ᠴᠢᠩᠭ᠎ᠠ ᠠᠳᠬᠤᠨ ᠠᠵᠢᠯᠯᠠᠵᠤ ︽ᠲᠦᠷᠦᠯ ᠵᠦᠢᠯ ᠢ ᠴᠢᠷᠮᠠᠶᠢᠨ ᠣᠯᠵᠤ︾᠂ ᠴᠠᠭ ᠢ ᠵᠠᠪᠳᠤᠨ ︽ᠠᠷᠠᠯᠵᠢᠶᠠᠴᠢᠨ ᠤᠷᠢᠬᠤ ᠶᠢ ᠠᠳᠬᠤᠨ᠎ᠠ︾ ︱ ᠴᠠᠩ ᠴᠢᠩ ᠭᠠᠳᠠᠨ᠎ᠠ ᠣᠷᠣᠨ ᠳᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2023/4/19
       ᠥᠨᠥ ᠵᠢᠯ᠂ ᠬᠥᠯᠥᠨ ᠪᠤᠶᠢᠷ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠥᠷᠭᠡᠳᠬᠡᠬᠦ ᠪᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠢᠴᠢ ᠭᠤᠣᠯᠳᠠᠯᠭ᠎ᠠ ᠲᠠᠢ ᠲᠥᠷᠥᠯ ᠵᠦᠢᠯ ᠢ ᠠᠬᠢᠭᠤᠯᠤᠨ ᠨᠠᠶᠢᠳᠠᠪᠤᠷᠢᠵᠢᠭᠤᠯᠬᠤ ᠬᠤᠷᠠᠯ ᠬᠤᠷᠠᠯᠳᠤᠵᠤ᠂ ᠪᠥᠬᠦ ᠬᠤᠲᠠ ᠳᠤ ᠬᠠᠮᠤᠭ ᠤᠨ ᠬᠤᠳᠠᠯᠳᠤᠭ᠎ᠠ ᠡᠵᠡᠩᠨᠡᠬᠦ ᠰᠢᠯᠢᠳᠡᠭ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠢᠯᠡ ᠲᠣᠳᠣ ᠳᠣᠬᠢᠶ᠎ᠠ ᠥᠭᠴᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠰᠢᠨ᠎ᠡ ᠨᠢᠭᠡ ᠡᠭᠡᠯᠵᠢ ᠶᠢᠨ ᠬᠠᠯᠠᠭᠤᠨ ᠥᠷᠨᠢᠯᠲᠡ ᠶᠢ ᠪᠣᠶ ᠪᠣᠯᠭᠠᠪᠠ᠃ ᠮᠠᠨ ᠤ ᠬᠤᠰᠢᠭᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠷᠭ᠎ᠠ ᠵᠠᠮ ᠢ ᠤᠯᠠᠮ ᠴᠢᠨᠠᠭᠰᠢᠳᠠ ᠥᠷᠭᠡᠳᠬᠡᠨ᠂ ᠮᠠᠨ ᠤ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠦᠳᠡᠯᠭᠡᠬᠦ ᠬᠦᠴᠦᠨ ᠢ ᠬᠦᠭᠵᠢᠭᠡᠪᠡ᠃        4 ᠰᠠᠷ᠎ᠠ ᠶᠢᠨ 17 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠠᠩ ᠴᠢᠩ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠰᠢᠨᠵᠢᠯᠡᠨ ᠪᠠᠶᠢᠴᠠᠭᠠᠬᠤ ᠳᠤᠭᠤᠶᠢᠯᠠᠩ ᠢ ᠳᠠᠭᠠᠭᠤᠯᠤᠨ ᠭᠠᠳᠠᠨ᠎ᠠ ᠣᠷᠣᠨ ᠳᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠵᠣᠯᠭᠠᠭᠤᠯᠬᠤ ᠠᠵᠢᠯ ᠢ ᠥᠷᠨᠢᠭᠦᠯᠵᠦ᠂ ᠡᠯ᠎ᠡ ᠠᠵᠤ ᠠᠬᠤᠶᠢᠯᠠᠯ ᠳᠤ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠤᠨ ︽ᠠᠯᠲᠠᠨ ᠮᠧᠲᠠᠯᠲᠦ ᠳᠡᠯᠭᠡᠭᠦᠷ ᠤᠨ ᠡᠵᠡᠨ︾᠂ ᠣᠯᠠᠨ ᠲᠦᠮᠡᠨ ᠤ ᠰᠡᠳᠬᠢᠯ ᠢ ᠮᠡᠳᠡᠭᠴᠢ ᠪᠣᠯᠬᠤ ᠲᠥᠪ ᠴᠢᠩᠭ᠎ᠠ ᠠᠮᠠᠯᠠᠯᠲᠠ ᠥᠭᠴᠦ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠪᠠᠷ ᠳᠠᠮᠵᠢᠭᠤᠯᠤᠨ ᠮᠠᠨ ᠤ ᠬᠤᠰᠢᠭᠤᠨ ᠤ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ᠂ ᠪᠣᠬᠢᠷᠲᠤᠯ ᠦᠭᠡᠢ ᠬᠥᠭᠵᠢᠭᠦᠯᠬᠦ ᠂ ᠴᠢᠨᠠᠷ ᠰᠠᠶᠢᠲᠠᠢ ᠬᠥᠭᠵᠢᠭᠦᠯᠬᠦ ᠬᠠᠷᠠᠯᠲᠠ ᠳᠠᠰᠢ ᠲᠣᠮᠣ ᠠᠯᠬᠤᠮ ᠢᠶᠠᠷ ᠤᠷᠤᠭᠰᠢᠯᠠᠬᠤ ᠶᠢ ᠲᠦᠷᠭᠡᠳᠬᠡᠪᠡ᠃        ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠣᠯ ᠨᠢᠭᠡ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠭᠤᠣᠯ ᠭᠠᠷᠳᠠᠴᠠ ᠮᠥᠨ᠂ ᠨᠡᠩ ᠴᠤ ᠬᠤᠳᠠ ᠶᠢᠨ ᠬᠥᠭᠵᠢᠯᠲᠡ ᠶᠢᠨ ᠬᠦᠴᠦᠷᠬᠡᠭ ᠶᠡᠭᠡ ᠬᠦᠳᠡᠯᠭᠡᠬᠦ ᠬᠦᠴᠦᠨ ᠮᠥᠨ᠃ 4 ᠰᠠᠷ᠎ᠠ ᠶᠢᠨ 18  ᠤ ᠡᠳᠦᠷ᠂ ᠴᠠᠩ ᠴᠢᠩ ᠨᠠᠷ ᠤᠷᠢᠳ ᠬᠤᠵᠢᠳ ᠳᠤᠮᠳᠠᠳᠤ ᠤᠯᠤᠰ ᠤᠨ ᠴᠥᠮ᠎ᠡ ᠶᠢᠨ ᠠᠵᠤ ᠦᠢᠯᠡᠳᠪᠦᠷᠢ ᠶᠢᠨ ᠬᠤᠸᠠ ᠰᠢᠩ ᠪᠦᠲᠦᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠬᠤᠪᠢᠶᠠᠷᠢ ᠬᠡᠯᠲᠡᠰ ᠪᠣᠯᠣᠨ ᠲᠠᠩᠱᠠᠨ ᠤ ᠬᠠᠢ ᠲᠠᠢ ᠰᠢᠨ ᠡᠨᠧᠷᠬᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠬᠦᠷᠴᠦ᠂ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ᠂ ᠰᠠᠨᠠᠯ ᠢᠶᠠᠨ ᠰᠣᠯᠢᠯᠴᠠᠬᠤ ᠪᠠᠷ ᠳᠠᠮᠵᠢᠨ᠂ ᠠᠵᠤ ᠠᠬᠤᠶᠢᠯᠠᠯ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠪᠣᠯᠣᠨ ᠡᠵᠡᠩᠨᠡᠯᠲᠡ ᠬᠠᠮᠢᠶᠠᠷᠤᠯᠲᠠ ᠶᠢᠨ ᠲᠠᠯ᠎ᠠ ᠪᠠᠷ ᠬᠢ ᠲᠤᠷᠰᠢᠯᠭ᠎ᠠ ᠬᠢᠳᠡᠯ ᠢ ᠰᠢᠨᠵᠢᠯᠡᠨ ᠰᠤᠷᠤᠯᠴᠠᠪᠠ᠃        ᠬᠦᠷᠦᠭᠰᠡᠨ ᠭᠠᠵᠠᠷ ᠪᠣᠯᠭᠠᠨ ᠳᠤ ᠴᠠᠩ ᠴᠢᠩ ᠴᠥᠮ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠵᠢᠴᠢ ᠠᠵᠤ ᠦᠢᠯᠡᠰ ᠤᠨ ᠳᠠᠪᠠᠭᠤᠯᠢᠭ᠂ ᠠᠮᠢ ᠠᠬᠤᠢ ᠶᠢᠨ ᠳᠠᠪᠠᠭᠤᠯᠢᠭ᠂ ᠣᠷᠴᠢᠨ ᠠᠬᠤᠢ ᠶᠢᠨ ᠳᠠᠪᠠᠭᠤᠯᠢᠭ᠂ ᠲᠥᠷᠥ ᠶᠢᠨ ᠪᠣᠳᠣᠯᠭ᠎ᠠ ᠶᠢᠨ ᠳᠠᠪᠠᠭᠤᠯᠢᠭ ᠢ ᠬᠠᠯᠠᠭᠤᠨ ᠢᠶᠠᠷ ᠲᠠᠨᠢᠯᠴᠠᠭᠤᠯᠵᠤ᠂ ᠪᠣᠳᠠᠲᠠᠢ ᠶᠢ ᠡᠷᠬᠢᠮᠯᠡᠬᠦ ᠰᠤᠷᠲᠠᠯ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠠᠵᠤ ᠠᠬᠤᠶᠢᠯᠠᠯ ᠢ ᠰᠢᠨᠵᠢᠯᠡᠨ ᠪᠠᠶᠢᠴᠠᠭᠠᠵᠤ ᠵᠣᠯᠭᠠᠭᠤᠯᠤᠨ᠂ ᠠᠵᠤ ᠠᠬᠤᠶᠢᠯᠠᠯᠲᠠᠨ ᠤ ᠮᠠᠨ ᠤ ᠬᠤᠰᠢᠭᠤᠨ ᠳᠤ ᠢᠷᠡᠬᠦ ᠢᠲᠡᠭᠡᠯ ᠵᠣᠷᠢᠭ ᠢ ᠤᠯᠠᠮ ᠪᠠᠲᠤᠳᠬᠠᠪᠠ᠃        ᠤᠯᠤᠰ ᠤᠨ ᠡᠨᠧᠷᠭᠢ ᠶᠢᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠪᠠᠶᠢᠯᠳᠤᠬᠤ ᠪᠣᠳᠣᠯᠭ᠎ᠠ ᠶᠢ ᠢᠳᠡᠪᠬᠢᠲᠡᠢ ᠳᠠᠭᠠᠵᠤ᠂ ᠮᠠᠨ ᠤ ᠬᠤᠰᠢᠭᠤᠨ ᠤ ᠠᠵᠤ ᠠᠬᠤᠢ ᠶᠢᠨ ᠬᠥᠭᠵᠢᠯᠲᠡ ᠳᠤ ᠬᠦᠴᠦᠨ ᠨᠡᠮᠡᠷᠢᠯᠡᠵᠦ᠂ ᠰᠢᠨ᠎ᠡ ᠡᠨᠧᠷᠭᠢ ᠶᠢᠨ ᠠᠵᠤ ᠦᠢᠯᠡᠰ ᠤᠨ ᠪᠠᠶᠢᠷᠢᠰᠢᠯ ᠪᠠ ᠨᠡᠶᠢᠭᠡᠮ ᠤᠨ ᠬᠥᠭᠵᠢᠯᠲᠡ ᠶᠢ ᠲᠦᠷᠭᠡᠳᠬᠡᠬᠦ ᠶᠢᠨ ᠲᠥᠯᠥᠭᠡ᠂ ᠲᠠᠩᠱᠠᠨ ᠤ ᠬᠠᠢ ᠲᠠᠢ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ᠂ ᠮᠠᠨ ᠤ ᠬᠤᠰᠢᠭᠤ 40 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠣᠷᠣ ᠲᠥᠰᠥᠪ ᠤᠨ ᠵᠥᠪᠯᠡᠯᠴᠡᠭᠡᠷ ᠲᠤ ᠠᠮᠵᠢᠯᠲᠠ ᠲᠠᠢ ᠪᠠᠷ ᠭᠠᠷ ᠤᠨ ᠥᠰᠥᠭ ᠵᠢᠷᠤᠵᠤ᠂ ᠵᠥᠪᠯᠡᠯᠴᠡᠭᠡᠷ ᠤᠨ ᠪᠡᠯᠡ ᠣᠷᠤᠭᠤᠯᠤᠯᠲᠠ ᠶᠢᠨ ᠬᠡᠮᠵᠢᠶ᠎ᠡ 18 ᠳ᠋ᠦᠩᠰᠢᠭᠤᠷ ᠲᠥᠭᠦᠷᠢᠭ ᠲᠤ ᠬᠦᠷᠪᠡ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号