4 ᠰᠠᠷ᠎ᠠ ᠶᠢᠨ 19 ᠤ ᠡᠳᠦᠷ᠂ ᠬᠥᠯᠥᠨ ᠪᠤᠶᠢᠷ ᠬᠤᠲᠠ ᠶᠢᠨ ᠣᠶ ᠰᠢᠭᠤᠢ ᠶᠢ ᠬᠠᠮᠢᠶᠠᠷᠬᠤ ᠳᠠᠷᠤᠭ᠎ᠠ ᠶᠢᠨ | ᠳᠦᠷᠢᠮ ᠤᠨ ᠠᠯᠪᠠᠨ ᠭᠡᠷ ᠤᠨ ᠳᠡᠳ᠋ ᠡᠷᠬᠢᠯᠡᠭᠴᠢ᠂ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠰᠦᠨ | ᠴᠧᠩ ᠶᠢᠦ ᠨᠠᠷ ᠮᠠᠨ ᠤ ᠬᠤᠰᠢᠭᠤᠨ ᠳᠤ ᠢᠷᠡᠵᠦ᠂ ᠣᠶ ᠰᠢᠭᠤᠢ ᠡᠪᠡᠰᠦ ᠪᠡᠯᠴᠢᠭᠡᠷ ᠤᠨ ᠳᠠᠷᠤᠭ᠎ᠠ ᠶᠢᠨ ᠳᠦᠷᠢᠮ ᠤᠨ | ᠠᠵᠢᠯ ᠢ ᠬᠡᠷᠡᠭᠵᠢᠭᠦᠯᠦᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠶᠢᠨ ᠬᠠᠮᠲᠤ ᠰᠢᠮᠳᠠᠭᠤᠯᠤᠨ ᠪᠠᠶᠢᠴᠠᠭᠠᠯᠲᠠ ᠶᠢᠨ | ᠬᠠᠷᠢᠭᠤ ᠮᠡᠳᠡᠭᠦᠯᠦᠯᠲᠡ ᠶᠢᠨ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠪᠠᠢ ᠴᠦᠨ ᠮᠧᠢ ᠬᠤᠷᠠᠯ ᠳᠤ ᠣᠷᠣᠯᠴᠠᠪᠠ᠃ | | | | | ᠬᠤᠷᠠᠯ ᠳᠡᠭᠡᠷ᠎ᠡ᠂ ᠪᠠᠢ ᠴᠦᠨ ᠮᠧᠢ ᠮᠠᠨ ᠤ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ | ᠳᠦᠷᠢᠮ ᠤᠨ ᠠᠵᠢᠯ ᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠬᠠᠷᠢᠭᠤ ᠮᠡᠳᠡᠭᠦᠯᠪᠡ᠃ | ᠬᠥᠯᠥᠨ ᠪᠤᠶᠢᠷ ᠬᠤᠳᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠠᠴᠠ᠂ ᠦᠵᠡᠯ ᠰᠠᠨᠠᠭᠠᠨ ᠤ | ᠵᠣᠭᠰᠣᠴᠠ ᠪᠠᠨ ᠳᠡᠭᠡᠭᠰᠢᠯᠡᠭᠦᠯᠦᠨ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠤᠢ ᠰᠢᠭᠤᠢ ᠨᠤᠲᠤᠭ ᠪᠡᠯᠴᠢᠭᠡᠷ ᠨᠤᠭᠤ ᠭᠠᠵᠠᠷ ᠤᠨ ᠡᠬᠢ ᠪᠠᠶᠠᠯᠢᠭ ᠢ ᠬᠠᠮᠠᠭᠠᠯᠠᠨ | ᠬᠥᠭᠵᠢᠭᠦᠯᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠨᠠᠶᠢᠳᠠᠪᠤᠷᠢᠵᠢᠭᠤᠯᠤᠨ᠂ ᠤᠢ ᠰᠢᠭᠤᠢ | ᠨᠤᠲᠤᠭ ᠪᠡᠯᠴᠢᠭᠡᠷ ᠢ ᠬᠠᠮᠢᠶᠠᠷᠬᠤ ᠳᠠᠷᠤᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠡᠯ᠎ᠡ ᠣᠶ ᠰᠢᠭᠤᠢ ᠨᠤᠲᠤᠭ ᠪᠡᠯᠴᠢᠭᠡᠷ ᠢ ᠬᠠᠮᠢᠶᠠᠷᠬᠤ ᠳᠠᠷᠤᠭ᠎ᠠ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠨᠠᠷᠢᠨ | ᠬᠢᠨᠠᠮᠠᠭᠠᠢ ᠭᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ ᠲᠦᠷᠦᠭᠦᠯᠡᠨ ᠣᠶ ᠰᠢᠭᠤᠢ ᠨᠤᠲᠤᠭ ᠪᠡᠯᠴᠢᠭᠡᠷ ᠢ ᠲᠣᠭᠤᠷᠢᠨ | ᠪᠠᠶᠢᠴᠠᠭᠠᠵᠤ᠂ ᠲᠣᠰ ᠭᠠᠵᠠᠷ ᠣᠷᠣᠨ ᠤ ᠣᠶ ᠰᠢᠭᠤᠢ ᠨᠤᠲᠤᠭ ᠪᠡᠯᠴᠢᠭᠡᠷ ᠢ ᠬᠠᠮᠢᠶᠠᠷᠬᠤ ᠳᠠᠷᠤᠭ᠎ᠠ ᠶᠢᠨ ᠳᠦᠷᠢᠮ ᠤᠨ | ᠠᠵᠢᠯ ᠢ ᠠᠬᠢᠭᠤᠯᠬᠤ ᠳᠤ ᠲᠣᠬᠢᠷᠠᠬᠤ ᠰᠢᠨ᠎ᠡ ᠠᠷᠭ᠎ᠠ᠂ ᠰᠢᠨ᠎ᠡ ᠰᠡᠳᠬᠢᠮᠵᠢ ᠶᠢ ᠰᠦᠪᠡᠭᠴᠢᠯᠡᠨ ᠰᠢᠨ᠎ᠡ ᠶᠢ ᠡᠭᠦᠳᠴᠦ᠂ | ᠡᠯ᠎ᠡ ᠣᠶ ᠰᠢᠭᠤᠢ ᠨᠤᠲᠤᠭ ᠪᠡᠯᠴᠢᠭᠡᠷ ᠢ ᠬᠠᠮᠢᠶᠠᠷᠬᠤ ᠳᠠᠷᠤᠭ᠎ᠠ ᠶᠢᠨ ᠳᠦᠷᠢᠮ ᠤᠨ ᠬᠡᠷᠡᠭ ᠡᠷᠭᠢᠯᠡᠬᠦ | ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠠᠵᠢᠯ ᠤᠨ ᠡᠬᠡ ᠲᠠᠩᠰᠠ ᠶᠢ ᠴᠤᠭᠯᠠᠭᠤᠯᠬᠤ᠂ ᠡᠮᠬᠢᠯᠡᠬᠦ᠂ | ᠲᠠᠩᠰᠠ ᠡᠪᠬᠡᠮᠡᠯ ᠳᠤ ᠣᠷᠣᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠣᠶ ᠰᠢᠭᠤᠢ ᠨᠤᠲᠤᠭ | ᠪᠡᠯᠴᠢᠭᠡᠷ ᠢ ᠬᠠᠮᠢᠶᠠᠷᠬᠤ ᠳᠠᠷᠤᠭ᠎ᠠ ᠶᠢᠨ ᠳᠦᠷᠢᠮ ᠤᠨ ᠡᠯ᠎ᠡ ᠵᠦᠢᠯ ᠤᠨ ᠠᠵᠢᠯ ᠤᠨ ᠡᠭᠦᠷᠭᠡ ᠶᠢ ᠬᠢᠨᠠᠮᠠᠭᠠᠢ ᠰᠠᠶᠢᠲᠤᠷ | ᠨᠠᠶᠢᠳᠠᠪᠤᠷᠢᠵᠢᠭᠤᠯᠵᠤ᠂ ︽ᠣᠶ ᠰᠢᠭᠤᠢ ᠨᠤᠲᠤᠭ ᠪᠡᠯᠴᠢᠭᠡᠷ ᠢ ᠬᠠᠮᠢᠶᠠᠷᠬᠤ ᠳᠠᠷᠤᠭ᠎ᠠ ᠶᠢᠨ ᠳᠦᠷᠢᠮ︾ ᠢ ᠪᠡᠶᠡᠯᠡᠭᠦᠯᠵᠦ᠂ | ︽ᠣᠶ ᠰᠢᠭᠤᠢ ᠨᠤᠲᠤᠭ ᠪᠡᠯᠴᠢᠭᠡᠷ ᠢ ᠬᠠᠮᠢᠶᠠᠷᠬᠤ ᠳᠠᠷᠤᠭ᠎ᠠ ᠶᠢᠨ ᠵᠠᠰᠠᠯᠲᠠ︾ ᠶᠢ ᠠᠬᠢᠭᠤᠯᠬᠤ ᠬᠡᠷᠡᠭᠲᠡᠢ ᠭᠡᠪᠡ᠃ | | |