ᠥᠪᠥᠷ ᠮᠣᠩᠭᠤᠯ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠴᠢᠩᠭ᠎ᠠ ᠰᠡᠷᠭᠡᠶᠢᠯᠡᠵᠦ ᠪᠤᠢ
ᠨᠡᠶᠢᠲᠡᠯᠡᠭᠰᠡᠨ ᠴᠠᠭ᠄
2023/4/4
       ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠴᠢᠩᠭᠠᠳᠬᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠪᠠ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠤᠰᠠᠳᠠ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠵᠠᠷᠯᠢᠭ ᠨᠡᠶᠢᠲᠡᠯᠡᠵᠦ᠂ 2023 ᠣᠨ ᠤ 4 ᠳ᠋ᠦ᠋ᠭᠡᠷ ᠰᠠᠷ᠎ᠠ ᠶᠢᠨ 1 ᠤ ᠡᠳᠦᠷ ᠠᠴᠠ 5 ᠳ᠋ᠤᠭᠠᠷ ᠰᠠᠷ᠎ᠠ ᠶᠢᠨ 31 ᠤ ᠡᠳᠦᠷ ᠪᠣᠯᠲᠠᠯᠠᠬᠢ ᠬᠤᠭᠤᠴᠠᠭ᠎ᠠ ᠶᠢ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠬᠤ ᠬᠤᠭᠤᠴᠠᠭ᠎ᠠ ᠪᠠᠷ ᠲᠣᠭᠲᠠᠭᠠᠪᠠ᠃        ᠵᠠᠷᠯᠢᠭ ᠲᠤ᠂ ᠡᠯ᠎ᠡ ᠱᠠᠲᠤ ᠡᠯ᠎ᠡ ᠭᠠᠵᠠᠷ ᠤᠨ ᠬᠢᠨ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠵᠠᠰᠠᠭ ᠵᠠᠬᠢᠷᠭᠠᠨ ᠤ ᠳᠠᠷᠤᠭ᠎ᠠ ᠶᠢᠨ ᠬᠠᠷᠢᠭᠤᠴᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠬᠠᠷᠢᠶ᠎ᠠ ᠭᠠᠵᠠᠷ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ  ᠠᠵᠢᠯ ᠲᠥᠷᠥᠯ ᠤᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠦᠢᠯᠡᠳᠪᠦᠷᠢᠯᠡᠭᠴᠢ ᠡᠵᠡᠩᠨᠡᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ᠂ ᠲᠣᠥᠷᠵᠢᠭᠤᠯᠤᠭᠰᠠᠨ ᠬᠠᠷᠢᠭᠤᠴᠠᠯᠭ᠎ᠠ ᠶᠢᠨ ᠲᠣᠭᠲᠠᠯᠴᠠᠭ᠎ᠠ ᠶᠢ ᠪᠠᠶᠢᠭᠤᠯᠬᠤ ᠬᠡᠷᠡᠭᠲᠡᠢ᠃ ᠡᠯ᠎ᠡ ᠱᠠᠲᠤᠨ ᠤ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ ᠭᠠᠵᠠᠷ ᠤᠨ ᠪᠦᠷᠢᠯᠳᠦᠭᠦᠨ ᠨᠢᠭᠡᠴᠢ ᠨᠦᠭᠦᠳ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠲᠠ ᠬᠠᠮᠵᠢᠯᠴᠠᠬᠤ ᠬᠡᠷᠡᠭᠲᠡᠢ᠃ ᠲᠦᠢᠮᠡᠷ ᠠᠴᠠ ᠰᠡᠷᠭᠡᠶᠢᠯᠡᠬᠦ ᠶᠢ ᠴᠢᠩᠭᠠᠳᠬᠠᠵᠤ᠂ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠨᠦᠭᠦᠳ ᠰᠢᠮᠳᠠᠭᠤᠯᠤᠨ ᠵᠢᠯᠤᠭᠤᠳᠴᠤ ᠪᠠᠶᠢᠴᠠᠭᠠᠬᠤ ᠪᠠ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠪᠠᠶᠢᠩᠭᠤᠵᠢᠭᠤᠯᠤᠨ ᠵᠣᠬᠢᠶᠠᠨ ᠪᠠᠶᠢᠭᠤᠯᠤᠨ ᠥᠷᠨᠢᠭᠦᠯᠵᠦ᠂ ᠵᠠᠩᠭᠢᠯᠠᠭ᠎ᠠ ᠶᠢᠨ ᠴᠢᠬᠤᠯᠠ ᠠᠰᠠᠭᠤᠳᠠᠯ ᠢ ᠫᠠᠶᠢᠰᠠ ᠡᠯᠭᠦᠨ ᠰᠢᠮᠳᠠᠭᠤᠯᠤᠨ ᠭᠦᠢᠴᠡᠳᠬᠡᠬᠦ ᠬᠡᠷᠡᠭᠲᠡᠢ᠃ ᠪᠠᠷᠢᠮᠵᠢᠶ᠎ᠠ ᠶᠣᠰᠣᠭᠠᠷ ᠲᠦᠢᠮᠡᠷ ᠢ ᠰᠡᠷᠭᠡᠶᠢᠯᠡᠨ ᠲᠤᠰᠠᠭᠠᠷᠯᠠᠬᠤ ᠪᠦᠰᠡ ᠭᠠᠷᠭᠠᠬᠤ ᠶᠢ ᠴᠢᠩᠳᠠᠯᠠᠵᠤ᠂ ᠮᠣᠩᠭᠤᠯ ᠤᠯᠤᠰ᠂ ᠣᠷᠣᠰ ᠤᠨ ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ ᠬᠤᠯᠪᠣᠭ᠎ᠠ ᠠᠪᠴᠤ ᠬᠤᠯᠪᠤᠭᠠᠯᠠᠨ ᠰᠡᠷᠭᠡᠶᠢᠯᠡᠬᠦ ᠶᠢ ᠴᠢᠩᠭᠠᠳᠬᠠᠨ᠂ ᠬᠥᠷᠰᠢ ᠵᠡᠷᠭᠡᠯᠡᠳᠡᠭᠡ ᠭᠠᠵᠠᠷ ᠣᠷᠣᠨ ᠤ ᠨᠢᠭᠡᠴᠢ ᠶᠢᠨ ᠬᠤᠭᠤᠷᠣᠨᠳᠣᠬᠢ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠶᠢ ᠴᠢᠩᠭᠠᠷᠠᠭᠤᠯᠬᠤ ᠬᠡᠷᠡᠭᠲᠡᠢ᠃ ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠬᠤ ᠬᠤᠭᠤᠴᠠᠭᠠᠨ ᠳᠤ᠂ ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠬᠤ ᠣᠷᠣᠨ ᠬᠡᠪᠴᠢᠶᠡᠨ ᠳᠠᠬᠢ ᠬᠡᠭᠡᠷ᠎ᠡ ᠭᠠᠳᠠᠨ᠎ᠠ ᠦᠢᠯᠡᠳᠪᠦᠷᠢᠯᠡᠯ ᠤᠨ ᠪᠤᠰᠤ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠬᠡᠭᠡᠷ᠎ᠡ ᠭᠠᠳᠠᠨᠠᠬᠢ ᠦᠢᠯᠡᠳᠪᠦᠷᠢᠯᠡᠯ ᠳᠤ ᠭᠠᠯ ᠬᠡᠷᠡᠭᠯᠡᠬᠦ ᠶᠢ ᠬᠢᠨᠠᠨ ᠵᠥᠪᠰᠢᠶᠡᠷᠡᠬᠦ ᠳᠦᠷᠢᠮ ᠢ ᠴᠢᠩᠭ᠎ᠠ ᠬᠡᠷᠡᠭᠵᠢᠭᠦᠯᠦᠨ᠂ ︽ᠭᠠᠯ ᠰᠡᠷᠭᠡᠶᠢᠯᠡᠬᠦ ᠺᠣᠳ᠋︾ ᠭᠠᠷᠭᠠᠵᠤ᠂ ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠬᠤ ᠣᠷᠣᠨ ᠬᠡᠪᠴᠢᠶᠡᠨ ᠳᠤ ᠣᠷᠣᠵᠤ ᠢᠷᠡᠭᠰᠡᠨ ᠬᠥᠮᠥᠨ ᠬᠢᠭᠡᠳ ᠲᠡᠷᠭᠡ ᠬᠥᠰᠬᠡ ᠶᠢ ᠴᠢᠩᠭ᠎ᠠ ᠵᠠᠬᠢᠷᠤᠨ ᠬᠠᠮᠢᠶᠠᠷᠬᠤ ᠬᠡᠷᠡᠭᠲᠡᠢ᠃ ᠡᠭᠦᠨ ᠤ ᠬᠠᠮᠲᠤ᠂ ᠤᠢ ᠰᠢᠭᠤᠢ ᠶᠢᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠡᠷᠴᠢᠮ ᠢ ᠴᠢᠩᠭᠠᠷᠠᠭᠤᠯᠬᠤ ᠬᠡᠷᠡᠭᠲᠡᠢ᠃        ᠡᠯ᠎ᠡ ᠱᠠᠲᠤᠨ ᠤ ᠲᠦᠢᠮᠡᠷ ᠢ ᠰᠡᠷᠭᠡᠶᠢᠯᠡᠨ ᠤᠨᠲᠠᠷᠠᠭᠠᠬᠤ ᠰᠠᠯᠠᠭ᠎ᠠ ᠮᠥᠴᠢᠷ ᠪᠣᠯᠣᠨ ᠬᠠᠷᠢᠭᠤᠴᠠᠯᠭᠠᠲᠤ ᠨᠢᠭᠡᠴᠢ ᠨᠦᠭᠦᠳ 24 ᠴᠠᠭ ᠢᠶᠠᠷ ᠵᠢᠵᠢᠭᠦᠷᠯᠡᠬᠦ᠂ ᠤᠳᠤᠷᠢᠳᠤᠯᠭ᠎ᠠ ᠵᠢᠵᠢᠭᠦᠷ ᠳᠠᠭᠠᠭᠤᠯᠬᠤ᠂ ᠲᠦᠢᠮᠡᠷ ᠤᠨ ᠪᠠᠶᠢᠳᠠᠯ ᠤᠨ ᠮᠡᠳᠡᠭᠡ ᠵᠠᠩᠭᠢ ᠶᠢ ︽ᠰᠢᠰᠲ᠋ᠧᠮ ᠢᠶᠠᠷ ᠮᠡᠳᠡᠭᠦᠯᠬᠦ︾᠂ ︽ᠲᠦᠢᠮᠡᠷ ᠪᠠᠶᠢᠪᠠᠯ ᠡᠷᠬᠡᠪᠰᠢ ᠮᠡᠳᠡᠭᠦᠯᠬᠦ︾ ᠪᠠ ᠴᠢᠬᠤᠯᠠ ᠴᠠᠭ ᠬᠤᠭᠤᠴᠠᠭᠠᠨ ᠤ ︽ᠡᠳᠦᠷ ᠤᠨ ᠮᠡᠳᠡᠭᠦᠯᠦᠯᠲᠡ︾᠂ ︽ᠲᠦᠢᠮᠡᠷ ᠦᠭᠡᠢ ᠴᠦ ᠮᠡᠳᠡᠭᠦᠯᠬᠦ︾ ᠳᠦᠷᠢᠮ ᠢ ᠴᠢᠩᠭ᠎ᠠ ᠬᠡᠷᠡᠭᠵᠢᠭᠦᠯᠵᠦ᠂ ᠮᠡᠳᠡᠭᠦᠯᠬᠦ ᠦᠭᠡᠢ ᠨᠢᠭᠤᠬᠤ᠂ ᠤᠳᠠᠭᠠᠰᠢᠷᠠᠭᠤᠯᠤᠨ ᠮᠡᠳᠡᠭᠦᠯᠬᠦ ᠵᠡᠷᠭᠡ ᠥᠢᠯᠡ ᠠᠵᠢᠯᠯᠠᠭ᠎ᠠ ᠠᠴᠠ ᠬᠠᠤᠯᠢ ᠲᠣᠭᠲᠠᠭᠠᠯ ᠰᠠᠬᠢᠯᠭ᠎ᠠ ᠪᠠᠲᠤ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠨᠦᠭᠦᠳ ᠲᠦᠢᠮᠡᠷ ᠤᠨ ᠪᠠᠶᠢᠳᠠᠯ ᠢ ᠨᠢᠭᠲᠠ ᠬᠢᠨᠠᠨ ᠰᠢᠨᠵᠢᠯᠡᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠲᠡᠭᠦᠯᠳᠡᠷᠵᠢᠭᠦᠯᠦᠨ᠂ ᠡᠩᠨᠡᠭᠡᠨ ᠤ ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠵᠦ᠂ ᠶᠡᠷᠦᠩᠬᠡᠶᠢᠯᠡᠭᠰᠡᠨ ᠪᠠᠲᠤᠯᠠᠭ᠎ᠠ ᠶᠢ ᠴᠢᠩᠭᠠᠳᠬᠠᠨ᠂ ᠭᠡᠨᠡᠳᠲᠡ ᠡᠭᠦᠰᠦᠭᠰᠡᠨ ᠲᠦᠢᠮᠡᠷ ᠤᠨ ᠪᠠᠶᠢᠳᠠᠯ ᠳᠤ ᠦᠳᠲᠡᠷ ᠲᠦᠷᠭᠡᠨ ᠬᠦᠳᠡᠯᠦᠯᠴᠡᠵᠦ᠂ ᠥᠨᠳᠥᠷ ᠦᠷ᠎ᠡ ᠪᠦᠲᠦᠮᠵᠢᠲᠡᠶ ᠪᠠᠷ ᠰᠢᠢᠳᠪᠦᠷᠢᠯᠡᠨ᠂ ︽ᠡᠷᠲᠡᠬᠡᠨ ᠤᠨᠲᠠᠷᠠᠭᠠᠬᠤ᠂ ᠪᠠᠭ᠎ᠠ ᠳᠡᠭᠡᠷ᠎ᠡ ᠨᠢ ᠤᠨᠲᠠᠷᠠᠭᠠᠬᠤ᠂ ᠪᠦᠷᠢᠮᠦᠰᠦᠨ ᠤᠨᠲᠠᠷᠠᠭᠠᠬᠤ︾ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号