ᠪᠥᠬᠡᠪᠠᠶᠠᠷ ᠬᠥᠯᠥᠨ ᠪᠠᠯᠭᠠᠰᠤᠨ ᠳᠤ ᠬᠦᠷᠴᠦ ᠲᠥᠯ ᠲᠣᠰᠴᠤ ᠪᠣᠶᠢᠵᠢᠭᠤᠯᠬᠤ᠂ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠵᠡᠷᠭᠡ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/4/6
       4 ᠰᠠᠷ᠎ᠠ ᠶᠢᠨ 5 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠥᠬᠡᠪᠠᠶᠠᠷ ᠬᠥᠯᠥᠨ ᠪᠠᠯᠭᠠᠰᠤᠨ ᠳᠤ ᠭᠦᠨᠵᠡᠭᠡᠶᠢᠷᠡᠨ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠲᠥᠯ ᠲᠤᠰᠴᠤ ᠪᠣᠶᠢᠵᠢᠭᠤᠯᠬᠤ᠂ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠵᠡᠷᠭᠡ ᠣᠳᠣᠬᠠᠨ ᠤ ᠭᠤᠣᠯᠳᠠᠯᠭ᠎ᠠ ᠲᠠᠢ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠢ ᠨᠠᠷᠠᠯᠢᠭ ᠣᠶᠢᠯᠠᠭᠠᠪᠠ᠃
       ᠪᠥᠬᠡᠪᠠᠶᠠᠷ ᠬᠥᠯᠥᠨ ᠪᠠᠯᠭᠠᠰᠤ ᠶᠢᠨ ᠶᠡᠬᠡᠨᠠᠭᠤᠷ ᠭᠠᠴᠠᠭ᠎ᠠ ᠶᠢᠨ ᠤᠯᠠᠭᠠᠨ ᠪᠠᠬᠢᠯᠡᠯᠲᠡ ᠶᠢᠨ ᠡᠷᠦᠬᠡ᠂ ᠭᠠᠴᠠᠭ᠎ᠠ ᠶᠢᠨ ᠭᠠᠯ ᠤᠨᠲᠠᠷᠠᠭᠠᠭᠴᠢ ᠢᠯᠴᠢ ᠪᠣᠯᠣᠨ ᠮᠠᠯᠴᠢᠨ ᠰᠡᠷᠭᠦᠯᠡᠩ ᠤᠨ ᠭᠡᠷ ᠲᠤ ᠬᠦᠷᠴᠦ᠂ ᠬᠠᠪᠤᠷ ᠤᠨ ︽ᠰᠠᠶᠢᠨ ᠡᠬᠢᠯᠡᠯᠲᠡ ᠲᠠᠢ︾ ᠪᠠᠶᠢᠳᠠᠯ ᠢ ᠣᠯᠵᠤ ᠬᠠᠷᠠᠵᠤ᠂ ᠮᠠᠯᠴᠢᠳ ᠭᠡᠷ ᠤᠨ ᠬᠥᠮᠥᠰ ᠤᠨ ᠢᠶᠠᠨ ᠪᠦᠯᠬᠦᠮᠳᠡᠯ ᠴᠢᠷᠮᠠᠶᠢᠯᠭ᠎ᠠ ᠪᠠᠷ᠂ ᠠᠵᠢᠯᠴᠢ ᠬᠥᠳᠡᠯᠮᠦᠷᠢᠴᠢ ᠠᠵᠢᠯᠯᠠᠬᠤ ᠪᠠᠷ ᠳᠡᠮᠵᠢᠨ᠂ ᠠᠳᠠᠯ ᠠᠮᠢᠳᠤᠷᠠᠯ ᠢᠶᠠᠨ ᠤᠯᠠᠮ ᠠᠴᠠ ᠤᠯᠠᠮ ᠰᠠᠶᠢᠵᠢᠷᠠᠭᠤᠯᠤᠭᠰᠠᠨ ᠢ ᠰᠣᠨᠣᠰᠤᠭᠠᠳ ᠲᠤᠶᠢᠯ ᠢᠶᠠᠷ ᠪᠠᠶᠠᠷᠯᠠᠪᠠ᠃ ᠲᠡᠷᠡ᠂ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠳᠤ ᠭᠡᠷ ᠪᠦᠯᠢ ᠪᠠᠨ ᠰᠠᠶᠢᠲᠤᠷ ᠪᠦᠲᠦᠭᠡᠨ ᠪᠠᠶᠢᠭᠤᠯᠵᠤ᠂ ᠭᠡᠷ ᠤᠨ ᠰᠤᠷᠭᠠᠯ ᠢ ᠰᠠᠶᠢᠲᠤᠷ ᠬᠠᠳᠠᠭᠠᠯᠠᠵᠤ᠂ ᠭᠡᠷ ᠤᠨ ᠰᠤᠷᠲᠠᠯ ᠢ ᠰᠠᠶᠢᠲᠤᠷ ᠪᠣᠶᠢᠵᠢᠭᠤᠯᠬᠤ ᠬᠡᠷᠡᠭᠲᠡᠢ᠂ ᠭᠡᠷ ᠪᠦᠯᠢ ᠶᠢᠨ ᠰᠠᠶᠢᠬᠠᠨ ᠰᠤᠷᠲᠠᠯ ᠢ ᠤᠯᠠᠮᠵᠢᠯᠠᠨ ᠪᠠᠳᠠᠷᠠᠭᠤᠯᠵᠤ᠂ ᠨᠡᠶᠢᠲᠡᠯᠢᠭ ᠵᠢᠱᠢᠶ᠎ᠡ ᠶᠢ ᠰᠣᠩᠭᠤᠨ ᠭᠠᠷᠭᠠᠵᠤ᠂ ᠡᠷᠬᠢᠨ ᠲᠣᠭᠤᠷᠢᠨ ᠤ ᠮᠠᠯᠴᠢᠳ ᠢ ᠳᠠᠶᠢᠴᠢᠯᠠᠨ᠂ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠤ᠂ ᠪᠦᠯᠬᠦᠮᠳᠡᠨ ᠲᠡᠮᠡᠴᠡᠬᠦ᠂ ᠠᠭᠤᠤ ᠶᠡᠭᠡ ᠬᠦᠰᠡᠯ ᠵᠡᠭᠦᠳᠦ ᠪᠠᠨ ᠬᠠᠮᠲᠤᠪᠠᠷ ᠲᠡᠷᠭᠡᠯᠰᠢᠭᠦᠯᠬᠦ ᠬᠦᠴᠦᠷᠬᠡᠭ ᠶᠡᠭᠡ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ ᠭᠡᠵᠦ ᠬᠡᠯᠡᠪᠡ᠃ ᠡᠭᠦᠨ ᠤ ᠬᠠᠮᠲᠤ ᠬᠥᠯᠥᠨ ᠪᠠᠯᠭᠠᠰᠤ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠲᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠲᠤ ᠲᠦᠰᠢᠭᠯᠡᠵᠦ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠣᠨᠴᠠᠯᠢᠭ ᠲᠤ ᠲᠦᠰᠢᠭᠯᠡᠬᠦ ᠬᠡᠷᠡᠭᠲᠡᠢ ᠭᠡᠵᠦ ᠵᠠᠬᠢᠪᠠ᠃ ᠵᠣᠪᠠᠭᠤᠷᠢ ᠵᠦᠳᠡᠭᠦᠷᠢ ᠶᠢ ᠳᠠᠭᠠᠭᠠᠬᠤ᠂ ᠭᠡᠷ ᠪᠦᠯᠢ ᠨᠢ ᠡᠶ᠎ᠡ ᠨᠠᠶᠢᠷᠲᠠᠢ ᠮᠠᠯᠴᠢᠳ ᠢ ᠪᠦᠬᠦ ᠬᠦᠴᠦᠨ ᠢᠶᠠᠷ ᠢᠶᠠᠨ ᠲᠡᠳᠬᠦᠵᠦ᠂ ᠣᠷᠣᠨ ᠪᠠᠶᠢᠷᠢ ᠶᠢᠨ ᠳᠠᠪᠠᠭᠤᠯᠢᠭ ᠢᠶᠠᠨ ᠠᠰᠢᠭᠯᠠᠵᠤ᠂ ᠥᠨᠳᠥᠷ ᠪᠠᠷᠢᠮᠵᠢᠶ᠎ᠠ ᠲᠠᠢ ︽ᠭᠡᠷ ᠪᠦᠯᠢ ᠶᠢᠨ ᠮᠠᠯᠵᠢᠯ ᠤᠨ ᠲᠠᠯᠠᠪᠠᠢ︾ ᠶᠢ ᠪᠠᠶᠢᠭᠤᠯᠵᠤ᠂ ᠲᠤᠰ ᠭᠠᠵᠠᠷ ᠤᠨ ᠪᠣᠳᠠᠲᠠᠢ ᠳᠤ ᠨᠡᠶᠢᠴᠡᠭᠰᠡᠨ ᠥᠪᠡᠷᠮᠢᠴᠡ ᠣᠨᠴᠠᠯᠢᠭ ᠲᠠᠢ ᠵᠠᠮ ᠢᠶᠠᠷ ᠵᠠᠮᠨᠠᠵᠤ᠂ ᠰᠣᠶᠣᠯ ᠵᠤᠭᠠᠴᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃        ᠪᠥᠬᠡᠪᠠᠶᠠᠷ ᠴᠢᠬᠤᠯᠠᠴᠢᠯᠠᠭᠰᠠᠨ ᠨᠢ᠂ ᠬᠠᠪᠤᠷ ᠤᠨ ᠤᠯᠠᠷᠢᠯ ᠤᠨ ᠲᠥᠯ ᠲᠤᠰᠴᠤ ᠪᠣᠶᠢᠵᠢᠭᠤᠯᠬᠤ ᠵᠠᠩᠭᠢᠯᠠᠭ᠎ᠠ ᠶᠢᠨ ᠬᠤᠭᠤᠴᠠᠭ᠎ᠠ ᠶᠢ ᠠᠳᠬᠤᠵᠤ᠂ ᠬᠦᠴᠦᠲᠡᠢ ᠠᠷᠭ᠎ᠠ ᠬᠡᠮᠵᠢᠶ᠎ᠡ ᠠᠪᠴᠤ᠂ ᠮᠡᠷᠭᠡᠵᠢᠯ ᠤᠨ ᠵᠢᠯᠣᠭᠤᠳᠤᠯᠭ᠎ᠠ ᠬᠢᠬᠦ ᠪᠠ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠮᠠᠨ ᠤ ᠬᠤᠰᠢᠭᠤᠨ ᠤ ᠮᠠᠯ ᠠᠵᠤ ᠠᠬᠤᠢ ᠶᠢᠨ ᠡᠷᠡᠭᠦᠯ ᠲᠣᠭᠲᠠᠭᠤᠨ ᠢᠶᠠᠷ ᠬᠥᠭᠵᠢᠬᠦ ᠶᠢ ᠪᠠᠲᠤᠯᠠᠬᠤ ᠬᠡᠷᠡᠭᠲᠡᠢ᠃ ᠬᠠᠩᠰᠢ ᠶᠢᠨ ᠬᠤᠭᠤᠴᠠᠭᠠᠨ ᠳᠤ ᠨᠡᠶᠢᠭᠡᠮ ᠨᠡᠶᠢᠲᠡ ᠪᠠᠷ ᠢᠶᠠᠨ ᠣᠷᠣᠰᠢᠭᠤᠯᠭ᠎ᠠ ᠶᠢᠨ ᠠᠵᠢᠯ ᠢ ᠠᠩᠬᠠᠷᠴᠤ ᠪᠠᠶᠢᠭ᠎ᠠ ᠠᠰᠢᠭᠲᠠᠢ ᠲᠣᠬᠢᠶᠠᠯ ᠢ ᠭᠦᠢᠴᠡᠳ ᠠᠰᠢᠭᠯᠠᠨ᠂ ᠣᠷᠣᠰᠢᠭᠤᠯᠭ᠎ᠠ ᠶᠢᠨ ᠰᠢᠨ᠎ᠡ ᠲᠦᠷᠦ ᠶᠢᠨ ᠪᠣᠳᠣᠯᠭ᠎ᠠ ᠶᠢ ᠤᠯᠠᠮᠵᠢᠯᠠᠵᠤ᠂ ᠵᠠᠩ ᠳᠠᠳᠬᠠᠯ ᠢ ᠥᠭᠡᠷᠡᠴᠢᠯᠡᠬᠦ ᠶᠢ ᠰᠠᠨᠠᠭᠠᠴᠢᠯᠠᠬᠤ ᠬᠡᠷᠡᠭᠲᠡᠢ᠃ ᠬᠠᠷᠢᠶᠠᠲᠤ ᠣᠷᠣᠨ ᠤ ᠪᠠᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠬᠥᠪᠴᠢ ᠶᠢ ᠴᠠᠭ ᠢᠮᠠᠭᠲᠠ ᠴᠢᠩᠭᠠᠷᠠᠭᠤᠯᠤᠨ᠂ ᠤᠬᠠᠭᠤᠯᠭ᠎ᠠ ᠶᠢᠨ ᠡᠷᠴᠢᠮ ᠪᠠ ᠬᠡᠭᠡᠷ᠎ᠡ ᠶᠢᠨ ᠭᠠᠯ ᠤᠨ ᠢᠷᠡᠯᠲᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠮᠠᠯᠴᠢᠨ ᠲᠦᠮᠡᠨ ᠤ ᠭᠠᠯ ᠢ ᠰᠡᠷᠭᠡᠶᠢᠯᠡᠬᠦ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠲᠣᠭᠤᠷᠢᠨ ᠪᠠᠶᠢᠴᠠᠭᠠᠵᠤ ᠬᠠᠮᠢᠶᠠᠷᠤᠨ ᠡᠵᠡᠮᠳᠡᠬᠦ ᠡᠷᠴᠢᠮ ᠢ ᠪᠥᠬᠦ ᠲᠠᠯ᠎ᠠ ᠪᠠᠷ ᠴᠢᠩᠭᠠᠷᠠᠭᠤᠯᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠢ ᠭᠡᠪᠡ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号