ᠮᠠᠨ ᠤ ᠬᠤᠰᠢᠭᠤ ︽ᠪᠣᠯᠪᠠᠰᠤᠨ ᠳᠠᠬᠢᠯᠭ᠎ᠠ ᠬᠢᠬᠦ ᠪᠤᠬᠢᠷᠲᠤᠯ ᠦᠭᠡᠢ ᠬᠠᠩᠰᠢ︾ ᠤᠬᠠᠭᠤᠯᠤᠨ ᠲᠣᠭᠤᠷᠢᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/4/6
       ᠬᠠᠩᠰᠢ ᠶᠢᠨ ᠡᠳᠦᠷ ᠬᠡᠭᠡᠷ᠎ᠡ ᠭᠠᠳᠠᠨ᠎ᠠ ᠭᠠᠯ ᠲᠠᠯᠪᠢᠬᠤ ᠪᠠ ᠣᠩᠭᠤᠨ ᠢ ᠱᠦᠭᠦᠷᠳᠡᠬᠦ ᠠᠵᠢᠯᠯᠠᠭ᠎ᠠ ᠣᠯᠠᠰᠢᠷᠠᠵᠤ᠂ ᠭᠠᠯ ᠤᠨ ᠠᠶᠤᠯ ᠢ ᠡᠭᠦᠰᠬᠡᠬᠦ ᠬᠦᠴᠦᠨ ᠵᠦᠢᠯ ᠴᠦ ᠶᠡᠭᠡ ᠪᠠᠷ ᠨᠡᠮᠡᠭᠳᠡᠵᠦ᠂ ᠨᠤᠲᠤᠭ ᠪᠡᠯᠴᠢᠭᠡᠷ ᠤᠨ ᠭᠠᠯ ᠤᠨ ᠠᠶᠤᠯ ᠢ ᠲᠤᠶᠢᠯ ᠤᠨ ᠠᠮᠠᠷᠬᠠᠨ ᠡᠭᠦᠰᠬᠡᠳᠡᠭ ᠪᠠᠶᠢᠨ᠎ᠠ᠃ 4 ᠰᠠᠷ᠎ᠠ ᠶᠢᠨ 5 ᠤ ᠡᠳᠦᠷ᠂ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ ᠭᠠᠵᠠᠷ᠂ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠣᠶ ᠰᠢᠭᠤᠢ ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ ᠬᠠᠮᠲᠤᠷᠠᠨ ︽ᠪᠣᠯᠪᠠᠰᠤᠨ ᠳᠠᠬᠢᠯᠭ᠎ᠠ ᠬᠢᠬᠦ ᠪᠤᠬᠢᠷᠲᠤᠯ ᠦᠭᠡᠢ ᠬᠠᠩᠰᠢ︾ ᠤᠬᠠᠭᠤᠯᠤᠨ ᠲᠣᠭᠤᠷᠢᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ᠃
       ᠡᠯ᠎ᠡ ᠰᠠᠯᠠᠭ᠎ᠠ ᠮᠥᠴᠢᠷ ᠤᠨ ᠠᠵᠢᠯᠲᠠᠳ ᠬᠤᠰᠢᠭᠤᠨ ᠤ ᠡᠷᠬᠢᠨ ᠲᠣᠭᠤᠷᠢᠨ ᠤ ᠣᠩᠭᠤᠨ ᠤ ᠭᠠᠵᠠᠷ ᠲᠤ ᠭᠠᠯ ᠤᠨ ᠠᠶᠤᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢᠨ ᠬᠠᠮᠲᠤ᠂ ᠬᠥᠮᠥᠨ ᠪᠠ ᠲᠡᠷᠭᠡ ᠬᠥᠰᠬᠡ ᠨᠡᠯᠢᠶᠡᠳ ᠣᠯᠠᠨ ᠪᠠᠶᠢᠭ᠎ᠠ ᠭᠠᠵᠠᠷ ᠣᠷᠣᠨ ᠳᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠣᠯᠠᠨ ᠲᠦᠮᠡᠨ ᠤ ᠭᠠᠯ ᠢ ᠰᠡᠷᠭᠡᠶᠢᠯᠡᠬᠦ ᠤᠬᠠᠮᠰᠠᠷ ᠢᠶᠠᠨ ᠴᠢᠩᠭᠠᠳᠬᠠᠨ᠂ ᠡᠯ᠎ᠡ ᠲᠥᠷᠥᠯ ᠤᠨ ᠭᠠᠯ ᠤᠨ ᠠᠶᠤᠯ ᠤᠨ ᠬᠡᠮ ᠰᠣᠭᠤᠭ ᠢ ᠡᠷᠡᠰ ᠬᠤᠷᠢᠭᠯᠠᠵᠤ᠂ ᠣᠷᠴᠢᠨ ᠲᠣᠭᠤᠷᠢᠨ ᠢ ᠬᠠᠮᠠᠭᠠᠯᠠᠬᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠪᠠᠭ᠎ᠠ᠂ ᠪᠣᠬᠢᠷᠳᠤᠯ ᠦᠭᠡᠢ ᠳᠠᠬᠢᠯᠭ᠎ᠠ ᠶᠢᠨ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠪᠣᠯᠪᠠᠰᠤᠨ ᠨᠡᠭᠦᠷᠡᠰᠦᠲᠥ᠋ᠷᠥᠭᠴᠢ ᠪᠠᠭ᠎ᠠ ᠠᠮᠤᠷ ᠲᠦᠪᠰᠢᠨ ᠤ ᠬᠠᠩᠰᠢ ᠶᠢ ᠬᠠᠮᠲᠤ ᠪᠠᠷ ᠥᠩᠭᠡᠷᠡᠭᠦᠯᠬᠦ ᠶᠢ ᠰᠠᠨᠠᠭᠠᠴᠢᠯᠠᠪᠠ᠃
       ᠠᠵᠢᠯᠯᠠᠭ᠎ᠠ ᠶᠢᠨ ᠬᠤᠭᠤᠴᠠᠭᠠᠨ ᠳᠤ᠂ ᠨᠡᠶᠢᠲᠡ 96 ᠬᠥᠮᠥᠨ ᠤᠳᠠᠭ᠎ᠠ᠂ 24 ᠮᠠᠰᠢᠨ ᠲᠡᠷᠭᠡ ᠤᠳᠠᠭ᠎ᠠ ᠬᠦᠳᠡᠯᠦᠯᠴᠡᠨ᠂ ᠤᠬᠠᠭᠤᠯᠭ᠎ᠠ ᠶᠢᠨ ᠬᠠᠭᠤᠳᠠᠰᠤ᠂ ᠭᠠᠯ ᠢ ᠰᠡᠷᠭᠡᠶᠢᠯᠡᠨ ᠤᠨᠲᠠᠷᠠᠭᠠᠬᠤ ᠤᠬᠠᠭᠤᠯᠭ᠎ᠠ ᠶᠢᠨ ᠭᠠᠷ ᠳᠡᠪᠲᠡᠷ ᠢ 1500 ᠭᠠᠷᠤᠢ ᠬᠤᠪᠢ ᠲᠠᠷᠬᠠᠭᠠᠪᠠ᠃ ᠵᠠᠩ ᠳᠠᠳᠬᠠᠯ ᠢ ᠥᠭᠡᠷᠡᠴᠢᠯᠡᠬᠦ᠂ ᠪᠣᠯᠪᠠᠰᠤᠨ ᠳᠠᠬᠢᠯᠭ᠎ᠠ ᠶᠢᠨ ᠰᠢᠨ᠎ᠡ ᠬᠡᠪ ᠰᠤᠷᠲᠠᠯ ᠢ ᠶᠡᠬᠡᠪᠡᠷ ᠤᠬᠠᠭᠤᠯᠬᠤ ᠪᠠᠷ ᠳᠠᠮᠵᠢᠭᠤᠯᠤᠨ᠂ ᠰᠦᠯᠵᠢᠶᠡᠨ ᠳᠡᠭᠡᠷ᠎ᠡ ᠳᠠᠬᠢᠯᠭ᠎ᠠ ᠬᠢᠬᠦ᠂ ᠮᠣᠳᠣ ᠳᠠᠷᠢᠵᠤ ᠳᠠᠬᠢᠯᠭ᠎ᠠ ᠬᠢᠬᠦ᠂ ᠰᠣᠷᠭᠤᠭ ᠴᠡᠴᠡᠭ ᠢᠶᠠᠷ ᠳᠠᠬᠢᠯᠭ᠎ᠠ ᠬᠢᠬᠦ ᠶᠢ ᠢᠳᠡᠪᠬᠢᠲᠡᠢ ᠰᠠᠨᠠᠭᠠᠴᠢᠯᠠᠵᠤ᠂ ᠣᠯᠠᠨ ᠲᠦᠮᠡᠨ ᠢ ᠬᠥᠮᠥᠵᠢᠭᠦᠯᠦᠨ ᠵᠢᠯᠤᠭᠤᠳᠴᠤ ᠭᠠᠯ ᠢ ᠰᠡᠷᠭᠡᠶᠢᠯᠡᠬᠦ ᠬᠤᠯᠪᠣᠭᠳᠠᠯ ᠪᠦᠬᠦᠢ ᠲᠣᠭᠲᠠᠭᠠᠯ ᠢ ᠤᠬᠠᠮᠰᠠᠷ  ᠠᠴᠠ ᠪᠠᠨ ᠵᠢᠷᠤᠮᠯᠠᠭᠤᠯᠵᠤ᠂ ︽ᠠᠮᠤᠷ ᠲᠥᠪᠰᠢᠨ᠂ ᠪᠣᠬᠢᠷᠳᠤᠯ ᠦᠭᠡᠢ᠂ ᠲᠠᠮᠠᠬᠢ ᠲᠠᠲᠠᠬᠤ ᠦᠭᠡᠢ︾ ᠳᠠᠬᠢᠯᠭ᠎ᠠ ᠶᠢᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠪᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号