ᠰᠤᠷᠤᠯᠴᠠᠯᠭ᠎ᠠ ᠶᠢ ᠰᠡᠳᠬᠢᠯ ᠵᠢᠷᠦᠬᠡᠨ ᠳᠤ ᠪᠠᠨ ᠬᠠᠳᠠᠩᠰᠢᠭᠤᠯᠵᠤ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠤᠶ᠎ᠠ ᠮᠠᠨ ᠤ ᠣᠷᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠰᠢᠷᠢᠰ ᠰᠢᠭᠤᠳ ᠨᠡᠪᠲᠡᠷᠡᠭᠦᠯᠭᠡ ᠶᠢᠨ ᠬᠢᠴᠢᠶᠡᠯ ᠲᠣᠬᠢᠷᠠᠭᠤᠯᠪᠠ
ᠨᠡᠶᠢᠲᠡᠯᠡᠭᠰᠡᠨ ᠴᠠᠭ᠄
2023/4/20
       ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠤᠰᠠᠳᠠ᠂ ᠥᠪᠥᠷ ᠮᠣᠩᠭᠤᠯ ᠤᠨ ᠺᠠᠳ᠋ᠷᠴᠤᠳ ᠤᠨ ᠰᠦᠯᠵᠢᠶᠡᠨ ᠤ ᠳᠡᠭᠡᠳᠦ ᠰᠤᠷᠭᠠᠭᠤᠯᠢ ᠶᠢᠨ ︽ᠤᠮᠠᠷᠠᠲᠤ ᠶᠢᠨ ᠡᠭᠦᠯᠡᠨ ᠬᠢᠴᠢᠶᠡᠯ ᠤᠨ ᠲᠠᠩᠬᠢᠮ︾ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠰᠢᠷᠢᠰ ᠰᠢᠭᠤᠳ ᠨᠡᠪᠲᠡᠷᠡᠭᠦᠯᠭᠡ ᠶᠢᠨ ᠬᠢᠴᠢᠶᠡᠯ ᠲᠣᠬᠢᠷᠠᠭᠤᠯᠪᠠ᠃ 4 ᠳ᠋ᠦ᠋ᠭᠡᠷ ᠰᠠᠷ᠎ᠠ ᠶᠢᠨ 13 ᠤ ᠡᠳᠦᠷ ᠤᠨ ᠰᠢᠭᠤᠳ ᠨᠡᠪᠲᠡᠷᠡᠭᠦᠯᠭᠡ ᠶᠢᠨ ᠬᠢᠴᠢᠶᠡᠯ ᠳᠡᠭᠡᠷ᠎ᠡ᠂ ᠲᠥᠪ ᠤᠨ ᠨᠠᠮ ᠤᠨ ᠰᠤᠷᠭᠠᠭᠤᠯᠢ ᠶᠢᠨ ᠳᠡᠳ᠋ ᠰᠤᠷᠭᠠᠨ ᠬᠥᠮᠦᠵᠢᠯ ᠤᠨ ᠳᠠᠷᠤᠭ᠎ᠠ᠂ ᠭᠦᠨ ᠤᠬᠠᠭᠠᠨ ᠤ ᠬᠡᠯᠲᠡᠰ ᠤᠨ ᠡᠷᠬᠢᠯᠡᠭᠴᠢ᠂ ᠨᠢᠭᠡᠳᠦᠭᠡᠷ ᠳᠡᠰ ᠤᠨ ᠫᠷᠣᠹᠧᠰᠰᠣᠷ ᠬᠠᠨ ᠴᠢᠩ ᠰᠢᠶᠠᠩ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ ᠶᠢᠷᠲᠢᠨᠴᠦ ᠶᠢᠨ ᠦᠵᠡᠯᠲᠡ ᠠᠷᠭ᠎ᠠ ᠶᠢᠨ ᠤᠨᠤᠯ︾ ᠭᠡᠬᠦ ᠰᠡᠳᠦᠪ ᠢᠶᠠᠷ ᠠᠮᠢᠳᠤᠯᠢᠭ ᠪᠥᠭᠡᠳ ᠭᠦᠨᠵᠡᠭᠡᠢ ᠬᠠᠪᠰᠤᠷᠤᠨ ᠵᠢᠯᠤᠭᠤᠳᠴᠤ᠂ ᠪᠦᠬᠦ ᠣᠷᠣᠨ ᠤ ᠠᠩᠬᠠᠳᠠᠭᠴᠢ ᠪᠦᠯᠦᠭ ᠭᠤᠣᠯ ᠰᠡᠳᠦᠪᠲᠦ ᠬᠥᠮᠦᠵᠢᠯ ᠢ ᠥᠷᠨᠢᠭᠦᠯᠵᠦ ᠪᠠᠶᠢᠭ᠎ᠠ 161 ᠰᠠᠯᠠᠭ᠎ᠠ ᠮᠥᠴᠢᠷ ᠨᠢᠭᠡᠴᠢ ᠠᠴᠠ ᠨᠠᠮ ᠤᠨ ᠭᠡᠰᠢᠭᠦᠨ ᠺᠠᠳ᠋ᠷᠴᠤᠳ ᠢᠶᠠᠨ ᠵᠣᠬᠢᠶᠠᠨ ᠪᠠᠶᠢᠭᠤᠯᠵᠤ ᠰᠦᠯᠵᠢᠶᠡᠨ ᠳᠡᠭᠡᠷᠡᠬᠢ ᠬᠠᠪᠰᠤᠷᠤᠨ ᠵᠢᠯᠣᠭᠤᠳᠤᠯᠭ᠎ᠠ ᠶᠢ ᠬᠦᠯᠢᠶᠡᠨ ᠠᠪᠴᠤ ᠰᠣᠨᠣᠰᠴᠠᠢ᠃        ᠬᠠᠨ ᠴᠢᠩ ᠰᠢᠶᠠᠩ ᠫᠷᠣᠹᠧᠰᠰᠣᠷ ᠣᠨᠣᠯ ᠪᠠ ᠦᠢᠯᠡᠳᠦᠯᠭᠡ ᠲᠠᠢ ᠤᠶᠠᠯᠳᠤᠭᠤᠯᠤᠨ᠂ ︽ᠵᠢᠷᠭᠤᠭ᠎ᠠ ᠶᠢ ᠡᠷᠬᠡᠪᠰᠢ ᠪᠠᠷᠢᠮᠲᠠᠯᠠᠬᠤ︾ ᠲᠤᠬᠠᠢ ᠭᠦᠨᠵᠡᠭᠡᠢ ᠲᠠᠶᠢᠯᠤᠮᠵᠢ ᠬᠢᠵᠦ᠂ ︽ᠠᠩᠬ᠎ᠠ ᠤᠳᠠᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠤᠬᠠᠢ ᠲᠠᠨᠢᠯᠲᠠ ᠶᠢ ᠭᠦᠨ ᠤᠬᠠᠭᠠᠨ ᠤ ᠲᠦᠪᠰᠢᠨ ᠳᠤ ᠬᠦᠷᠭᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠦᠨ ᠤᠬᠠᠭᠠᠨ ᠤ ᠰᠢᠨ᠎ᠡ ᠠᠬᠤᠢ ᠪᠠᠶᠢᠳᠠᠯ ᠢ ᠨᠡᠭᠡᠭᠡᠪᠠ︾᠂ ︽ᠠᠩᠬ᠎ᠠ ᠤᠳᠠᠭ᠎ᠠ ︿ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠤᠨᠤᠯ﹀ ᠢᠶᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠳᠤ ᠠᠭᠤᠯᠤᠭᠳᠠᠵᠤ ᠪᠠᠶᠢᠭ᠎ᠠ ᠣᠭᠢ ᠲᠠᠯᠠᠰᠲᠤ ᠪᠠ ᠴᠢᠬᠤᠯᠠ ᠠᠭᠤᠯᠭ᠎ᠠ ᠶᠢ ᠠᠭᠰᠢᠭᠠᠨ ᠬᠤᠷᠢᠶᠠᠩᠭᠤᠶᠢᠯᠠᠪᠠ︾᠂ ︽ᠠᠩᠬ᠎ᠠ ᠤᠳᠠᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨ᠎ᠡ ᠡᠭᠦᠳᠦᠯᠲᠡ ᠶᠢ ᠪᠠᠭᠲᠠᠭᠠᠭᠰᠠᠨ ᠤᠨᠤᠯ ᠤᠨ ᠰᠢᠨ᠎ᠡ ᠡᠭᠦᠳᠦᠯᠲᠡ ᠶᠢ ᠤᠯᠠᠮ ᠨᠢᠭᠡ ᠠᠯᠬᠤᠮ ᠠᠬᠢᠭᠤᠯᠬᠤ ᠳᠤ ᠴᠢᠭᠯᠡᠯ ᠢ ᠲᠣᠳᠣᠷᠬᠠᠢ ᠵᠢᠭᠠᠵᠤ᠂ ᠰᠡᠳᠬᠢᠮᠵᠢ ᠪᠠ ᠪᠦᠳᠦᠭᠦᠪᠴᠢ ᠲᠥᠰᠥᠪ ᠭᠠᠷᠭᠠᠵᠤ ᠥᠭᠪᠡ︾ ᠭᠡᠬᠦ ᠭᠤᠷᠪᠠᠨ ᠲᠠᠯ᠎ᠠ ᠠᠴᠠ ᠨᠠᠮ ᠤᠨ ᠭᠡᠰᠢᠭᠦᠨ ᠺᠠᠳ᠋ᠷᠴᠤᠳ ᠲᠤ ᠭᠦᠨᠵᠡᠭᠡᠢ ᠪᠥᠭᠡᠳ ᠰᠢᠰᠲ᠋ᠧᠮ ᠲᠠᠢ ᠪᠠᠷ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠪᠡ᠃        ᠬᠠᠪᠰᠤᠷᠤᠨ ᠵᠢᠯᠣᠭᠤᠳᠤᠯᠭ᠎ᠠ ᠶᠢ ᠰᠣᠨᠣᠰᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠰᠤᠳᠤᠯᠬᠤ ᠲᠠᠰᠤᠭ ᠤᠨ ᠳᠡᠳ᠋ ᠡᠷᠬᠢᠯᠡᠭᠴᠢ ᠸᠠᠩ ᠴᠧᠩ ᠪᠢᠨ ᠶᠡᠬᠡᠳᠡ ᠤᠷᠮ᠎ᠠ ᠵᠣᠷᠢᠭ ᠣᠷᠣᠭᠰᠠᠨ ᠪᠠᠶᠢᠨ᠎ᠠ᠃ ᠲᠡᠭᠦᠨ ᠤ ᠦᠵᠡᠬᠦ ᠪᠠᠷ᠂ ᠦᠨᠳᠦᠰᠦᠲᠡᠨ ᠤ ᠰᠡᠷᠭᠦᠨ ᠮᠠᠨᠳᠤᠯᠲᠠ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠰᠢᠨ᠎ᠡ ᠠᠶᠠᠨ ᠳᠤ ᠮᠣᠷᠳᠠᠬᠤ ᠳᠤ᠂ ᠤᠨᠤᠯ ᠤᠨ ᠭᠡᠷᠡᠯ ᠭᠢᠯᠪᠠᠭ᠎ᠠ ᠪᠠᠷ ᠤᠷᠤᠭᠰᠢᠯᠠᠯᠲᠠ ᠶᠢᠨ ᠵᠠᠮ ᠢ ᠭᠡᠷᠡᠯᠳᠦᠬᠦᠯᠵᠦ᠂ ᠦᠵᠡᠯ ᠰᠠᠨᠠᠭᠠᠨ ᠤ ᠲᠤᠭ ᠲᠡᠮᠳᠡᠭ ᠢᠶᠠᠷ ᠲᠡᠷᠢᠭᠦᠯᠡᠬᠦ ᠬᠥᠭᠵᠢᠯᠲᠡ ᠶᠢ ᠬᠥᠲᠥᠯᠥᠨ ᠵᠢᠯᠣᠭᠤᠳᠤᠭᠤᠯᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠣᠭᠢ ᠲᠠᠯᠠᠰᠲᠤ ᠪᠣᠯᠣᠨ ᠠᠮᠢᠨ ᠰᠦᠨᠡᠰᠦ ᠶᠢ ᠪᠦᠬᠦ ᠲᠠᠯ᠎ᠠ ᠪᠠᠷ ᠣᠨᠣᠪᠴᠢᠲᠠᠢ ᠡᠵᠡᠮᠳᠡᠵᠦ᠂ ᠦᠨᠡᠨ ᠬᠦ ᠣᠶᠣᠨ ᠰᠠᠨᠠᠭ᠎ᠠ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠢ ᠭᠡᠵᠡᠢ᠃        ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠤᠨ ᠪᠣᠯᠪᠠᠰᠤᠷᠠᠯ ᠳᠤ ᠣᠷᠣᠯᠴᠠᠭᠰᠠᠨ ᠺᠠᠳ᠋ᠷᠴᠤᠳ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠢᠲᠡᠭᠡᠯ ᠬᠦᠰᠡᠯᠡᠩ ᠢᠶᠠᠨ ᠪᠠᠲᠤᠳᠬᠠᠵᠤ᠂ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠬᠤ ᠪᠠ ᠦᠢᠯᠡᠳᠦᠯᠭᠡ ᠪᠠᠨ ᠵᠢᠯᠣᠭᠤᠳᠤᠭᠤᠯᠬᠤ᠂ ᠠᠵᠢᠯ ᠢ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠤᠯᠠᠷᠢᠭᠤᠯᠬᠤ ᠬᠡᠷᠡᠭᠲᠡᠢ᠃ ᠪᠠᠶᠢᠴᠠᠭᠠᠨ ᠰᠤᠳᠤᠯᠤᠯᠲᠠ ᠶᠢ ᠰᠠᠶᠢᠲᠤᠷ ᠬᠢᠵᠦ᠂ ᠦᠨᠳᠦᠰᠦᠨ ᠱᠠᠲᠤ ᠪᠣᠯᠣᠨ ᠠᠵᠤ ᠠᠬᠤᠶᠢᠯᠠᠯ ᠳᠤ ᠦᠨᠡᠨ ᠪᠣᠳᠠᠲᠠᠢ ᠠᠵᠢᠯ ᠬᠢᠵᠦ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠠᠵᠤ ᠦᠢᠯᠡᠳᠪᠦᠷᠢ ᠪᠣᠯᠣᠨ ᠮᠡᠳᠡᠭᠡ ᠵᠠᠩᠭᠢᠴᠢᠯᠠᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠦ ᠰᠠᠨᠠᠯ ᠨᠢᠭᠡᠲᠡᠢ ᠦᠵᠡᠵᠡᠭᠡᠪᠡ᠃        ︽ᠬᠠᠨ ᠫᠷᠣᠹᠧᠰᠰᠣᠷ ᠤᠨ ᠬᠠᠪᠰᠤᠷᠤᠨ ᠵᠢᠯᠣᠭᠤᠳᠤᠯᠭ᠎ᠠ ᠶᠢ ᠰᠣᠨᠣᠰᠤᠭᠠᠳ ᠭᠦᠨᠵᠡᠭᠡᠢ ᠰᠡᠩᠬᠡᠷᠡᠭᠦᠯᠦᠯ ᠣᠯᠪᠠ᠂ ᠪᠢᠳᠡ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠠᠵᠢᠯ ᠤᠨ ᠦᠢᠯᠡᠳᠦᠯᠭᠡ ᠪᠣᠯᠭᠠᠨ ᠤᠯᠠᠷᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ︿ᠳᠡᠭᠡᠳᠦ ᠬᠢᠵᠠᠭᠠᠷ﹀ ᠢ ᠬᠦᠴᠦᠯᠡᠨ ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠤᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠬᠢᠨᠠᠨ ᠬᠠᠮᠢᠶᠠᠷᠬᠤ ᠭᠠᠵᠠᠷ ᠤᠨ ᠳᠡᠳ᠋ ᠳᠠᠷᠤᠭ᠎ᠠ ᠯᠢᠦ ᠵᠢᠶᠠ ᠴᠢᠩ ᠬᠡᠯᠡᠪᠡ᠃        ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠰᠢᠤᠸᠠᠢ ᠵᠢᠩ ᠢᠯᠡᠷᠬᠡᠶᠢᠯᠡᠬᠦ ᠳᠤ ᠪᠠᠨ᠂ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠣᠶᠣᠨ ᠰᠡᠳᠬᠢᠯ ᠢᠶᠠᠨ ᠨᠢᠭᠲᠠᠷᠠᠭᠤᠯᠤᠨ ᠰᠦᠭ ᠰᠦᠨᠡᠰᠦ ᠶᠢ ᠱᠤᠭᠤᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠬᠤ᠂ ᠪᠦᠬᠦ ᠲᠠᠯ᠎ᠠ ᠪᠠᠷ ᠡᠵᠡᠮᠰᠢᠬᠦ ᠪᠠ ᠪᠦᠬᠦ ᠲᠠᠯ᠎ᠠ ᠪᠠᠷ ᠲᠤᠭᠤᠰᠢᠯᠠᠭᠤᠯᠬᠤ ᠲᠠᠯ᠎ᠠ ᠪᠠᠷ ᠬᠦᠴᠦ ᠲᠠᠯᠪᠢᠵᠤ᠂ ᠲᠤᠬᠠᠶᠢᠯᠠᠭᠰᠠᠨ ᠠᠵᠢᠯ ᠤᠨ ᠪᠠᠶᠢᠷᠢ ᠳᠤ ᠪᠠᠨ ᠰᠠᠭᠤᠷᠢᠯᠠᠵᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠣᠯᠣᠨ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠪᠡ᠃        ᠣᠳᠣᠬᠠᠨ ᠳᠤ᠂ ᠰᠢᠷᠢᠰ ᠰᠢᠭᠤᠳ ᠨᠡᠪᠲᠡᠷᠡᠭᠦᠯᠭᠡ ᠶᠢᠨ ᠬᠢᠴᠢᠶᠡᠯ ᠢ ᠨᠢᠭᠡᠨᠲᠡ ᠬᠤᠶᠠᠷ ᠬᠤᠭᠤᠴᠠᠭ᠎ᠠ ᠶᠠᠪᠤᠭᠳᠠᠭᠤᠯᠤᠭᠰᠠᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号