨ | ᠰᠠᠭᠤᠷᠢ ᠶᠢ ᠪᠠᠲᠤᠳᠬᠠᠵᠤ᠂ ᠢᠲᠡᠭᠡᠯ ᠪᠢᠰᠢᠷᠡᠯ ᠤᠨ ᠰᠠᠭᠤᠷᠢ ᠶᠢ ᠪᠠᠬᠢᠵᠢᠭᠦᠯᠵᠦ᠂ ᠤᠶᠤᠨ ᠰᠠᠨᠠᠭᠠᠨ ᠤ ᠺᠠᠯᠼ ᠢ | ᠭᠦᠢᠴᠡᠳ ᠨᠥᠬᠦᠪᠦᠷᠢᠯᠡᠵᠦ᠂ ᠦᠵᠡᠯ ᠰᠠᠨᠠᠭᠠᠨ ᠤ ᠵᠠᠯᠠᠭᠤᠷ ᠢ ᠯᠠᠪᠳᠠᠭᠤᠨ ᠡᠵᠡᠮᠳᠡᠬᠦ ᠬᠡᠷᠡᠭᠲᠡᠢ᠃ ᠨᠢᠭᠡ ᠳᠤ᠂ | ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮ ᠤᠨ ᠦᠷᠲᠡᠭ ᠤᠨ ᠬᠥᠭᠡᠭᠡᠴᠡᠯᠳᠦᠯ ᠪᠠ | ᠤᠷᠤᠭᠰᠢᠯᠠᠯᠲᠠ ᠶᠢᠨ ᠴᠢᠭᠯᠡᠯ ᠤᠨ ᠲᠤᠬᠠᠢ ᠳᠡᠭᠡᠳᠦ ᠬᠡᠮᠵᠢᠶᠡᠨ ᠤ ᠤᠯᠤᠰ ᠲᠦᠷᠦ ᠶᠢᠨ ᠮᠡᠳᠡᠷᠡᠮᠵᠢ ᠪᠠᠨ | ᠴᠢᠩᠭᠠᠳᠬᠠᠵᠤ᠂ ᠶᠢᠷᠲᠢᠨᠴᠦ ᠶᠢᠨ ᠦᠵᠡᠯᠲᠡ᠂ ᠠᠮᠢᠳᠤᠷᠠᠬᠤᠢ ᠶᠢᠨ ᠦᠵᠡᠯᠲᠡ᠂ ᠦᠷᠲᠡᠭ ᠤᠨ ᠦᠵᠡᠯᠲᠡ ᠭᠡᠬᠦ ᠡᠨᠡ | ᠬᠦ ︽ᠶᠡᠷᠦᠩᠬᠡᠢ ᠨᠡᠭᠡᠭᠡᠯᠭᠡ︾ ᠶᠢ ᠰᠠᠶᠢᠲᠤᠷ ᠡᠵᠡᠮᠳᠡᠬᠦ ᠬᠡᠷᠡᠭᠲᠡᠢ᠃ ᠬᠤᠶᠠᠷ ᠲᠤ᠂ ᠨᠠᠮ ᠳᠠᠭᠠᠨ ᠦᠨᠡᠨᠴᠢ ᠰᠢᠳᠤᠷᠭᠤ | ᠪᠠᠶᠢᠬᠤ ᠶᠢ ᠪᠠᠲᠤ ᠪᠠᠶᠢᠯᠭᠠᠵᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠤᠬᠠᠮᠰᠠᠷ ᠠᠴᠠ ᠪᠠᠨ ᠪᠠᠷᠢᠮᠲᠠᠯᠠᠵᠤ | ᠂ ᠨᠠᠮ ᠤᠨ ᠲᠥᠪ ᠬᠤᠷᠢᠶ᠎ᠠ ᠶᠢᠨ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ | ᠬᠠᠮᠠᠭᠠᠯᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ | ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠢᠮᠠᠭᠲᠠ ᠤᠯᠤᠰ | ᠲᠦᠷᠦ ᠶᠢᠨ ᠵᠣᠭᠰᠣᠯᠲᠠ᠂ ᠤᠯᠤᠰ ᠲᠦᠷᠦ ᠶᠢᠨ ᠴᠢᠭᠯᠡᠯ᠂ ᠤᠯᠤᠰ ᠲᠦᠷᠦ ᠶᠢᠨ ᠵᠠᠷᠴᠢᠮ᠂ ᠤᠯᠤᠰ ᠲᠦᠷᠦ ᠶᠢᠨ | ᠵᠠᠮ ᠳᠡᠭᠡᠷ᠎ᠡ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠨᠠᠮ ᠳᠠᠭᠠᠨ ᠦᠨᠡᠨᠴᠢ | ᠰᠢᠳᠤᠷᠭᠤ ᠪᠠᠶᠢᠬᠤ ᠶᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠤ ᠠᠵᠢᠯᠯᠠᠭ᠎ᠠ ᠳᠡᠭᠡᠷ᠎ᠡ ᠢᠯᠡᠷᠡᠭᠦᠯᠭᠦ ᠬᠡᠷᠡᠭᠲᠡᠢ᠃ ᠭᠤᠷᠪᠠ ᠳᠤ᠂ | ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠵᠣᠷᠢᠯᠲᠠ ᠶᠢᠨ ᠤᠬᠠᠮᠰᠠᠷ ᠢᠶᠠᠨ ᠴᠢᠩᠭᠠᠳᠬᠠᠵᠤ᠂ ᠤᠭ | ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠨᠠᠮ ᠤᠨ ᠣᠯᠠᠨ ᠲᠦᠮᠡᠨᠴᠢ ᠱᠤᠭᠤᠮ ᠢ | ᠦᠢᠯᠡᠳᠦᠯᠭᠡᠵᠢᠭᠦᠯᠵᠦ᠂ ᠠᠷᠠᠳ ᠣᠯᠠᠨ ᠬᠠᠨᠤᠮᠵᠢᠲᠠᠶ ᠪᠠᠶᠢᠬᠤ ᠡᠰᠡᠬᠦ ᠪᠠᠷ ᠭᠤᠣᠯ ᠰᠡᠳᠦᠪᠲᠦ ᠬᠥᠮᠦᠵᠢᠯ ᠤᠨ ᠦᠷ᠎ᠡ | ᠪᠦᠲᠦᠮᠵᠢ ᠶᠢ ᠦᠨᠡᠯᠡᠭᠦ ᠦᠨᠳᠦᠰᠦᠨ ᠪᠠᠷᠢᠮᠵᠢᠶ᠎ᠠ ᠪᠤᠯᠭᠠᠵᠤ᠂ ᠠᠷᠠᠳ ᠣᠯᠠᠨ ᠤ ᠬᠠᠮᠤᠭ ᠠᠴᠠ ᠠᠩᠬᠠᠷᠴᠤ ᠪᠠᠶᠢᠭ᠎ᠠ | ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠠᠪᠤᠳᠠᠯ ᠢ ᠪᠣᠳᠠᠲᠠᠢ ᠬᠢᠵᠦ᠂ ᠠᠷᠠᠳ ᠤᠨ ᠰᠡᠳᠬᠢᠯ ᠢ | ᠳᠤᠯᠠᠭᠠᠴᠠᠭᠤᠯᠬᠤ ᠶᠠᠪᠤᠳᠠᠯ ᠢ ᠨᠠᠷᠢᠯᠢᠭ ᠬᠢᠵᠦ᠂ ᠠᠷᠠᠳ ᠤᠨ ᠰᠠᠨᠠᠭᠠᠨ ᠳᠤ ᠨᠡᠶᠢᠴᠡᠭᠦᠯᠬᠦ ᠶᠠᠪᠤᠳᠠᠯ ᠢ ᠰᠠᠶᠢᠲᠤᠷ | ᠬᠢᠵᠦ᠂ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠦᠭᠦ ᠠᠷᠠᠳ ᠲᠦᠮᠡᠨ ᠳᠤ ᠨᠠᠩ | ᠣᠯᠠᠨ ᠨᠠᠩ ᠡᠷᠬᠡ ᠲᠡᠭᠰᠢ ᠪᠠᠷ ᠬᠦᠷᠲᠡᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ | ᠲᠥᠪ ᠤᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | ᠯᠢ ᠭᠠᠨ ᠵᠢᠶᠧ᠂ ᠾᠧ ᠯᠢ ᠹᠧᠩ ᠵᠢᠴᠢ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠵᠤ᠂ ᠭᠤᠣᠯ | ᠰᠡᠳᠦᠪᠲᠦ ᠬᠥᠮᠦᠵᠢᠯ ᠤᠨ ᠲᠥᠪ ᠤᠨ ᠳᠣᠯᠣᠳᠤᠭᠠᠷ ᠵᠢᠯᠤᠭᠤᠳᠬᠤ ᠳᠤᠭᠤᠶᠢᠯᠠᠩ ᠤᠨ ᠬᠠᠷᠢᠭᠤᠴᠠᠯᠭᠠᠲᠠᠨ ᠨᠥᠬᠦᠳ | ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃ | | |