ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠳᠦᠷᠢᠮ ᠠᠴᠠ ᠵᠦᠷᠢᠴᠡᠨ ᠪᠠᠶᠢᠭᠤᠯᠤᠭᠰᠠᠨ ᠣᠩᠭᠤᠨ ᠤ ᠭᠠᠵᠠᠷ ᠢ ᠲᠤᠰᠬᠠᠢ ᠵᠠᠰᠠᠨ ᠴᠡᠭᠴᠡᠯᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/6
       ᠣᠶᠢᠷ᠎ᠠ ᠳᠤ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠳᠦᠷᠢᠮ ᠠᠴᠠ ᠵᠦᠷᠢᠴᠡᠨ ᠪᠠᠶᠢᠭᠤᠯᠤᠭᠰᠠᠨ ᠣᠩᠭᠤᠨ ᠤ ᠭᠠᠵᠠᠷ ᠢ ᠲᠤᠰᠬᠠᠢ ᠵᠠᠰᠠᠨ ᠴᠡᠭᠴᠡᠯᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃
       ᠬᠤᠷᠠᠯ ᠳᠤ᠂ ︽ᠰᠢᠨ᠎ᠡ ᠪᠠᠷᠭᠤ ᠪᠠᠷᠠᠭᠤᠨ ᠬᠤᠰᠢᠭᠤᠨ ᠤ ᠳᠦᠷᠢᠮ ᠠᠴᠠ ᠵᠦᠷᠢᠴᠡᠨ ᠪᠠᠶᠢᠭᠤᠯᠤᠭᠰᠠᠨ ᠣᠩᠭᠤᠨ ᠤ ᠭᠠᠵᠠᠷ ᠢ ᠲᠤᠰᠬᠠᠢ ᠵᠠᠰᠠᠨ ᠴᠡᠭᠴᠡᠯᠡᠬᠦ ᠠᠵᠢᠯᠯᠠᠭ᠎ᠠ ᠶᠢᠨ ᠬᠡᠷᠡᠭᠵᠢᠭᠦᠯᠬᠦ ᠲᠦᠰᠦᠯ︾ ᠵᠢᠴᠢ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ︽2023 ᠣᠨ ᠤ ᠣᠷᠣᠰᠢᠭᠤᠯᠭ᠎ᠠ ᠶᠢᠨ ᠦᠭᠡᠷᠡᠴᠢᠯᠡᠯᠲᠡ ᠶᠢᠨ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ ᠶᠢ ᠤᠯᠠᠮᠵᠢᠯᠠᠵᠤ᠂ 2023 ᠣᠨ ᠤ ᠪᠦᠬᠦ ᠬᠤᠰᠢᠭᠤᠨ ᠤ ᠳᠦᠷᠢᠮ ᠠᠴᠠ ᠵᠦᠷᠢᠴᠡᠨ ᠪᠠᠶᠢᠭᠤᠯᠤᠭᠰᠠᠨ ᠣᠩᠭᠤᠨ ᠤ ᠭᠠᠵᠠᠷ ᠢ ᠲᠤᠰᠬᠠᠢ ᠵᠠᠰᠠᠨ ᠴᠡᠭᠴᠡᠯᠡᠬᠦ ᠠᠵᠢᠯ ᠢ ᠪᠠᠶᠢᠷᠢᠯᠠᠭᠤᠯᠪᠠ᠃
       ᠬᠤᠷᠠᠯ ᠠᠴᠠ ᠴᠢᠩᠭᠠᠳᠬᠠᠬᠤ ᠳᠠᠭᠠᠨ᠂ ᠡᠯ᠎ᠡ ᠰᠣᠮᠣ ᠪᠠᠯᠭᠠᠰᠤ ᠤᠯᠤᠰ ᠲᠦᠷᠥ ᠶᠢᠨ ᠵᠣᠭᠰᠣᠴᠠ ᠪᠠᠨ ᠤᠯᠠᠮ ᠳᠡᠭᠡᠭᠰᠢᠯᠡᠭᠦᠯᠦᠨ᠂ ᠲᠣᠭᠲᠠᠭᠠᠯ ᠢ ᠵᠦᠷᠢᠴᠡᠨ ᠪᠠᠶᠢᠭᠤᠯᠤᠭᠰᠠᠨ ᠣᠩᠭᠤᠨ ᠤ ᠭᠠᠵᠠᠷ ᠢ ᠵᠠᠰᠠᠨ ᠴᠡᠭᠴᠡᠯᠡᠬᠦ ᠶᠢ ᠲᠦᠷᠭᠡᠳᠬᠡᠨ ᠠᠬᠢᠭᠤᠯᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠳᠦᠷᠢᠮ ᠠᠴᠠ ᠵᠦᠷᠢᠴᠡᠨ ᠪᠠᠶᠢᠭᠤᠯᠤᠭᠰᠠᠨ ᠣᠩᠭᠤᠨ ᠤ ᠭᠠᠵᠠᠷ ᠢ ᠲᠤᠰᠬᠠᠢ ᠵᠠᠰᠠᠨ ᠴᠡᠭᠴᠡᠯᠡᠬᠦ ᠠᠵᠢᠯ ᠢ ᠥᠨᠥ ᠵᠢᠯ ᠤᠨ ᠭᠤᠣᠯᠳᠠᠯᠭ᠎ᠠ ᠲᠠᠢ ᠠᠵᠢᠯ ᠪᠣᠯᠭᠠᠨ ᠠᠳᠬᠤᠵᠤ᠂ ᠪᠦᠬᠦ ᠨᠡᠶᠢᠭᠡᠮ ᠢᠶᠠᠷ ᠢᠶᠠᠨ ᠣᠷᠣᠰᠢᠭᠤᠯᠭ᠎ᠠ ᠶᠢᠨ ᠠᠵᠢᠯ ᠢ ᠠᠩᠬᠠᠷᠤᠨ ᠬᠠᠯᠠᠮᠵᠢᠯᠠᠵᠤ᠂ ᠳᠦᠷᠢᠮ ᠠᠴᠠ ᠵᠦᠷᠢᠴᠡᠨ ᠪᠠᠶᠢᠭᠤᠯᠤᠭᠰᠠᠨ ᠣᠩᠭᠤᠨ ᠤ ᠭᠠᠵᠠᠷ ᠢ ᠲᠤᠰᠬᠠᠢ ᠵᠠᠰᠠᠨ ᠴᠡᠭᠴᠡᠯᠡᠬᠦ ᠡᠭᠦᠷᠭᠡ ᠶᠢ ᠲᠡᠭᠦᠰ ᠠᠮᠵᠢᠯᠲᠠᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠪᠡ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号