ᠰᠢᠨᠬᠤᠸᠠ ᠬᠤᠷᠢᠶᠠᠨ ᠤ ᠪᠡᠭᠡᠵᠢᠩ ᠤᠨ 4 ᠳ᠋ᠦ᠋ᠭᠡᠷ ᠰᠠᠷ᠎ᠠ ᠶᠢᠨ 14 ᠤ ᠡᠳᠦᠷ ᠤᠨ ᠮᠡᠳᠡᠭᠡ ᠲᠥᠷᠥ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 4 ᠳ᠋ᠦ᠋ᠭᠡᠷ ᠰᠠᠷ᠎ᠠ ᠶᠢᠨ 14 ᠤ ᠡᠳᠦᠷ ᠲᠥᠷᠥ ᠶᠢᠨ | ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ | ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠳᠤ ᠭᠤᠸᠠᠩᠳᠦ᠋ᠩ ᠳᠤ ᠰᠢᠨᠵᠢᠯᠡᠨ | ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ | ᠲᠤᠭᠤᠰᠢᠯᠠᠭᠤᠯᠵᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠬᠠᠷᠠᠯᠲᠠ ᠶᠢ ᠲᠣᠭᠲᠠᠭᠠᠵᠤ᠂ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ | ᠡᠭᠦᠷᠭᠡ ᠪᠣᠯᠣᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠶ ᠪᠣᠯᠭᠠᠬᠤ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢᠨ | ᠲᠣᠭᠤᠷᠢᠨ ᠳᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠥᠨᠳᠥᠷ ᠬᠢᠷᠢ ᠲᠦᠪᠰᠢᠨ ᠪᠦᠬᠦᠢ | ᠭᠠᠳᠠᠭᠠᠳᠤ ᠨᠡᠭᠡᠭᠡᠯᠲᠡ ᠶᠢ ᠥᠷᠭᠡᠳᠬᠡᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠥᠪᠡᠷ ᠢ ᠪᠠᠨ | ᠬᠦᠴᠦᠷᠬᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ | ᠪᠠᠶᠢᠭᠤᠯᠬᠤ᠂ ᠬᠤᠳᠠ ᠬᠥᠳᠡᠭᠡ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ | ᠲᠠᠰᠤᠷᠠᠯᠳᠠ ᠦᠭᠡᠢ ᠰᠢᠨ᠎ᠡ ᠰᠢᠪᠲᠤᠯᠤᠯᠲᠠ ᠭᠠᠷᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠯᠠᠪᠳᠠᠭᠤᠨ ᠢᠶᠠᠷ ᠠᠬᠢᠭᠤᠯᠵᠤ᠂ ᠣᠳᠣᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠨᠡᠩ ᠤᠯᠠᠨ | ᠨᠡᠩ ᠡᠷᠬᠡ ᠲᠡᠭᠰᠢ ᠪᠠᠷ ᠪᠦᠬᠦ ᠠᠷᠠᠳ ᠲᠦᠮᠡᠨ ᠳᠤ ᠡᠳ᠋ᠯᠡᠭᠦᠯᠬᠦ ᠬᠡᠷᠡᠭᠲᠡᠢ ᠭᠡᠵᠡᠢ᠃ | ᠬᠤᠷᠠᠯ ᠠᠴᠠ ᠣᠳᠣᠬᠠᠨ ᠤ ᠠᠵᠢᠯ ᠣᠯᠭᠤᠯᠲᠠ ᠶᠢᠨ ᠪᠠᠶᠢᠳᠠᠯ ᠪᠣᠯᠣᠨ ᠠᠵᠢᠯ ᠣᠯᠭᠤᠯᠲᠠ ᠶᠢ | ᠰᠢᠯᠢᠳᠡᠭᠵᠢᠭᠦᠯᠦᠨ ᠲᠣᠬᠢᠷᠠᠭᠤᠯᠵᠤ ᠲᠣᠭᠲᠠᠪᠤᠷᠢᠵᠢᠭᠤᠯᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠲᠤᠬᠠᠢ | ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠬᠤᠷᠠᠯ ᠠᠴᠠ ᠴᠢᠬᠤᠯᠠᠴᠢᠯᠠᠬᠤ ᠳᠤ ᠪᠠᠨ᠂ ᠠᠵᠢᠯ ᠣᠯᠭᠤᠯᠲᠠ ᠪᠣᠯ | ᠠᠷᠠᠳ ᠤᠨ ᠠᠮᠢᠳᠤᠷᠠᠯ ᠤᠨ ᠦᠨᠳᠦᠰᠦ ᠮᠥᠨ᠃ ᠲᠦᠷᠦ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ ᠶᠢ ᠤᠯᠠᠮ | ᠨᠢᠭᠡ ᠠᠯᠬᠤᠮ ᠴᠢᠩᠭᠠᠳᠬᠠᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠲᠦᠷᠦ ᠶᠢᠨ ᠪᠣᠳᠣᠯᠭ᠎ᠠ ᠶᠢ | ᠶᠡᠷᠦᠩᠬᠡᠢ ᠳᠤ ᠨᠢ ᠲᠣᠭᠲᠠᠭᠤᠨ ᠪᠠᠶᠢᠯᠭᠠᠬᠤ ᠶᠢ ᠪᠠᠲᠤᠯᠠᠬᠤ ᠶᠢᠨ ᠬᠠᠮᠲᠤ᠂ ᠱᠠᠲᠤᠴᠢ ᠴᠢᠨᠠᠷᠲᠠᠢ ᠲᠦᠷᠦ ᠶᠢᠨ | ᠪᠣᠳᠣᠯᠭ᠎ᠠ ᠶᠢ ᠬᠠᠨᠳᠤᠯᠭᠠᠲᠤ ᠴᠢᠨᠠᠷᠲᠠᠢ ᠪᠠᠷ ᠰᠢᠯᠢᠳᠡᠭᠵᠢᠭᠦᠯᠦᠨ ᠲᠣᠬᠢᠷᠠᠭᠤᠯᠵᠤ ᠪᠠᠭᠤᠷᠠᠢ ᠭᠤᠭᠴᠤᠭ᠎ᠠ ᠶᠢ ᠳᠡᠮᠵᠢᠬᠦ | ᠡᠷᠴᠢᠮ ᠢᠶᠠᠨ ᠴᠢᠩᠭᠠᠷᠠᠭᠤᠯᠤᠨ᠂ ᠠᠵᠢᠯ ᠣᠯᠭᠤᠯᠲᠠ ᠶᠢᠨ ᠶᠡᠭᠡ ᠲᠠᠯ᠎ᠠ ᠶᠢᠨ ᠲᠣᠭᠲᠠᠭᠤᠨ ᠪᠠᠶᠢᠬᠤ ᠶᠢ ᠦᠨᠡᠨ ᠬᠦ | ᠪᠠᠲᠤᠯᠠᠬᠤ ᠬᠡᠷᠡᠭᠲᠡᠢ᠃ ᠦᠯᠡᠳᠡᠭᠡᠯ ᠬᠡᠮᠵᠢᠶ᠎ᠡ ᠶᠢ ᠲᠣᠭᠲᠠᠪᠤᠷᠢᠵᠢᠭᠤᠯᠤᠨ᠂ ᠨᠡᠮᠡᠭᠳᠡᠯ ᠤᠨ ᠬᠡᠮᠵᠢᠶ᠎ᠡ ᠶᠢ ᠥᠷᠭᠡᠳᠬᠡᠵᠦ᠂ | ᠭᠤᠣᠯᠳᠠᠯᠭ᠎ᠠ ᠶᠢ ᠪᠠᠲᠤᠯᠠᠬᠤ ᠶᠢ ᠲᠤᠪᠤᠶᠢᠯᠭᠠᠨ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠳᠡᠮᠵᠢᠬᠦ ᠪᠠ | ᠠᠵᠢᠯ ᠤᠨ ᠪᠠᠶᠢᠷᠢ ᠨᠡᠮᠡᠭᠳᠡᠭᠦᠯᠤᠨ ᠤᠷᠮᠠᠰᠢᠭᠤᠯᠬᠤ ᠠᠷᠭ᠎ᠠ ᠬᠡᠮᠵᠢᠶ᠎ᠡ ᠶᠢ ᠬᠦᠴᠦᠲᠡᠢ ᠪᠥᠭᠡᠳ ᠪᠦᠲᠦᠮᠵᠢᠲᠡᠢ | ᠬᠡᠷᠡᠭᠵᠢᠭᠦᠯᠵᠦ᠂ ᠠᠵᠤ ᠠᠬᠤᠶᠢᠯᠠᠯ ᠤᠨ ᠬᠥᠮᠥᠨ ᠬᠡᠷᠡᠭᠯᠡᠬᠦ ᠢᠳᠡᠪᠬᠢᠵᠢᠯ ᠢ ᠨᠡᠩ ᠶᠡᠭᠡ ᠬᠡᠮᠵᠢᠶ᠎ᠡ ᠪᠠᠷ ᠳᠠᠶᠢᠴᠢᠯᠠᠬᠤ | ᠮᠥᠷᠲᠡᠭᠡᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢ᠂ ᠲᠠᠷᠢᠶᠠᠴᠢᠨ ᠬᠥᠯᠥᠰᠦᠨ ᠠᠵᠢᠯᠴᠢᠨ ᠵᠡᠷᠭᠡ | ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠦᠢᠯᠡᠴᠢᠯᠡᠭᠡ ᠶᠢ ᠬᠢᠨᠠᠮᠠᠭᠠᠢ ᠰᠠᠶᠢᠲᠤᠷ ᠬᠢᠵᠦ᠂ ᠲᠦᠷᠦ ᠶᠢᠨ | ᠪᠣᠳᠣᠯᠭ᠎ᠠ ᠶᠢᠨ ᠴᠢᠨᠠᠷᠲᠠᠢ ᠠᠵᠢᠯ ᠤᠨ ᠪᠠᠶᠢᠷᠢ ᠶᠢᠨ ᠬᠡᠪᠴᠢᠶ᠎ᠡ ᠶᠢ ᠤᠯᠠᠮ ᠨᠢᠭᠡ ᠠᠯᠬᠤᠮ ᠲᠣᠭᠲᠠᠪᠤᠷᠢᠵᠢᠭᠤᠯᠵᠤ᠂ | ᠠᠵᠢᠯ ᠣᠯᠭᠤᠯᠲᠠ ᠶᠢᠨ ᠣᠷᠣᠨ ᠵᠠᠢ ᠶᠢ ᠤᠯᠠᠨ ᠠᠷᠭ᠎ᠠ ᠵᠠᠮ ᠢᠶᠠᠷ ᠥᠷᠭᠡᠳᠬᠡᠬᠦ ᠬᠡᠷᠡᠭᠲᠡᠢ᠃ ᠠᠵᠢᠯ ᠠᠯᠳᠠᠭᠰᠠᠳ ᠪᠠ | ᠠᠵᠢᠯ ᠣᠯᠬᠤ ᠳᠤ ᠬᠦᠴᠢᠷᠲᠡᠢ ᠪᠤᠰᠤᠳ ᠬᠥᠮᠥᠰ ᠢ ᠲᠦᠷᠦᠯ ᠬᠤᠪᠢᠶᠠᠨ ᠬᠠᠪᠰᠤᠷᠤᠨ ᠲᠡᠳᠬᠦᠬᠦ ᠬᠡᠷᠡᠭᠲᠡᠢ᠃ | ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠢ ᠬᠦᠴᠦᠯᠡᠨ ᠰᠢᠢᠳᠪᠦᠷᠢᠯᠡᠵᠦ᠂ ᠪᠣᠳᠠᠲᠠᠢ ᠪᠥᠭᠡᠳ | ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠦᠢᠯᠡᠳᠬᠦ ᠦᠢᠯᠡᠰ᠂ ᠭᠠᠳᠠᠭᠠᠳᠤ ᠠᠷᠠᠯᠵᠢᠶᠠᠨ ᠤ ᠠᠵᠤ | ᠠᠬᠤᠶᠢᠯᠠᠯ ᠵᠡᠷᠭᠡ ᠶᠢᠨ ᠠᠵᠢᠯ ᠣᠯᠭᠤᠯᠲᠠ ᠶᠢᠨ ᠬᠡᠪᠴᠢᠶ᠎ᠡ ᠶᠢ ᠲᠣᠭᠲᠠᠪᠤᠷᠢᠵᠢᠭᠤᠯᠵᠤ᠂ ᠠᠵᠢᠯ ᠣᠯᠭᠤᠯᠲᠠ ᠶᠢᠨ | ᠤᠳᠤᠷᠢᠳᠤᠮᠵᠢ ᠶᠢ ᠲᠣᠪᠤᠶᠢᠯᠭᠠᠨ ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢ | ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠬᠡᠷᠡᠭᠴᠡᠭᠡ ᠳᠤ ᠬᠠᠨᠳᠤᠭᠤᠯᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ | ᠪᠣᠯᠣᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠬᠤᠷᠸ᠎ᠠ ᠲᠦᠷᠦ ᠶᠢᠨ | ᠪᠣᠳᠣᠯᠭ᠎ᠠ᠂ ᠠᠵᠤ ᠦᠢᠯᠡᠰ ᠤᠨ ᠲᠦᠷᠦ ᠶᠢᠨ ᠪᠣᠳᠣᠯᠭ᠎ᠠ ᠵᠡᠷᠭᠡ ᠶᠢᠨ ᠳᠡᠮᠵᠢᠯᠭᠡ ᠶᠢ ᠴᠢᠩᠭᠠᠳᠬᠠᠵᠤ᠂ ᠪᠦᠲᠦᠮᠵᠢᠲᠡᠢ | ᠬᠡᠷᠡᠭᠴᠡᠭᠡ ᠶᠢ ᠥᠷᠭᠡᠳᠬᠡᠬᠦ ᠵᠠᠬ᠎ᠠ ᠳᠡᠯᠭᠡᠭᠦᠷ ᠤᠨ ᠢᠲᠡᠭᠡᠯ ᠢ ᠨᠡᠮᠡᠭᠳᠡᠭᠦᠯᠬᠦ ᠪᠠ ᠠᠵᠤ ᠠᠬᠤᠶᠢᠯᠠᠯ ᠤᠨ | ᠡᠵᠡᠩᠨᠡᠯᠲᠡ ᠶᠢ ᠲᠣᠭᠲᠠᠪᠤᠷᠢᠵᠢᠭᠤᠯᠬᠤ ᠪᠠᠷ ᠳᠠᠮᠵᠢᠭᠤᠯᠤᠨ ᠨᠡᠩ ᠤᠯᠠᠨ ᠠᠵᠢᠯ ᠣᠯᠭᠤᠯᠲᠠ ᠶᠢ ᠲᠠᠶᠢᠴᠢᠯᠠᠵᠤ᠂ | ᠠᠵᠢᠯ ᠣᠯᠭᠤᠯᠲᠠ ᠶᠢᠨ ᠨᠡᠮᠡᠭᠳᠡᠯ ᠪᠣᠯᠣᠨ ᠠᠵᠤ ᠠᠬᠤᠢ ᠶᠢᠨ ᠬᠥᠭᠵᠢᠯᠲᠡ ᠶᠢᠨ ᠬᠠᠷᠢᠯᠴᠠᠨ ᠠᠬᠢᠭᠤᠯᠵᠤ ᠬᠠᠮᠲᠤ ᠪᠠᠷ | ᠤᠷᠤᠭᠰᠢᠯᠠᠬᠤ ᠶᠢ ᠠᠬᠢᠭᠤᠯᠬᠤ ᠬᠡᠷᠡᠭᠲᠡᠢ ᠭᠡᠵᠡᠢ᠃ | ᠬᠤᠷᠠᠯ ᠠᠴᠠ ︽ᠬᠤᠳᠠᠯᠳᠤᠭᠠᠨ ᠳᠤ ᠬᠡᠷᠡᠭᠯᠡᠬᠦ ᠨᠢᠭᠤᠴᠠ ᠨᠣᠮᠧᠷ ᠤᠨ ᠬᠠᠮᠢᠶᠠᠷᠤᠯᠲᠠ ᠶᠢᠨ ᠳᠦᠷᠢᠮ | ︵ᠵᠠᠰᠠᠪᠤᠷᠢ ᠣᠷᠣᠭᠤᠯᠤᠭᠰᠠᠨ ᠡᠬᠡ ᠨᠣᠣᠷᠠᠭ︶︾ ᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ᠂ ᠣᠶᠢᠷ᠎ᠠ ᠶᠢᠨ | ᠵᠢᠯ ᠤᠳ ᠠᠴᠠ ᠨᠠᠭᠠᠰᠢ᠂ ᠬᠤᠳᠠᠯᠳᠤᠭᠠᠨ ᠳᠤ ᠬᠡᠷᠡᠭᠯᠡᠬᠦ ᠨᠢᠭᠤᠴᠠ ᠨᠣᠮᠧᠷ ᠤᠨ ᠬᠡᠷᠡᠭᠯᠡᠯᠲᠡ ᠶᠠᠪᠤᠬᠤ ᠳᠤᠳᠤᠮ | ᠥᠷᠭᠡᠳᠴᠦ᠂ ᠢᠨᠲ᠋ᠧᠷ ᠰᠦᠯᠵᠢᠶ᠎ᠡ ᠪᠣᠯᠣᠨ ᠮᠡᠳᠡᠭᠡ ᠵᠠᠩᠭᠢ ᠶᠢᠨ ᠠᠮᠤᠷ ᠲᠦᠪᠰᠢᠨ ᠢ ᠪᠠᠲᠤᠯᠠᠬᠤ᠂ ᠠᠷᠠᠳ ᠢᠷᠭᠡᠳ | ᠪᠣᠯᠣᠨ ᠬᠠᠤᠯᠢ ᠶᠢᠨ ᠡᠷᠬᠡᠲᠡᠨ ᠤ ᠡᠷᠬᠡ ᠠᠰᠢᠭ ᠢ ᠬᠠᠮᠠᠭᠠᠯᠠᠬᠤ ᠲᠠᠯ᠎ᠠ ᠪᠠᠷ ᠬᠢ ᠴᠢᠬᠤᠯᠠ ᠴᠢᠨᠠᠷ ᠡᠳᠦᠷ ᠢᠷᠡᠬᠦᠶ᠎ᠡ | ᠲᠣᠪᠤᠶᠢᠮ᠎ᠠ ᠪᠣᠯᠵᠤ ᠪᠠᠶᠢᠨ᠎ᠠ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠥᠬᠦ ᠲᠠᠯ᠎ᠠ ᠪᠠᠷ | ᠲᠤᠭᠤᠰᠢᠯᠠᠭᠤᠯᠵᠤ᠂ ᠬᠤᠳᠠᠯᠳᠤᠭᠠᠨ ᠳᠤ ᠬᠡᠷᠡᠭᠯᠡᠬᠦ ᠨᠢᠭᠤᠴᠠ ᠨᠣᠮᠧᠷ ᠤᠨ ᠬᠡᠷᠡᠭᠯᠡᠯᠲᠡ ᠪᠠ ᠬᠠᠮᠢᠶᠠᠷᠤᠯᠲᠠ ᠶᠢ ᠤᠯᠠᠮ | ᠨᠢᠭᠡ ᠠᠯᠬᠤᠮ ᠵᠢᠷᠤᠮᠵᠢᠭᠤᠯᠤᠨ᠂ ᠲᠠᠪᠴᠠᠩ ᠤᠨ ᠠᠵᠤ ᠠᠬᠤᠶᠢᠯᠠᠯ ᠠᠴᠠ ᠬᠡᠷᠡᠭᠯᠡᠭᠴᠢ ᠶᠢᠨ ᠨᠢᠭᠤᠴᠠ ᠨᠣᠮᠧᠷ ᠤᠨ | ᠬᠠᠮᠠᠭᠠᠯᠠᠯᠲᠠ ᠶᠢᠨ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠶᠢ ᠰᠢᠮᠳᠠᠭᠤᠯᠵᠤ᠂ ᠬᠤᠪᠢ ᠬᠥᠮᠥᠨ ᠤ | ᠨᠢᠭᠤᠴᠠ᠂ ᠬᠤᠳᠠᠯᠳᠤᠭᠠᠨ ᠤ ᠨᠢᠭᠤᠴᠠ ᠪᠠ ᠵᠠᠰᠠᠭ ᠤᠨ ᠣᠷᠳᠣᠨ ᠤ ᠬᠤᠷᠴᠠ ᠰᠡᠷᠭᠡᠭ ᠲᠤᠭ᠎ᠠ ᠪᠠᠷᠢᠮᠲᠠ ᠶᠢᠨ ᠠᠮᠤᠷ | ᠲᠦᠪᠰᠢᠨ ᠢ ᠪᠠᠲᠤᠯᠠᠬᠤ ᠬᠡᠷᠡᠭᠲᠡᠢ᠃ ᠲᠣᠭᠠᠴᠢᠯᠠᠭᠰᠠᠨ ᠠᠵᠤ ᠠᠬᠤᠢ ᠶᠢᠨ ᠲᠦᠷᠭᠡᠨ ᠬᠥᠭᠵᠢᠯᠲᠡ ᠶᠢᠨ ᠬᠠᠨᠳᠤᠰᠢ ᠳᠤ | ᠨᠡᠩ ᠰᠠᠶᠢᠨ ᠵᠣᠬᠢᠴᠠᠭᠤᠯᠵᠤ᠂ ᠬᠤᠳᠠᠯᠳᠤᠭᠠᠨ ᠳᠤ ᠬᠡᠷᠡᠭᠯᠡᠬᠦ ᠨᠢᠭᠤᠴᠠ ᠨᠣᠮᠧᠷ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ | ᠬᠤᠳᠠᠯᠳᠤᠭᠠᠨ ᠳᠤ ᠬᠡᠷᠡᠭᠯᠡᠬᠦ ᠨᠢᠭᠤᠴᠠ ᠨᠣᠮᠧᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠤᠯᠠᠷᠢᠭᠤᠯᠬᠤ ᠪᠠ ᠠᠵᠤ ᠦᠢᠯᠡᠰᠵᠢᠭᠦᠯᠦᠨ ᠬᠡᠷᠡᠭᠯᠡᠬᠦ ᠶᠢ ᠠᠬᠢᠭᠤᠯᠵᠤ᠂ ᠬᠤᠳᠠᠯᠳᠤᠭᠠᠨ ᠳᠤ ᠬᠡᠷᠡᠭᠯᠡᠬᠦ ᠨᠢᠭᠤᠴᠠ | ᠨᠣᠮᠧᠷ ᠤᠨ ᠵᠠᠬ᠎ᠠ ᠳᠡᠯᠭᠡᠭᠦᠷ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠨ | ᠭᠠᠷᠭᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | |