ᠮᠠᠨ ᠤ ᠬᠤᠰᠢᠭᠤ ᠬᠤᠶᠠᠳᠤᠭᠠᠷ ᠬᠤᠭᠤᠴᠠᠭᠠᠨ ᠤ ᠴᠠᠭ ᠠᠭᠤᠷ ᠤᠨ ᠮᠡᠳᠡᠯᠭᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/4/6
       ᠪᠦᠬᠦ ᠨᠡᠶᠢᠭᠡᠮ ᠢᠶᠠᠷ ᠢᠶᠠᠨ ᠠᠭᠤᠷ ᠠᠮᠢᠰᠬᠤᠯ ᠤᠨ ᠬᠤᠪᠢᠷᠠᠯᠲᠠ᠂ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠵᠢᠴᠢ ᠬᠠᠮᠢᠶ᠎ᠠ ᠪᠦᠬᠦᠢ ᠬᠦᠷᠢᠶ᠎ᠡ ᠴᠠᠷᠠᠭᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠡᠳᠡᠯᠭᠡ ᠶᠢ ᠬᠠᠮᠲᠤᠪᠠᠷ ᠠᠩᠬᠠᠷᠬᠤ ᠶᠢ ᠤᠷᠢᠶᠠᠯᠠᠬᠤ ᠶᠢᠨ ᠲᠥᠯᠥᠭᠡ᠂ ᠣᠶᠢᠷ᠎ᠠ ᠳᠤ ᠬᠤᠰᠢᠭᠤᠨ ᠤ ᠴᠠᠭ ᠠᠭᠤᠷ ᠤᠨ ᠲᠣᠪᠴᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠨᠣᠮ ᠤᠨ ᠰᠠᠩ ᠬᠠᠮᠲᠤᠷᠠᠨ ᠬᠤᠶᠠᠳᠤᠭᠠᠷ ᠬᠤᠭᠤᠴᠠᠭᠠᠨ ᠤ ᠴᠠᠭ ᠠᠭᠤᠷ ᠤᠨ ᠮᠡᠳᠡᠯᠭᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠵᠦ᠂ ᠴᠠᠭ ᠠᠭᠤᠷ ᠤᠨ ᠮᠡᠳᠡᠯᠭᠡ ᠶᠢ ᠲᠦᠭᠡᠮᠡᠯᠵᠢᠭᠦᠯᠦᠨ᠂ ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ ᠶᠢ ᠪᠠᠳᠠᠷᠠᠭᠤᠯᠪᠠ᠃
       ᠠᠵᠢᠯᠯᠠᠭ᠎ᠠ ᠳᠤ ᠣᠷᠣᠯᠴᠠᠭᠰᠠᠨ ᠬᠡᠦᠬᠡᠳ ᠤᠳ ᠦᠪᠡᠷ ᠦᠪᠡᠷ ᠤᠨ ᠪᠡᠯᠡᠳᠬᠡᠭᠰᠡᠨ ᠴᠠᠭ ᠠᠭᠤᠷ ᠤᠨ ᠮᠡᠳᠡᠯᠭᠡ ᠪᠠᠨ ᠬᠤᠪᠢᠶᠠᠯᠴᠠᠵᠤ᠂ ᠠᠬᠤᠢ ᠲᠠᠯᠠᠪᠠᠢ ᠶᠢᠨ ᠠᠭᠤᠷ ᠠᠮᠢᠰᠬᠤᠯ ᠬᠦᠭᠵᠢᠶᠡᠨᠲᠡᠢ ᠪᠠᠶᠢᠯ᠎ᠠ᠃ ᠳᠠᠷᠠᠭ᠎ᠠ ᠨᠢ ᠴᠠᠭ ᠠᠭᠤᠷ ᠤᠨ ᠲᠣᠪᠴᠢᠶ᠎ᠠ ᠶᠢᠨ ᠴᠠᠭ ᠠᠭᠤᠷ ᠤᠨ ᠠᠵᠢᠭᠯᠠᠯᠲᠠ ᠶᠢᠨ ᠦᠷᠲᠡᠭᠡ ᠶᠢ ᠲᠣᠭᠤᠷᠢᠨ ᠦᠵᠡᠵᠦ᠂ ᠴᠠᠭ ᠠᠭᠤᠷ ᠰᠢᠨᠵᠢᠯᠡᠬᠦ ᠤᠬᠠᠭᠠᠨ ᠤ ᠲᠦᠭᠡᠮᠡᠯᠵᠢᠯᠲᠡ ᠶᠢᠨ ᠬᠢᠴᠢᠶᠡᠯ ᠢ ᠰᠣᠨᠣᠰᠬᠤ ᠶᠢᠨ ᠬᠠᠮᠲᠤ᠂ ᠴᠠᠭ ᠠᠭᠤᠷ ᠤᠨ ᠬᠢᠨᠠᠨ ᠬᠡᠮᠵᠢᠬᠦ ᠲᠦᠬᠦᠭᠡᠷᠦᠮᠵᠢ ᠶᠢᠨ ᠴᠢᠳᠠᠮᠵᠢ᠂ ᠬᠡᠷᠡᠭᠯᠡᠬᠦ ᠠᠷᠭ᠎ᠠ ᠵᠢᠴᠢ ᠭᠡᠷ ᠤᠨ ᠭᠠᠳᠠᠨᠠᠬᠢ ᠴᠠᠭ ᠠᠭᠤᠷ ᠤᠨ ᠠᠵᠢᠭᠯᠠᠯᠲᠠ ᠶᠢᠨ ᠮᠡᠳᠡᠯᠭᠡ ᠵᠡᠷᠭᠡ ᠠᠭᠤᠯᠭ᠎ᠠ ᠶᠢ ᠣᠶᠢᠯᠠᠭᠠᠨ᠂ ᠬᠡᠦᠬᠡᠳ ᠤᠳ ᠤᠨ ᠠᠵᠢᠭᠯᠠᠬᠤ᠂ ᠰᠤᠷᠤᠯᠴᠠᠬᠤ᠂ ᠲᠦᠰᠦᠭᠡᠯᠡᠬᠦ ᠪᠠ ᠰᠡᠳᠬᠢᠬᠦ ᠴᠢᠳᠠᠪᠤᠷᠢ ᠶᠢ ᠬᠦᠮᠦᠵᠢᠭᠦᠯᠪᠡ᠃
       ᠲᠤᠰ ᠠᠵᠢᠯᠯᠠᠭ᠎ᠠ ᠪᠠᠷ ᠳᠠᠮᠵᠢᠨ᠂ ᠬᠡᠦᠬᠡᠳ ᠤᠨ ᠴᠠᠭ ᠠᠭᠤᠷ ᠤᠨ ᠮᠡᠳᠡᠯᠭᠡ ᠶᠢᠨ ᠲᠤᠬᠠᠢ ᠤᠷᠮ᠎ᠠ ᠵᠣᠷᠢᠭ ᠢ ᠬᠦᠭᠵᠢᠭᠡᠨ᠂ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠤᠬᠠᠮᠰᠠᠷ ᠢ ᠳᠡᠭᠡᠭᠰᠢᠯᠡᠭᠦᠯᠵᠦ᠂ ᠳᠡᠯᠡᠬᠡᠢ ᠶᠢᠨ ᠴᠠᠭ ᠠᠭᠤᠷ ᠤᠨ ᠡᠳᠦᠷ ᠤᠨ ᠮᠡᠳᠡᠯᠭᠡ ᠮᠡᠳᠡᠴᠡ ᠶᠢ ᠪᠦᠲᠦᠮᠵᠢᠲᠡᠢ ᠳᠡᠭᠡᠭᠰᠢᠯᠡᠭᠦᠯᠪᠡ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号