ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ 4 ᠰᠠᠷ᠎ᠠ ᠶᠢᠨ 1 ᠤ ᠡᠳᠦᠷ | ᠸᠠᠩ ᠯᠢ ᠰᠢᠶᠠ ᠪᠦᠭᠦ ᠣᠷᠣᠨ ᠤ ᠠᠮᠤᠷ ᠲᠦᠪᠰᠢᠨ ᠤ ᠭᠡᠮ ᠰᠣᠭᠤᠭ ᠢ ᠶᠡᠭᠡ ᠪᠠᠷ ᠵᠢᠭᠰᠠᠭᠠᠨ ᠪᠠᠶᠢᠴᠠᠭᠠᠵᠤ | ᠶᠡᠭᠡ ᠪᠠᠷ ᠴᠡᠭᠴᠡᠯᠡᠨ ᠵᠠᠰᠠᠵᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠸᠢᠳᠢᠤ᠋ | ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠪᠤᠶᠢᠮ᠎ᠠ ᠠᠰᠠᠭᠤᠳᠠᠯ ᠢ ᠵᠠᠷᠯᠠᠨ ᠨᠡᠶᠢᠲᠡᠯᠡᠵᠦ᠂ | ᠤᠴᠢᠷ ᠰᠢᠯᠲᠠᠭᠠᠨ ᠢ ᠨᠢ ᠭᠦᠨᠵᠡᠭᠡᠢ ᠵᠠᠳᠠᠯᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠲᠣᠳᠣᠷᠬᠠᠶᠢᠯᠠᠪᠠ᠃ | | ᠸᠠᠩ ᠯᠢ ᠰᠢᠶᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠳᠡᠳ᠋ ᠶᠡᠷᠦᠩᠬᠡᠢ ᠰᠠᠶᠢᠳ ᠵᠠᠩ ᠭᠦᠸᠧ ᠴᠢᠩ ᠤᠨ ᠮᠠᠨ ᠤ | ᠣᠷᠣᠨ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠳᠤ ᠳᠤᠷᠠᠳᠤᠭᠰᠠᠨ ᠠᠵᠢᠯ ᠤᠨ ᠱᠠᠭᠠᠷᠳᠠᠯᠭ᠎ᠠ ᠶᠣᠰᠣᠭᠠᠷ᠂ ᠲᠤᠭ | ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠭᠢᠮᠯᠡᠭᠦ ᠪᠠ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ | ᠳᠡᠭᠡᠳᠦᠯᠡᠬᠦ ᠥᠨᠳᠥᠷᠴᠡ ᠠᠴᠠ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠶᠢ ᠯᠠᠪᠳᠠᠭᠤᠨ | ᠪᠠᠲᠤᠲᠠᠢ ᠠᠬᠢᠭᠤᠯᠵᠤ᠂ ᠨᠠᠷᠢᠨ ᠬᠢᠨᠠᠮᠠᠭᠠᠢ ᠦᠭᠡᠢ᠂ ᠬᠠᠲᠠᠭᠤ ᠲᠠᠢ ᠨᠢ ᠬᠠᠯᠳᠠᠬᠤ ᠦᠭᠡᠢ ᠪᠠ ᠠᠶᠤᠯ ᠲᠦᠭᠰᠢᠭᠦᠷᠢ ᠶᠢ | ᠪᠦᠭᠦ ᠲᠠᠯ᠎ᠠ ᠪᠠᠷ ᠲᠦᠢᠯᠪᠤᠷᠢᠲᠠᠢ ᠵᠢᠭᠰᠠᠭᠠᠨ ᠪᠠᠶᠢᠴᠠᠭᠠᠬᠤ ᠦᠭᠡᠢ᠂ ᠭᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠨᠢ | ᠬᠠᠰᠢ ᠶᠠᠰᠢ ᠪᠠᠷ ᠥᠩᠭᠡᠷᠡᠭᠡᠬᠦ ᠬᠡᠯᠪᠡᠷᠢᠴᠢᠯᠡᠬᠦ ᠵᠡᠷᠭᠡ ᠲᠣᠪᠤᠶᠢᠮ᠎ᠠ ᠠᠰᠠᠭᠤᠳᠠᠯ ᠢ ᠡᠷᠡᠰ ᠬᠤᠷᠢᠭᠯᠠᠬᠤ ᠬᠡᠷᠡᠭᠲᠡᠢ᠃ | ᠨᠢᠭᠡ ᠳᠤ᠂ ᠬᠦᠴᠦᠨ ᠢᠶᠠᠨ ᠲᠥᠪᠯᠡᠷᠡᠭᠦᠯᠦᠨ᠂ ᠬᠠᠲᠠᠭᠤ ᠴᠢᠩᠭ᠎ᠠ ᠠᠷᠭ᠎ᠠ ᠬᠡᠮᠵᠢᠶ᠎ᠡ ᠠᠪᠴᠤ ᠠᠭᠤᠷᠬᠠᠢ ᠶᠢᠨ ᠠᠮᠤᠷ | ᠲᠦᠪᠰᠢᠨ ᠢ ᠰᠠᠶᠢᠲᠤᠷ ᠠᠳᠬᠤᠵᠤ᠂ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠲᠡᠷᠡ ᠶᠣᠰᠣᠭᠠᠷ ᠨᠢ ᠠᠬᠢᠭᠤᠯᠵᠤ᠂ ᠠᠩᠬ᠎ᠠ ᠠᠯᠬᠤᠮ ᠤᠨ ᠵᠢᠷᠤᠵᠤ ᠲᠥᠯᠥᠪᠯᠡᠭᠰᠡᠨ | ᠶᠣᠰᠣᠭᠠᠷ ᠬᠢᠬᠦ ᠦᠭᠡᠢ ᠳᠦᠷᠢᠮ ᠲᠣᠭᠲᠠᠭᠠᠯ ᠠᠴᠠ ᠵᠥᠷᠢᠴᠡᠨ ᠦᠢᠯᠡᠳᠪᠦᠷᠢᠯᠡᠬᠦ᠂ ᠬᠠᠤᠯᠢ ᠲᠣᠭᠲᠠᠭᠠᠯ ᠠᠴᠠ | ᠵᠥᠷᠢᠴᠡᠨ ᠰᠠᠯᠭᠠᠨ ᠳᠠᠭᠠᠭᠠᠴᠢᠯᠠᠬᠤ᠂ ᠳᠠᠭᠠᠭᠠᠴᠢᠯᠠᠭᠤᠯᠬᠤ᠂ ᠳᠠᠭᠠᠭᠠᠴᠢᠯᠠᠬᠤ᠂ ︽ᠲᠣᠷᠭᠠᠭᠳᠠᠪᠠᠴᠤ ᠵᠠᠯᠠᠷᠠᠭᠤᠯᠬᠤ | ᠦᠭᠡᠢ︾ ᠪᠠᠶᠢᠬᠤ 3 ᠲᠤᠰᠬᠠᠢ ᠵᠠᠰᠠᠯᠲᠠ ᠶᠢ ᠭᠦᠨᠵᠡᠭᠡᠢ ᠥᠷᠨᠢᠭᠦᠯᠬᠦ ᠬᠡᠷᠡᠭᠲᠡᠢ᠃ ᠬᠤᠶᠠᠷ ᠲᠤ᠂ ᠬᠦᠴᠦᠨ ᠢᠶᠠᠨ | ᠲᠥᠪᠯᠡᠷᠡᠭᠦᠯᠦᠨ᠂ ᠬᠠᠲᠠᠭᠤ ᠴᠢᠩᠭ᠎ᠠ ᠠᠷᠭ᠎ᠠ ᠬᠡᠮᠵᠢᠶ᠎ᠡ ᠠᠪᠴᠤ ᠠᠶᠤᠯ ᠲᠦᠭᠰᠢᠭᠦᠷᠢ ᠭᠡᠮ ᠰᠣᠭᠤᠭ ᠢ ᠴᠡᠭᠴᠡᠯᠡᠨ | ᠵᠠᠰᠠᠬᠤ ᠠᠵᠢᠯ ᠢ ᠴᠢᠩᠭ᠎ᠠ ᠠᠳᠬᠤᠵᠤ᠂ 9 ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶ᠎ᠡ ᠴᠠᠷᠠᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠨᠢᠭᠡᠳ ᠨᠢᠭᠡ ᠪᠠᠷ ᠮᠥᠷᠳᠡᠨ ᠵᠢᠯᠤᠭᠤᠳᠴᠤ᠂ ᠬᠠᠷᠢᠯᠴᠠᠨ ᠪᠠᠶᠢᠴᠠᠭᠠᠵᠤ ᠬᠠᠷᠢᠯᠴᠠᠨ | ᠰᠤᠷᠤᠯᠴᠠᠬᠤ ᠶᠢ ᠭᠦᠨᠵᠡᠭᠡᠶᠢᠷᠡᠭᠦᠯᠵᠦ᠂ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠢ | ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ᠃ ᠭᠤᠷᠪᠠ ᠳᠤ᠂ ᠬᠦᠴᠦᠨ ᠢᠶᠠᠨ ᠲᠥᠪᠯᠡᠷᠡᠭᠦᠯᠦᠨ᠂ ᠬᠠᠲᠠᠭᠤ ᠴᠢᠩᠭ᠎ᠠ | ᠠᠷᠭ᠎ᠠ ᠬᠡᠮᠵᠢᠶ᠎ᠡ ᠠᠪᠴᠤ ᠣᠳᠣᠬᠠᠨ ᠤ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠵᠦ᠂ ᠬᠠᠷᠢᠭᠤᠴᠠᠯᠭ᠎ᠠ ᠶᠢ | ᠪᠣᠳᠠᠲᠠᠢ ᠳᠤ ᠨᠠᠶᠢᠳᠠᠪᠤᠷᠢᠵᠢᠭᠤᠯᠤᠭᠰᠠᠨ ᠦᠭᠡᠢ᠂ ᠬᠢᠨᠠᠯᠲᠠ ᠬᠠᠮᠢᠶᠠᠷᠤᠯᠲᠠ ᠬᠠᠤᠯᠢ ᠬᠡᠷᠡᠭᠵᠢᠭᠦᠯᠦᠯᠲᠡ ᠴᠢᠩᠭ᠎ᠠ ᠪᠤᠰᠤ᠂ | ᠠᠵᠢᠯ ᠲᠥᠷᠥᠯ ᠤᠨ ᠬᠠᠮᠢᠶᠠᠷᠤᠯᠲᠠ ᠵᠢᠷᠤᠮᠵᠢᠩᠭᠤᠢ ᠪᠤᠰᠤ᠂ ᠠᠶᠤᠯᠭᠦᠢ ᠦᠢᠯᠡᠳᠪᠦᠷᠢᠯᠡᠯ ᠤᠨ ᠬᠠᠲᠠᠭᠤ ᠠᠷᠭ᠎ᠠ | ᠬᠡᠮᠵᠢᠶ᠎ᠡ ᠴᠢᠩᠭ᠎ᠠ ᠪᠢᠰᠢ᠂ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠶᠢ | ᠬᠥᠮᠥᠨ ᠨᠢᠭᠡ ᠪᠦᠷᠢ ᠳᠤ ᠨᠠᠶᠢᠳᠠᠪᠤᠷᠢᠵᠢᠭᠤᠯᠤᠭᠰᠠᠨ ᠦᠭᠡᠢ ᠵᠡᠷᠭᠡ 5 ᠲᠥᠷᠥᠯ ᠤᠨ ᠠᠰᠠᠭᠤᠳᠠᠯ ᠢ | ᠭᠤᠣᠯᠳᠠᠯᠭ᠎ᠠ ᠲᠠᠢ ᠰᠢᠢᠳᠪᠦᠷᠢᠯᠡᠵᠦ᠂ ᠲᠦᠢᠯ ᠢᠶᠠᠷ ᠰᠡᠳᠬᠢᠯ ᠲᠠᠯᠪᠢᠵᠤ᠂ ᠲᠦᠢᠯ ᠢᠶᠠᠷ ᠠᠩᠬᠠᠷᠤᠯ ᠲᠠᠯᠪᠢᠵᠤ᠂ | ᠲᠦᠢᠯ ᠢᠶᠠᠷ ᠬᠠᠷᠢᠭᠤᠴᠠᠵᠤ ᠶᠡᠭᠡ ᠪᠠᠷ ᠵᠢᠭᠰᠠᠭᠠᠨ ᠪᠠᠶᠢᠴᠠᠭᠠᠬᠤ ᠶᠡᠭᠡ ᠪᠠᠷ ᠴᠡᠭᠴᠡᠯᠡᠨ ᠵᠠᠰᠠᠬᠤ ᠶᠢ ᠰᠠᠶᠢᠲᠤᠷ | ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠸᠠᠩ ᡁᠢ ᠴᠢᠶᠠᠩ᠂ ᠶᠣᠣ ᠶᠦᠩ ᠪᠦᠸᠧ᠂ ᠪᠠᠢ ᠴᠢᠩ ᠶᠤᠸᠠᠨ ᠲᠣᠬᠢᠷᠠᠭᠤᠯᠤᠯᠲᠠ ᠶᠢᠨ ᠬᠤᠷᠠᠯ ᠳᠤ | ᠣᠷᠣᠯᠴᠠᠵᠠᠢ᠃ | | |