ᠯᠢ ᠴᠢᠶᠠᠩ ᠵᠤᠤ ᠯᠧ ᠵᠢᠢ ᠸᠠᠩ ᠬᠤ᠋ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ | ᠣᠷᠣᠯᠴᠠᠪᠠ | | | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 4 ᠤ ᠦᠳᠡ ᠶᠢᠨ ᠡᠮᠦᠨ᠎ᠡ ᠨᠡᠶᠢᠰᠯᠡᠯ ᠤᠨ ᠠᠯᠪᠠᠨ | ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠤᠯᠴᠠᠬᠤ ᠳᠠᠭᠠᠨ᠂ ᠠᠵᠢᠯᠰᠠᠭ ᠬᠥᠮᠥᠨ ᠳᠤ ᠬᠠᠪᠤᠷ ᠡᠷᠲᠡ | ᠰᠠᠭᠠᠲᠠᠨ᠎ᠠ ᠭᠡᠳᠡᠭ᠂ ᠮᠣᠳᠣ ᠲᠠᠷᠢᠵᠤ ᠨᠣᠭᠤᠭᠠᠷᠠᠭᠤᠯᠬᠤ ᠰᠠᠶᠢᠬᠠᠨ ᠴᠠᠭ ᠪᠣᠯᠣᠯ᠎ᠠ᠃ ᠵᠢᠯ ᠪᠦᠷᠢ ᠶᠢᠨ ᠡᠨᠡ ᠦᠶ᠎ᠡ ᠳᠤ᠂ | ᠮᠠᠨ ᠤ ᠤᠯᠤᠰ ᠤᠨ ᠡᠮᠦᠨᠡᠲᠦ ᠣᠷᠣᠨ ᠠᠴᠠ ᠤᠮᠠᠷᠠᠲᠤ ᠣᠷᠣᠨ ᠭᠦᠷᠲᠡᠯ᠎ᠡ ᠠᠭᠠᠵᠢᠮ ᠢᠶᠠᠷ ᠣᠶᠢᠵᠢᠭᠤᠯᠵᠤ | ᠨᠣᠭᠤᠭᠠᠷᠠᠭᠤᠯᠬᠤ ᠬᠠᠯᠠᠭᠤᠨ ᠥᠷᠨᠢᠯᠲᠡ ᠪᠤᠯᠳᠠᠭ ᠪᠠᠶᠢᠨ᠎ᠠ᠃ ᠥᠨᠥᠳᠥᠷ᠂ ᠪᠢᠳᠡ ᠬᠠᠮᠲᠤ ᠪᠠᠷ ᠮᠣᠳᠣ ᠲᠠᠷᠢᠬᠤ | ᠠᠵᠢᠯᠯᠠᠭ᠎ᠠ ᠳᠤ ᠣᠷᠣᠯᠴᠠᠵᠤ ᠪᠠᠶᠢᠭ᠎ᠠ ᠨᠢ ᠤᠯᠠᠨ ᠢᠶᠠᠷ ᠢᠶᠠᠨ ᠬᠥᠳᠡᠯᠦᠯᠴᠡᠵᠡᠭᠡᠵᠦ᠂ ᠥᠷᠭᠡᠨ ᠠᠭᠤᠳᠠᠮ ᠡᠬᠡ | ᠤᠯᠤᠰ ᠤᠨ ᠡᠬᠡ ᠭᠠᠵᠠᠷ ᠲᠤ ᠨᠣᠮᠢᠨ ᠨᠣᠭᠤᠭᠠᠨ ᠥᠩᠭᠡ ᠨᠡᠮᠡᠷᠢᠯᠡᠬᠦ ᠪᠠᠷ ᠪᠠᠷᠠᠬᠤ ᠦᠭᠡᠢ ᠪᠠᠰᠠ ᠥᠷᠭᠡᠨ ᠤᠯᠠᠨ | ᠠᠷᠠᠳ ᠲᠦᠮᠡᠨ ᠤ ᠰᠡᠳᠬᠢᠯ ᠳᠤ ᠨᠣᠮᠢᠨ ᠨᠣᠭᠤᠭᠠᠨ ᠦᠷ᠎ᠡ ᠶᠢ ᠦᠨᠳᠦᠰᠦᠯᠡᠭᠦᠯᠵᠦ᠂ ᠬᠦᠰᠡᠯ ᠡᠷᠡᠮᠡᠯᠵᠡᠯ ᠢᠶᠠᠷ | ᠪᠢᠯᠬᠠᠭᠰᠠᠨ ᠤᠷᠢᠬᠠᠨ ᠬᠠᠪᠤᠷ ᠢ ᠬᠠᠮᠲᠤ ᠪᠠᠷ ᠤᠭᠲᠤᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢᠶᠠᠨ | ᠬᠠᠮᠲᠤ ᠪᠠᠷ ᠪᠦᠲᠦᠭᠡᠨ ᠪᠠᠶᠢᠭᠤᠯᠬᠤ ᠶᠢ ᠤᠷᠢᠶᠠᠯᠠᠵᠤ ᠪᠠᠶᠢᠨ᠎ᠠ ᠭᠡᠵᠦ ᠴᠢᠬᠤᠯᠠᠴᠢᠯᠠᠪᠠ᠃ | | | | 4 ᠰᠠᠷ᠎ᠠ ᠶᠢᠨ 4 ᠤ ᠡᠳᠦᠷ᠂ ᠨᠠᠮ ᠪᠣᠯᠣᠨ ᠲᠦᠷᠦ ᠶᠢᠨ ᠤᠳᠤᠷᠢᠳᠬᠤ ᠬᠥᠮᠥᠨ ᠰᠢ ᠶᠢᠨ ᠫᠢᠩ᠂ ᠯᠢ | ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠠᠷ | ᠪᠣᠷᠣᠭᠠᠨ ᠤ ᠳᠤᠮᠳᠠᠭᠤᠷ ᠪᠡᠭᠡᠵᠢᠩ ᠬᠤᠳᠠ ᠶᠢᠨ ᠴᠣᠣᠶᠠᠩ ᠲᠣᠭᠤᠷᠢᠭ ᠤᠨ ᠳ᠋ᠦᠩ ᠪᠠ ᠭᠤᠣᠯ ᠴᠡᠴᠡᠷᠯᠢᠭ ᠲᠤ | ᠬᠦᠷᠴᠦ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠵᠠᠢ᠃ ᠵᠢᠷᠤᠭ ᠪᠣᠯ ᠰᠢ ᠶᠢᠨ | ᠫᠢᠩ ᠤᠯᠠᠨ ᠲᠠᠢ ᠬᠠᠮᠲᠤ ᠮᠣᠳᠣ ᠲᠠᠷᠢᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠵᠢᠦᠢ ᠫᠧᠩ ᠰᠡᠭᠦᠳᠡᠷᠯᠡᠪᠡ | | ᠪᠡᠭᠡᠵᠢᠩ ᠬᠤᠳᠠ ᠶᠢᠨ ᠲᠡᠭᠦᠷᠭᠡ ᠳᠤ ᠵᠥᠭᠡᠯᠡᠨ ᠪᠣᠷᠣᠭᠠᠨ ᠰᠢᠪᠡᠷᠡᠵᠦ᠂ ᠬᠠᠪᠤᠷ ᠤᠨ ᠠᠭᠤᠷ | ᠠᠮᠢᠰᠬᠤᠯ ᠢᠶᠠᠷ ᠪᠢᠯᠬᠠᠵᠤ ᠪᠠᠶᠢᠯ᠎ᠠ᠃ ᠦᠳᠡ ᠶᠢᠨ ᠡᠮᠦᠨᠡᠬᠢ 10 ᠴᠠᠭ 30 ᠮᠢᠨᠦ᠋ᠲ ᠤᠨ ᠦᠶ᠎ᠡ ᠪᠠᠷ᠂ ᠨᠠᠮ | ᠪᠣᠯᠣᠨ ᠲᠦᠷᠦ ᠶᠢᠨ ᠤᠳᠤᠷᠢᠳᠬᠤ ᠬᠥᠮᠥᠨ ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ | ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠠᠷ ᠬᠠᠮᠲᠤ ᠪᠠᠷ ᠮᠠᠰᠢᠨ ᠲᠡᠷᠭᠡᠨ ᠳᠤ ᠰᠠᠭᠤᠵᠤ᠂ | ᠪᠣᠷᠣᠭᠠᠨ ᠤ ᠳᠤᠮᠳᠠᠭᠤᠷ ᠪᠡᠭᠡᠵᠢᠩ ᠬᠤᠳᠠ ᠶᠢᠨ ᠴᠣᠣᠶᠠᠩ ᠲᠣᠭᠤᠷᠢᠭ ᠤᠨ ᠳ᠋ᠦᠩ ᠪᠠ ᠭᠤᠣᠯ ᠴᠡᠴᠡᠷᠯᠢᠭ ᠤᠨ | ᠮᠣᠳᠣ ᠲᠠᠷᠢᠬᠤ ᠭᠠᠵᠠᠷ ᠲᠤ ᠬᠦᠷᠴᠦ᠂ ᠨᠡᠶᠢᠰᠯᠡᠯ ᠤᠨ ᠤᠯᠠᠨ ᠲᠦᠮᠡᠨ ᠲᠠᠢ ᠬᠠᠮᠲᠤ ᠠᠯᠪᠠᠨ ᠵᠢᠷᠤᠮ ᠤᠨ ᠮᠣᠳᠣ | ᠲᠠᠷᠢᠬᠤ ᠠᠵᠢᠯᠯᠠᠭ᠎ᠠ ᠳᠤ ᠣᠷᠣᠯᠴᠠᠪᠠ᠃ | ᠮᠣᠳᠣ ᠳᠠᠷᠢᠬᠤ ᠭᠠᠵᠠᠷ ᠨᠢ ᠬᠤᠶᠢᠲᠤ ᠰᠢᠶᠣᠣ ᠾᠧ ᠭᠤᠣᠯ ᠪᠣᠯᠣᠨ ᠪᠠ ᠾᠧ ᠭᠤᠣᠯ ᠤᠨ ᠠᠭᠤᠯᠵᠠᠷ | ᠬᠡᠰᠡᠭ ᠲᠠᠬᠢ ᠳ᠋ᠦᠩ ᠪᠠ ᠭᠤᠣᠯ ᠴᠡᠴᠡᠷᠯᠢᠭ ᠲᠤ ᠪᠠᠶᠢᠷᠢᠯᠠᠵᠤ᠂ 300 ᠰᠢᠬᠠᠮ ᠮᠦ ᠲᠠᠯᠠᠪᠠᠢ ᠲᠠᠢ᠃ ᠡᠨᠡ ᠬᠡᠰᠡᠭ | ᠭᠠᠵᠠᠷ ᠤᠤᠯ ᠨᠢ ᠳ᠋ᠦᠩ ᠪᠠ ᠰᠢᠶᠠᠩ ᠤᠨ ᠳ᠋ᠦᠩ ᠹᠧᠩ ᠲᠣᠰᠬᠤᠨ ᠤ ᠪᠠᠶᠢᠭ᠎ᠠ ᠭᠠᠵᠠᠷ ᠪᠠᠶᠢᠵᠤ᠂ ᠨᠡᠭᠦᠯᠭᠡᠵᠦ | ᠰᠢᠯᠵᠢᠭᠦᠯᠬᠦ ᠪᠠ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠᠷ ᠳᠠᠮᠵᠢᠨ᠂ ᠠᠮᠢᠳᠤ ᠪᠣᠳᠠᠰ ᠤᠨ ᠤᠯᠠᠨ ᠶᠠᠩᠵᠤᠲᠤ | ᠴᠢᠨᠠᠷ ᠢᠶᠠᠷ ᠣᠨᠴᠠᠯᠢᠭ ᠪᠣᠯᠭᠠᠭᠰᠠᠨ ᠠᠮᠢ ᠠᠬᠤᠢ ᠶᠢᠨ ᠣᠷᠣᠨ ᠵᠠᠢ ᠶᠢ ᠶᠠᠭ ᠲᠥᠯᠥᠪᠵᠢᠭᠦᠯᠦᠨ ᠪᠠᠶᠢᠭᠤᠯᠵᠤ | ᠪᠠᠶᠢᠨ᠎ᠠ᠃ ᠳ᠋ᠦᠩ ᠪᠠ ᠭᠤᠣᠯ ᠴᠡᠴᠡᠷᠯᠢᠭ ᠲᠤ᠂ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠵᠤ | ᠪᠠᠶᠢᠭᠰᠠᠨ ᠨᠡᠶᠢᠰᠯᠡᠯ ᠤᠨ ᠺᠠᠳ᠋ᠷ ᠣᠯᠠᠨ ᠲᠦᠮᠡᠨ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠶᠠᠭ | ᠢᠳᠡ ᠭᠦᠭ ᠲᠠᠢ ᠠᠵᠢᠯᠯᠠᠵᠤ ᠪᠠᠶᠢᠯ᠎ᠠ᠃ | ᠶᠡᠷᠦᠩᠬᠡᠢ ᠱᠦᠵᠢ ᠬᠦᠷᠴᠦ ᠢᠷᠡᠭᠰᠡᠨ ᠢ ᠦᠵᠡᠭᠡᠳ᠂ ᠤᠯᠠᠨ ᠢᠶᠠᠷ ᠢᠶᠠᠨ ᠶᠡᠷᠦᠩᠬᠡᠢ ᠱᠦᠵᠢ ᠲᠠᠢ | ᠮᠡᠨᠳᠦᠴᠢᠯᠡᠵᠡᠭᠡᠵᠦ ᠪᠠᠶᠢᠯ᠎ᠠ᠃ ᠰᠢ ᠶᠢᠨ ᠫᠢᠩ ᠪᠣᠷᠣᠭᠠᠨ ᠤ ᠴᠤᠪᠠ ᠨᠥᠮᠥᠷᠴᠦ᠂ ᠬᠦᠷᠵᠡ ᠠᠳᠬᠤᠨ ᠮᠣᠳᠣ ᠲᠠᠷᠢᠬᠤ | ᠭᠠᠵᠠᠷ ᠲᠤ ᠬᠦᠷᠴᠦ᠂ ᠪᠡᠭᠡᠵᠢᠩ ᠬᠤᠳᠠ᠂ ᠤᠯᠤᠰ ᠤᠨ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ | ᠬᠠᠷᠢᠭᠤᠴᠠᠯᠭᠠᠲᠠᠨ ᠨᠥᠬᠦᠳ ᠲᠠᠢ ᠬᠠᠮᠲᠤ ᠮᠣᠳᠣ ᠲᠠᠷᠢᠬᠤ ᠬᠥᠮᠥᠰ ᠤᠨ ᠡᠩᠨᠡᠭᠡᠨ ᠳᠤ ᠣᠷᠣᠯᠴᠠᠪᠠ᠃ | ᠬᠥᠷᠥᠰᠥ ᠶᠢ ᠤᠬᠤᠨ ᠨᠦᠬᠡ ᠮᠠᠯᠲᠠᠵᠤ᠂ ᠬᠦᠷᠢᠶᠡᠯᠡᠨ ᠬᠠᠰᠢᠵᠤ᠂ ᠰᠠᠭᠤᠯᠠᠭ᠎ᠠ ᠳᠡᠭᠦᠵᠢᠯᠡᠨ ᠤᠰᠤᠯᠠᠨ᠎ᠠ ᠁ | ᠰᠢ ᠶᠢᠨ ᠫᠢᠩ ᠨᠠᠷᠠᠰᠤᠨ ᠮᠣᠳᠣ᠂ ᠪᠠᠷᠠᠭᠤᠨ ᠹᠦ᠋ ᠶᠢᠨ ᠬᠠᠶᠢᠲᠠᠩ ᠮᠣᠳᠣ᠂ ᠬᠤᠩᠭᠤᠷᠴᠤᠬᠳᠤ ᠮᠣᠳᠣ᠂ | ᠱᠠᠪᠲᠠᠯ᠎ᠠ ᠶᠢᠨ ᠮᠣᠳᠣ᠂ ᠤᠯᠠᠭᠠᠨ ᠪᠡᠯᠭᠡᠲᠦ ᠮᠣᠳᠣ ᠵᠡᠷᠭᠡ ᠮᠣᠳᠣᠨ ᠤ ᠴᠢᠬᠢ ᠶᠢ ᠵᠠᠯᠭᠠᠭ᠎ᠠ ᠪᠠᠷ ᠳᠠᠷᠢᠵᠤ᠂ | ᠲᠤᠬᠠᠢ ᠶᠢᠨ ᠲᠠᠯᠠᠪᠠᠢ ᠳᠤ ᠶᠠᠭᠠᠷᠠᠯᠲᠠᠢ ᠠᠵᠢᠯᠯᠠᠵᠤ᠂ ᠠᠭᠤᠷ ᠠᠮᠢᠰᠬᠤᠯ ᠮᠠᠰᠢ ᠭᠦᠷ ᠬᠥᠭᠵᠢᠶᠡᠨ ᠲᠠᠢ ᠪᠠᠶᠢᠯ᠎ᠠ᠃ | ᠰᠢ ᠶᠢᠨ ᠫᠢᠩ ᠬᠥᠳᠡᠯᠮᠦᠷᠢᠯᠡᠬᠦ ᠶᠢᠨ ᠳᠠᠭᠠᠤ ᠬᠡᠦᠬᠡᠳ ᠤᠳ ᠲᠤ ᠮᠣᠳᠣ ᠲᠠᠷᠢᠬᠤ ᠠᠷᠭ᠎ᠠ ᠶᠢ ᠵᠢᠭᠠᠬᠤ ᠶᠢᠨ ᠬᠠᠮᠲᠤ | ᠬᠡᠦᠬᠡᠳ ᠤᠳ ᠲᠠᠢ ᠰᠤᠷᠤᠯᠭ᠎ᠠ ᠠᠮᠢᠳᠤᠷᠠᠯ ᠤᠨ ᠪᠠᠶᠢᠳᠠᠯ ᠢ ᠶᠠᠷᠢᠯᠴᠠᠵᠤ᠂ ᠲᠡᠳᠡᠨ ᠤ ᠠᠪᠤ ᠡᠵᠢ ᠨᠢ ᠬᠡᠳᠦᠢ | ᠨᠠᠰᠤ ᠲᠠᠢ᠂ ᠪᠠᠭ᠎ᠠ ᠰᠤᠷᠭᠠᠭᠤᠯᠢ ᠳᠤ ᠠᠮᠢᠳᠤ ᠪᠣᠳᠠᠰ ᠤᠨ ᠬᠢᠴᠢᠶᠡᠯ ᠲᠣᠬᠢᠷᠠᠭᠤᠯᠤᠭᠰᠠᠨ ᠡᠰᠡᠬᠦ᠂ ᠤᠷᠭᠤᠮᠠᠯ ᠢ | ᠬᠡᠳᠦᠢ ᠣᠶᠢᠯᠠᠭᠠᠬᠤ᠂ ᠤᠳᠤ ᠳᠠᠰᠬᠠᠯ ᠤᠯᠠᠨ ᠪᠠᠶᠢᠬᠤ ᠡᠰᠡᠬᠦ᠂ ᠬᠢᠴᠢᠶᠡᠯ ᠤᠨ ᠭᠠᠳᠠᠨᠠᠬᠢ ᠬᠠᠪᠰᠤᠷᠤᠨ | ᠵᠢᠯᠤᠭᠤᠳᠬᠤ ᠬᠢᠴᠢᠶᠡᠯ ᠤᠯᠠᠨ ᠪᠠᠶᠢᠬᠤ ᠡᠰᠡᠬᠦ ᠶᠢ ᠠᠰᠠᠭᠤᠵᠤ᠂ ᠲᠡᠳᠡᠨ ᠢ ᠬᠠᠷᠠᠬᠠᠨ ᠪᠠᠭ᠎ᠠ ᠠᠴᠠ ᠪᠠᠨ | ᠬᠥᠳᠡᠯᠮᠦᠷᠢ ᠳᠤ ᠬᠠᠶᠢᠷᠠᠲᠠᠢ ᠪᠠᠶᠢᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ | ᠬᠥᠳᠡᠯᠮᠦᠷᠢ ᠵᠡᠷᠭᠡ ᠪᠦᠭᠦ ᠲᠠᠯ᠎ᠠ ᠪᠠᠷ ᠬᠥᠭᠵᠢᠬᠦ ᠶᠢ ᠰᠠᠨᠠᠭᠤᠯᠵᠤ ᠪᠠᠶᠢᠯ᠎ᠠ᠃ ᠰᠢ ᠶᠢᠨ ᠫᠢᠩ᠂ ᠬᠡᠦᠬᠡᠳ ᠤᠨ ᠰᠤᠷᠭᠠᠨ | ᠬᠥᠮᠦᠵᠢᠯ ᠨᠢ ᠮᠣᠳᠣ ᠲᠠᠷᠢᠬᠤ ᠲᠠᠢ ᠠᠳᠠᠯᠢ᠂ ᠪᠠᠭ᠎ᠠ ᠠᠴᠠ ᠨᠢ ᠠᠰᠬᠠᠨ ᠪᠣᠯᠭᠠᠨ ᠵᠠᠰᠠᠵᠤ ᠪᠠᠶᠢᠬᠤ ᠬᠡᠷᠡᠭᠲᠡᠢ᠂ ᠡᠰᠡ | ᠲᠡᠭᠡᠪᠡᠯ ᠮᠤᠷᠦ᠋ᠢᠵᠤ ᠤᠷᠭᠤᠨ᠎ᠠ ᠭᠡᠵᠦ ᠴᠢᠬᠤᠯᠠᠴᠢᠯᠠᠪᠠ᠃ | ᠮᠣᠳᠣ ᠲᠠᠷᠢᠵᠤ ᠪᠠᠷᠠᠭᠰᠠᠨ ᠤ ᠲᠠᠷᠠᠭ᠎ᠠ᠂ ᠲᠤᠬᠠᠢ ᠶᠢᠨ ᠲᠠᠯᠠᠪᠠᠢ ᠳᠤ ᠪᠠᠶᠢᠭᠰᠠᠨ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠬᠴᠢᠳ ᠪᠣᠯᠣᠨ ᠺᠠᠳ᠋ᠷ ᠤᠯᠠᠨ ᠲᠦᠮᠡᠨ ᠬᠦᠷᠢᠶᠡᠯᠡᠨ ᠢᠷᠡᠪᠡ᠃ ᠰᠢ ᠶᠢᠨ ᠫᠢᠩ ᠤᠯᠠᠨ ᠳᠤ᠂ | ᠮᠠᠨ ᠤ ᠤᠯᠤᠰ ᠤᠨ ᠬᠥᠮᠥᠨ ᠤ ᠬᠦᠴᠦ ᠪᠠᠷ ᠣᠶᠢᠵᠢᠭᠤᠯᠤᠭᠰᠠᠨ ᠬᠡᠪᠴᠢᠶ᠎ᠡ ᠳᠡᠯᠡᠬᠡᠢ ᠳᠤ ᠲᠡᠷᠢᠭᠦᠯᠡᠵᠦ ᠪᠠᠶᠢᠬᠤ | ᠪᠥᠭᠡᠳ ᠦᠷᠭᠦᠯᠵᠢᠯᠡᠨ ᠣᠶᠢᠵᠢᠭᠤᠯᠵᠤ ᠪᠠᠶᠢᠨ᠎ᠠ᠃ ᠳᠡᠯᠡᠬᠡᠢ ᠶᠢᠨ ᠪᠥᠮᠪᠥᠷᠴᠡᠭ ᠢ ᠨᠣᠭᠤᠭᠠᠷᠠᠭᠤᠯᠵᠤ᠂ ᠪᠦᠭᠦ | ᠪᠥᠮᠪᠥᠷᠴᠡᠭ ᠤᠨ ᠠᠭᠤᠷ ᠠᠮᠢᠰᠬᠤᠯ ᠤᠨ ᠬᠤᠪᠢᠷᠠᠯᠲᠠ ᠶᠢ ᠰᠠᠶᠢᠵᠢᠷᠠᠭᠤᠯᠬᠤ ᠠᠵᠢᠯ ᠳᠤ ᠳᠤᠮᠳᠠᠳᠤ ᠤᠯᠤᠰ ᠤᠨ | ᠭᠠᠪᠢᠶ᠎ᠠ ᠪᠠᠯᠠᠷᠠᠰᠢ ᠦᠭᠡᠢ᠂ ᠳᠤᠮᠳᠠᠳᠤ ᠤᠯᠤᠰ ᠤᠨ ᠠᠷᠠᠳ ᠲᠦᠮᠡᠨ ᠤ ᠭᠠᠪᠢᠶ᠎ᠠ ᠪᠠᠯᠠᠷᠠᠰᠢ ᠦᠭᠡᠢ ᠶᠤᠮ᠃ ᠣᠢ | ᠰᠢᠭᠤᠢ ᠪᠣᠯ ᠤᠰᠤᠨ ᠴᠥᠭᠦᠷᠥᠮ᠂ ᠵᠣᠭᠤᠰ ᠤᠨ ᠬᠥᠮᠥᠷᠭᠡ᠂ ᠠᠮᠤ ᠪᠤᠳᠠᠭᠠᠨ ᠤ ᠬᠥᠮᠥᠷᠭᠡ ᠮᠥᠨ᠂ ᠪᠠᠰᠠ ᠴᠤ | ᠨᠡᠭᠦᠷᠡᠰᠦᠲᠥ᠋ᠷᠥᠭᠴᠢ ᠶᠢᠨ ᠬᠥᠮᠥᠷᠭᠡ ᠮᠥᠨ᠃ ᠮᠣᠳᠣ ᠲᠠᠷᠢᠵᠤ ᠣᠶᠢᠵᠢᠭᠤᠯᠬᠤ ᠪᠣᠯ ᠲᠤᠩ ᠤᠳᠬ᠎ᠠ | ᠠᠭᠤᠯᠭ᠎ᠠ ᠲᠠᠢ ᠶᠠᠪᠤᠳᠠᠯ ᠮᠥᠨ᠂ ᠤᠳᠤ ᠦᠶ᠎ᠡ ᠳᠤ ᠭᠠᠪᠢᠶ᠎ᠠ ᠪᠠᠶᠢᠭᠤᠯᠵᠤ ᠮᠢᠩᠭᠠᠨ ᠦᠶ᠎ᠡ ᠳᠤ ᠠᠰᠢᠭ ᠬᠦᠷᠲᠡᠭᠡᠬᠦ | ᠡᠷᠬᠢᠮ ᠳᠡᠭᠡᠳᠦ ᠦᠢᠯᠡᠰ ᠮᠥᠨ᠂ ᠡᠭᠦᠨ ᠢ ᠢᠮᠠᠭᠲᠠ ᠬᠤᠪᠢᠷᠠᠰᠢ ᠦᠭᠡᠢ ᠲᠤᠭᠤᠰᠢᠯᠠᠭᠤᠯᠵᠤ᠂ ᠦᠷᠭᠦᠯᠵᠢᠯᠡᠨ ᠬᠢᠬᠦ | ᠬᠡᠷᠡᠭᠲᠡᠢ ᠭᠡᠵᠦ ᠤᠯᠠᠨ ᠳᠤ ᠬᠡᠯᠡᠪᠡ᠃ | ᠰᠢ ᠶᠢᠨ ᠫᠢᠩ ᠮᠣᠳᠣ ᠲᠠᠷᠢᠵᠤ ᠣᠶᠢᠵᠢᠭᠤᠯᠬᠤ ᠳᠤ ᠣᠷᠣᠯᠴᠠᠭᠰᠠᠨ ᠶᠠᠪᠤᠴᠠ ᠪᠠᠨ ᠡᠷᠭᠢᠴᠡᠭᠦᠯᠪᠡ᠃ | ᠲᠡᠷᠡ᠂ ᠪᠢ ᠨᠠᠮ ᠤᠨ ᠶᠡᠷᠦᠩᠬᠡᠢ ᠱᠦᠵᠢ ᠶᠢᠨ ᠲᠤᠰᠢᠶᠠᠯ ᠢ ᠡᠭᠦᠷᠭᠡᠯᠡᠭᠰᠡᠨ ᠠᠴᠠ ᠨᠠᠭᠠᠰᠢ ᠮᠣᠳᠣ ᠳᠠᠷᠢᠬᠤ | ᠠᠵᠢᠯᠯᠠᠭ᠎ᠠ ᠳᠤ ᠠᠷᠪᠠᠨ ᠨᠢᠭᠡᠳᠡᠬᠢ ᠤᠳᠠᠭ᠎ᠠ ᠣᠷᠣᠯᠴᠠᠵᠤ ᠪᠠᠶᠢᠨ᠎ᠠ᠂ ᠲᠥᠪ ᠬᠤᠷᠢᠶ᠎ᠠ ᠳᠤ ᠢᠷᠡᠵᠤ | ᠠᠵᠢᠯᠯᠠᠭᠰᠠᠨ ᠠᠴᠠ ᠨᠠᠭᠠᠰᠢ ᠣᠷᠣᠯᠴᠠᠭᠰᠠᠨ ᠤᠳᠠᠭ᠎ᠠ ᠶᠢ ᠪᠤᠳᠤᠪᠠᠯ ᠨᠢᠭᠡᠨᠲᠡ ᠠᠷᠪᠠᠨ ᠵᠢᠷᠭᠤᠭᠠᠨ ᠤᠳᠠᠭ᠎ᠠ | ᠪᠣᠯᠤᠭᠰᠠᠨ ᠪᠥᠭᠡᠳ ᠹᠦᠵᠢᠶᠠᠨ᠂ ᠵᠧᠵᠢᠶᠠᠩ᠂ ᠱᠠᠩᠬᠠᠢ ᠳᠤ ᠠᠵᠢᠯᠯᠠᠵᠤ ᠪᠠᠶᠢᠬᠤ ᠬᠤᠭᠤᠴᠠᠭᠠᠨ ᠳᠤ ᠪᠢ ᠴᠥᠮ | ᠮᠣᠳᠣ ᠳᠠᠷᠢᠬᠤ ᠠᠵᠢᠯᠯᠠᠭ᠎ᠠ ᠳᠤ ᠣᠷᠣᠯᠴᠠᠭᠰᠠᠨ ᠶᠤᠮ ᠭᠡᠪᠡ᠃ ᠲᠡᠷᠡ ᠲᠤᠬᠠᠢ ᠶᠢᠨ ᠲᠠᠯᠠᠪᠠᠢ ᠳᠤ ᠪᠠᠶᠢᠭᠰᠠᠨ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢᠳ ᠲᠤ᠂ ᠲᠠ ᠨᠠᠷ ᠴᠤ ᠠᠪᠤ ᠡᠵᠢ ᠪᠣᠯᠤᠭᠰᠠᠨ ᠤ ᠬᠤᠶᠢᠨ᠎ᠠ᠂ | ᠦᠷ᠎ᠡ ᠬᠤᠶᠢᠴᠢᠰ ᠢᠶᠠᠨ ᠦᠷᠭᠦᠯᠵᠢᠯᠡᠨ ᠮᠣᠳᠣ ᠲᠠᠷᠢᠭᠤᠯᠵᠤ᠂ ᠦᠶ᠎ᠡ ᠶᠢᠨ ᠦᠶ᠎ᠡ ᠬᠢᠬᠦ ᠬᠡᠷᠡᠭᠲᠡᠢ᠂ ᠦᠵᠡᠰᠬᠦᠯᠡᠩᠲᠦ | ᠰᠠᠶᠢᠬᠠᠨ ᠳᠤᠮᠳᠠᠳᠤ ᠤᠯᠤᠰ ᠢ ᠢᠩᠭᠢᠵᠦ ᠪᠦᠲᠦᠭᠡᠨ ᠪᠠᠶᠢᠭᠤᠯᠳᠠᠭ ᠶᠤᠮ ᠭᠡᠵᠦ ᠬᠡᠯᠡᠪᠡ᠃ | ᠰᠢ ᠶᠢᠨ ᠫᠢᠩ ᠤᠯᠠᠨ ᠳᠤ᠂ ᠪᠢ ᠪᠡᠭᠡᠵᠢᠩ ᠳᠤ ᠥᠰᠦᠭᠰᠡᠨ ᠶᠤᠮ᠂ ᠮᠢᠨᠤ ᠨᠤᠲᠤᠭ ᠤᠰᠤᠨ ᠤ ᠲᠤᠬᠠᠢ | ᠮᠥᠷᠥᠭᠡᠳᠦᠯ ᠤᠨ ᠣᠯᠠᠩᠬᠢ ᠨᠢ ᠮᠣᠳᠣ ᠲᠠᠢ ᠬᠤᠯᠪᠣᠭ᠎ᠠ ᠲᠠᠢ ᠶᠤᠮ᠃ ᠥᠩᠭᠡᠷᠡᠭᠰᠡᠨ ᠳᠤ ᠪᠡᠭᠡᠵᠢᠩ ᠤᠨ | ᠳᠥᠷᠪᠡᠯᠡᠭᠰᠡᠨ ᠬᠦᠷᠢᠶᠡᠨ ᠳᠤ ᠵᠠᠪᠠᠯ ᠬᠤᠩᠭᠤᠷᠴᠤᠬᠳᠤ ᠮᠣᠳᠣ᠂ ᠱᠠᠪᠲᠠᠯ᠎ᠠ ᠶᠢᠨ ᠮᠣᠳᠣ᠂ ᠡᠰᠡᠬᠦᠯ᠎ᠡ ᠬᠠᠶᠢᠲᠠᠩ᠂ | ᠠᠨᠠᠷ᠂ ᠴᠢᠪᠠᠭ᠎ᠠ ᠶᠢᠨ ᠮᠣᠳᠣ ᠵᠡᠷᠭᠡ ᠶᠢ ᠲᠠᠷᠢᠳᠠᠭ᠃ ᠪᠡᠭᠡᠵᠢᠩ ᠳᠤ ᠥᠩᠭᠡᠷᠡᠭᠰᠡᠨ ᠳᠤ ᠤᠳᠠ ᠤᠯᠢᠶᠠᠰᠤ ᠨᠡᠯᠢᠶᠡᠳ | ᠠᠷᠪᠢᠨ ᠳᠠᠷᠢᠵᠤ ᠪᠠᠶᠢᠵᠠᠢ᠂ ᠤᠴᠢᠷ ᠨᠢ ᠪᠡᠭᠡᠵᠢᠩ ᠳᠤ ᠤᠳᠠ ᠤᠯᠢᠶᠠᠰᠤ ᠲᠣᠬᠢᠷᠠᠨ᠎ᠠ᠂ ᠡᠭᠦᠨ ᠤ ᠬᠠᠮᠲᠤ | ᠰᠢᠯᠮᠦᠦᠰᠦᠲᠦ ᠥᠷᠭᠡᠨ ᠣᠶ ᠶᠢᠨ ᠬᠠᠷᠢᠴᠠᠯ ᠢ ᠰᠠᠶᠢᠲᠤᠷ ᠤᠶᠠᠯᠳᠤᠭᠤᠯᠵᠤ᠂ ᠲᠡᠭᠦᠨ ᠢ ᠠᠮᠢᠳᠤ ᠪᠣᠳᠠᠰ ᠤᠨ ᠬᠡᠯᠬᠢᠶ᠎ᠡ | ᠂ ᠠᠮᠢ ᠠᠬᠤᠢ ᠶᠢᠨ ᠬᠡᠯᠬᠢᠶ᠎ᠡ ᠶᠢᠨ ᠱᠠᠭᠠᠷᠳᠠᠯᠭ᠎ᠠ ᠳᠤ ᠨᠠᠩ ᠨᠡᠶᠢᠴᠡᠭᠦᠯᠬᠦ ᠶᠢ ᠠᠩᠬᠠᠷᠬᠤ ᠬᠡᠷᠡᠭᠲᠡᠢ᠃ | ᠨᠣᠭᠤᠭᠠᠷᠠᠭᠤᠯᠤᠯᠲᠠ ᠶᠢᠨ ᠰᠠᠭᠤᠷᠢᠨ ᠳᠡᠭᠡᠷ᠎ᠡ ᠭᠤᠶᠣᠵᠢᠭᠤᠯᠬᠤ ᠠᠵᠢᠯ ᠢ ᠴᠢᠩᠭᠠᠳᠬᠠᠵᠤ᠂ ᠥᠩᠭᠡ ᠢᠯᠭᠠᠷᠠᠭᠰᠠᠨ | ᠤᠯᠠᠨ ᠮᠣᠳᠣᠨ ᠤ ᠳᠦᠷᠦᠯ ᠢ ᠢᠯᠡᠭᠦᠬᠡᠨ ᠳᠠᠷᠢᠵᠦ᠂ ᠪᠦᠭᠦ ᠣᠷᠣᠨ ᠪᠦᠰᠡ ᠶᠢᠨ ᠤᠢ ᠰᠢᠭᠤᠢ ᠶᠢᠨ ᠬᠤᠳᠠ ᠶᠢ | ᠴᠢᠷᠮᠠᠶᠢᠨ ᠪᠦᠲᠦᠭᠡᠨ ᠪᠠᠶᠢᠭᠤᠯᠵᠤ᠂ ᠪᠡᠭᠡᠵᠢᠩ ᠢ ᠨᠡᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠬᠤ | ᠬᠡᠷᠡᠭᠲᠡᠢ ᠭᠡᠵᠦ ᠬᠡᠯᠡᠪᠡ᠃ | ᠰᠢ ᠶᠢᠨ ᠫᠢᠩ᠂ ᠣᠳᠣᠬᠠᠨ ᠪᠠ ᠬᠤᠶᠢᠰᠢᠳᠠ ᠶᠢᠨ ᠬᠡᠰᠡᠭ ᠬᠤᠭᠤᠴᠠᠭᠠᠨ ᠳᠤ᠂ ᠪᠣᠬᠢᠷᠳᠤᠯ ᠦᠭᠡᠢ | ᠬᠥᠭᠵᠢᠯᠲᠡ ᠪᠣᠯ ᠮᠠᠨ ᠤ ᠤᠯᠤᠰ ᠤᠨ ᠬᠥᠭᠵᠢᠯᠲᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠣᠯᠣᠨ᠎ᠠ᠃ ᠪᠦᠭᠦ | ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ ᠥᠷᠨᠢᠭᠦᠯᠬᠦ ᠪᠣᠯ ᠤᠯᠤᠰ ᠤᠨ ᠨᠤᠲᠤᠭ | ᠳᠡᠪᠢᠰᠬᠡᠷ ᠤᠨ ᠨᠣᠭᠤᠭᠠᠷᠠᠭᠤᠯᠤᠯᠲᠠ ᠶᠢ ᠠᠬᠢᠭᠤᠯᠬᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ | ᠪᠠᠶᠢᠭᠤᠯᠬᠤ ᠠᠮᠢᠳᠤᠯᠢᠭ ᠦᠢᠯᠡᠳᠦᠯᠭᠡ ᠮᠥᠨ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠴᠥᠮ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠬᠦ ᠬᠡᠷᠡᠭᠲᠡᠢ᠃ ᠵᠣᠬᠢᠶᠠᠨ ᠪᠠᠶᠢᠭᠤᠯᠬᠤ ᠬᠡᠯᠪᠡᠷᠢ ᠶᠢᠨ ᠰᠢᠨ᠎ᠡ ᠶᠢ ᠡᠭᠦᠳᠴᠦ᠂ | ᠬᠠᠷᠢᠭᠤᠴᠠᠯᠭ᠎ᠠ ᠪᠠᠨ ᠭᠦᠢᠴᠡᠳᠬᠡᠬᠦ ᠠᠷᠭ᠎ᠠ ᠬᠡᠯᠪᠡᠷᠢ ᠶᠢ ᠪᠠᠶᠠᠯᠢᠭᠵᠢᠭᠤᠯᠵᠤ᠂ ᠥᠷᠭᠡᠨ ᠤᠯᠠᠨ ᠲᠦᠮᠡᠨ ᠤ ᠠᠯᠪᠠᠨ | ᠵᠢᠷᠤᠮ ᠤᠨ ᠮᠣᠳᠣ ᠲᠠᠷᠢᠬᠤ ᠳᠤ ᠣᠷᠤᠯᠴᠠᠬᠤ ᠳᠤ ᠨᠡᠩ ᠤᠯᠠᠨ ᠲᠦᠭᠦᠮ ᠦᠵᠡᠭᠦᠯᠵᠦ᠂ ︽ᠵᠢᠯ ᠲᠤᠵᠢ | ᠬᠠᠷᠢᠭᠤᠴᠠᠯᠭ᠎ᠠ ᠪᠠᠨ ᠭᠦᠢᠴᠡᠳᠬᠡᠵᠦ᠂ ᠤᠯᠠᠨ ᠶᠠᠩᠵᠤ ᠪᠠᠷ ᠬᠠᠷᠢᠭᠤᠴᠠᠯᠭ᠎ᠠ ᠪᠠᠨ ᠭᠦᠢᠴᠡᠳᠬᠡᠵᠦ᠂ | ᠬᠠᠷᠢᠭᠤᠴᠠᠯᠭ᠎ᠠ ᠪᠠᠨ ᠭᠦᠢᠴᠡᠳᠬᠡᠬᠦ ᠳᠤ ᠲᠦᠭᠦᠮ ᠪᠠᠶᠢᠯᠭᠠᠬᠤ︾ ᠬᠡᠷᠡᠭᠲᠡᠢ᠃ ᠪᠢᠳᠡ ᠢᠳᠡᠪᠬᠢᠲᠡᠢ | ᠬᠥᠳᠡᠯᠦᠯᠴᠡᠵᠡᠭᠡᠵᠦ᠂ ᠮᠣᠳᠣ ᠲᠠᠷᠢᠬᠤ ᠠᠴᠠ ᠡᠬᠢᠯᠡᠨ ᠬᠢᠵᠦ᠂ ᠤᠯᠠᠨ ᠪᠦᠭᠦᠳᠡ ᠳᠤ ᠬᠠᠷᠢᠶᠠᠯᠠᠭᠳᠠᠬᠤ ᠬᠥᠬᠡᠮᠳᠦᠭ | ᠨᠣᠭᠤᠭᠠᠨ ᠠᠭᠤᠯᠠ ᠤᠰᠤ ᠪᠣᠯᠣᠨ ᠠᠯᠳᠠ ᠮᠥᠩᠭᠦᠨ ᠠᠭᠤᠯᠠ ᠶᠢ ᠲᠠᠷᠢᠵᠤ ᠣᠶᠢᠵᠢᠭᠤᠯᠤᠨ᠂ ᠦᠵᠡᠰᠬᠦᠯᠡᠩᠲᠦ | ᠰᠠᠶᠢᠬᠠᠨ ᠳᠤᠮᠳᠠᠳᠤ ᠤᠯᠤᠰ ᠤᠨ ᠨᠡᠩ ᠰᠢᠨ᠎ᠡ ᠦᠵᠡᠮᠵᠢᠲᠦ ᠵᠢᠷᠤᠭ ᠢ ᠵᠢᠷᠤᠭᠯᠠᠶ᠎ᠠ ᠭᠡᠵᠦ ᠴᠢᠬᠤᠯᠠᠴᠢᠯᠠᠪᠠ᠃ | ᠪᠡᠭᠡᠵᠢᠩ ᠳᠤ ᠪᠠᠶᠢᠭ᠎ᠠ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ | ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠲᠦᠷᠦ ᠶᠢᠨ ᠶᠠᠪᠤᠳᠠᠯ ᠤᠨ ᠭᠡᠰᠢᠭᠦᠳ ᠮᠣᠳᠣ ᠲᠠᠷᠢᠬᠤ | ᠠᠵᠢᠯᠯᠠᠭ᠎ᠠ ᠳᠤ ᠣᠷᠣᠯᠴᠠᠪᠠ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 4 ᠤ ᠴᠠᠬᠢᠯᠭᠠᠨ ᠮᠡᠳᠡᠭᠡ︶ | | |