4 ᠰᠠᠷ᠎ᠠ ᠶᠢᠨ 6 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ | ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ | ᠢᠷᠡᠭᠰᠡᠨ ᠹᠷᠠᠨᠼᠢ ᠶᠢᠨ ᠶᠡᠷᠦᠩᠬᠡᠶᠢᠯᠡᠭᠴᠢ ᠮᠠᠶᠢᠺᠷᠤᠨ ᠲᠠᠢ ᠬᠡᠯᠡᠯᠴᠡᠭᠡ ᠬᠢᠪᠡ᠃ | | | | | 4 ᠰᠠᠷ᠎ᠠ ᠶᠢᠨ 6 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ | ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ | ᠹᠷᠠᠨᠼᠢ ᠶᠢᠨ ᠶᠡᠷᠦᠩᠬᠡᠶᠢᠯᠡᠭᠴᠢ ᠮᠠᠶᠢᠺᠷᠤᠨ ᠲᠠᠢ ᠬᠡᠯᠡᠯᠴᠡᠭᠡ ᠬᠢᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | | ᠰᠢ ᠶᠢᠨ ᠫᠢᠩ ᠮᠠᠶᠢᠺᠷᠤᠨ ᠤ ᠳᠤᠮᠳᠠᠳᠤ ᠤᠯᠤᠰ ᠲᠤ ᠳᠠᠬᠢᠨᠲᠠ ᠠᠶᠢᠯᠴᠢᠯᠠᠬᠰᠠᠨ ᠢ ᠪᠠᠶᠠᠷᠯᠠᠨ ᠤᠭᠲᠤᠪᠠ᠃ | ᠰᠢ ᠶᠢᠨ ᠫᠢᠩ᠂ ᠣᠳᠣᠬᠠᠨ ᠤ ᠳᠡᠯᠡᠬᠡᠢ ᠶᠢᠷᠲᠢᠨᠴᠦ ᠶᠠᠭ ᠲᠡᠦᠬᠡ ᠶᠢᠨ ᠭᠦᠨᠵᠡᠭᠡᠢ ᠬᠤᠪᠢᠷᠠᠯᠲᠠ ᠶᠢ ᠥᠩᠭᠡᠷᠡᠭᠡᠵᠦ | ᠪᠠᠶᠢᠨ᠎ᠠ᠂ ᠳᠤᠮᠳᠠᠳᠤ ᠹᠷᠠᠨᠼᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠤᠨ | ᠪᠠᠶᠢᠩᠭᠤ ᠶᠢᠨ ᠬᠡᠷᠡᠭ ᠡᠷᠭᠢᠯᠡᠭᠴᠢ ᠤᠯᠤᠰ ᠪᠠ ᠪᠡᠶ᠎ᠡ ᠪᠠᠨ ᠳᠠᠭᠠᠭᠠᠵᠤ ᠡᠵᠡᠨ ᠮᠡᠳᠡᠭᠦ ᠤᠯᠠᠮᠵᠢᠯᠠᠯ ᠲᠠᠢ ᠲᠣᠮᠣ | ᠤᠯᠤᠰ ᠪᠣᠯᠤᠭᠰᠠᠨ ᠤ ᠬᠤᠪᠢ ᠳᠤ᠂ ᠳᠡᠯᠡᠬᠡᠢ ᠶᠢᠨ ᠤᠯᠠᠨ ᠲᠦᠢᠯᠵᠢᠯᠳᠡ᠂ ᠤᠯᠠᠨ ᠤᠯᠤᠰ ᠤᠨ ᠬᠠᠷᠢᠯᠴᠠᠭ᠎ᠠ ᠶᠢᠨ | ᠠᠷᠠᠳᠴᠢᠯᠠᠯ ᠤᠨ ᠡᠷᠡᠰ ᠪᠠᠲᠤ ᠠᠬᠢᠭᠤᠯᠤᠭᠴᠢ ᠪᠣᠯᠤᠭᠰᠠᠨ ᠤ ᠬᠤᠪᠢ ᠳᠤ᠂ ᠵᠥᠷᠢᠯᠳᠦᠭᠡᠨ ᠪᠠ ᠬᠦᠯᠢᠶᠡᠰᠦᠯᠡᠯ ᠢ | ᠳᠠᠪᠠᠭ᠋ᠤ ᠴᠢᠳᠠᠪᠤᠷᠢ ᠬᠢᠭᠡᠳ ᠬᠠᠷᠢᠭᠤᠴᠠᠯᠭ᠎ᠠ ᠲᠠᠢ ᠪᠠᠶᠢᠵᠤ᠂ ᠲᠣᠭᠲᠠᠭᠤᠨ᠂ ᠬᠠᠷᠢᠯᠴᠠᠨ ᠠᠰᠢᠭᠲᠠᠢ᠂ ᠨᠡᠭᠡᠭᠡᠨ | ᠥᠷᠭᠡᠳᠬᠡᠬᠦ᠂ ᠥᠭᠡᠳᠡᠯᠡᠨ ᠲᠠᠪᠰᠢᠬᠤ ᠳᠤᠮᠳᠠᠳᠤ ᠹᠷᠠᠨᠼᠢ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠨᠢᠲᠠᠨ ᠤ ᠬᠠᠷᠢᠯᠴᠠᠭ᠎ᠠ ᠶᠢᠨ ᠶᠡᠭᠡ ᠴᠢᠭᠯᠡᠯ ᠢ ᠪᠠᠷᠢᠮᠲᠠᠯᠠᠵᠤ᠂ ᠵᠢᠩᠬᠢᠨᠢ ᠤᠯᠠᠨ ᠲᠠᠯᠠᠲᠤ ᠦᠵᠡᠯ ᠢ | ᠦᠢᠯᠡᠳᠦᠯᠭᠡᠵᠢᠭᠦᠯᠵᠦ᠂ ᠳᠡᠯᠡᠬᠡᠢ ᠶᠢᠨ ᠡᠩᠬᠡ ᠲᠠᠶᠢᠪᠤᠩ᠂ ᠲᠣᠭᠲᠠᠭᠤᠨ᠂ ᠬᠥᠭᠵᠢᠯ ᠴᠡᠴᠡᠭᠯᠡᠯ ᠢ ᠬᠠᠮᠠᠭᠠᠯᠠᠶ᠎ᠠ ᠭᠡᠵᠦ | ᠵᠢᠭᠠᠵᠤ ᠭᠠᠷᠭᠠᠵᠠᠢ᠃ | ᠰᠢ ᠶᠢᠨ ᠫᠢᠩ ᠳᠤᠮᠳᠠᠳᠤ ᠹᠷᠠᠨᠼᠢ ᠶᠢᠨ ᠬᠠᠷᠢᠯᠴᠠᠭ᠎ᠠ ᠢᠳᠡᠪᠬᠢᠲᠡᠢ ᠲᠣᠭᠲᠠᠭᠤᠨ ᠢᠶᠠᠷ ᠬᠥᠭᠵᠢᠵᠦ ᠪᠠᠶᠢᠭ᠎ᠠ | ᠪᠠᠶᠢᠳᠠᠯ ᠢ ᠢᠳᠡᠪᠬᠢᠲᠡᠢ ᠦᠨᠡᠯᠡᠵᠦ᠂ ᠲᠣᠭᠲᠠᠭᠤᠨ ᠴᠢᠨᠠᠷ ᠪᠣᠯ ᠳᠤᠮᠳᠠᠳᠤ ᠹᠷᠠᠨᠼᠢ ᠶᠢᠨ ᠬᠠᠷᠢᠯᠴᠠᠭᠠᠨ ᠤ ᠲᠣᠪᠤᠶᠢᠮ᠎ᠠ | ᠣᠨᠴᠠᠯᠢᠭ ᠪᠠ ᠬᠤᠪᠣᠷ ᠨᠠᠨᠳᠢᠨ ᠥᠪ ᠬᠥᠷᠥᠩᠭᠡ ᠪᠠᠶᠢᠵᠤ᠂ ᠬᠤᠶᠠᠷ ᠲᠠᠯ᠎ᠠ ᠪᠠᠷ ᠢᠶᠠᠨ ᠨᠠᠷᠢᠨ ᠨᠢᠮᠪᠠᠢ | ᠬᠠᠮᠠᠭᠠᠯᠠᠭᠤᠰᠢᠲᠠᠢ ᠶᠤᠮ᠃ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠪᠦᠭᠦ ᠲᠠᠯ᠎ᠠ ᠶᠢᠨ᠂ ᠥᠨᠳᠥᠷ ᠲᠦᠪᠰᠢᠨ | ᠪᠦᠬᠦᠢ ᠣᠯᠣᠯᠴᠠᠭ᠎ᠠ ᠶᠢᠨ ᠠᠷᠭ᠎ᠠ ᠵᠠᠮ ᠢ ᠰᠠᠶᠢᠲᠤᠷ ᠠᠰᠢᠭᠯᠠᠵᠤ᠂ ᠬᠤᠶᠠᠷ ᠤᠯᠤᠰ ᠤᠨ ᠲᠡᠷᠢᠭᠦᠨ ᠤ ᠨᠢᠭᠲᠠ | ᠣᠯᠣᠯᠴᠠᠭ᠎ᠠ ᠶᠢ ᠪᠠᠲᠤᠯᠠᠵᠤ᠂ ᠡᠨᠡ ᠵᠢᠯ ᠤᠨ ᠳᠣᠲᠣᠷ᠎ᠠ ᠳᠤᠮᠳᠠᠳᠤ ᠹᠷᠠᠨᠼᠢ ᠶᠢᠨ ᠪᠠᠶᠢᠯᠳᠤᠬᠤ ᠪᠣᠳᠣᠯᠭ᠎ᠠ᠂ ᠠᠵᠤ | ᠠᠬᠤᠢ ᠡᠳ᠋ ᠤᠨ ᠵᠠᠰᠠᠭ ᠮᠥᠩᠭᠦᠨ ᠭᠦᠢᠯᠭᠡᠭᠡ᠂ ᠰᠣᠶᠣᠯ ᠢᠷᠭᠡᠨᠰᠢᠯ ᠤᠨ ᠰᠣᠯᠢᠯᠴᠠᠭ᠎ᠠ ᠵᠡᠷᠭᠡ ᠭᠤᠷᠪᠠᠨ ᠶᠡᠭᠡ | ᠳᠡᠭᠡᠳᠦ ᠲᠡᠰ ᠤᠨ ᠶᠠᠷᠢᠯᠴᠠᠭ᠎ᠠ ᠶᠢᠨ ᠲᠣᠭᠲᠠᠴᠠ ᠶᠢᠨ ᠰᠢᠨ᠎ᠡ ᠨᠢᠭᠡ ᠤᠳᠠᠭ᠎ᠠ ᠶᠢᠨ ᠬᠤᠷᠠᠯ ᠢ ᠬᠤᠷᠠᠯᠳᠤᠭᠤᠯᠤᠶᠠ᠃ | ᠬᠤᠶᠠᠷ ᠲᠠᠯ᠎ᠠ ᠪᠠᠷ ᠢᠶᠠᠨ ᠨᠦᠭᠦᠭᠡ ᠲᠠᠯ᠎ᠠ ᠶᠢᠨ ᠢᠶᠠᠨ ᠡᠷᠬᠡ ᠮᠡᠳᠡᠯ ᠪᠣᠯᠣᠨ ᠨᠤᠲᠤᠭ ᠳᠡᠪᠢᠰᠬᠡᠷ ᠤᠨ ᠪᠦᠷᠢᠨ ᠪᠦᠲᠦᠨ | ᠪᠠᠶᠢᠬᠤ ᠶᠢ ᠬᠠᠷᠢᠯᠴᠠᠨ ᠭᠦᠨᠳᠦᠳᠭᠡᠵᠦ᠂ ᠨᠦᠭᠦᠭᠡ ᠲᠠᠯ᠎ᠠ ᠶᠢᠨ ᠢᠶᠠᠨ ᠭᠤᠣᠯᠯᠠᠭᠴᠢ ᠠᠰᠢᠭ ᠲᠤᠰᠠ ᠶᠢ | ᠭᠦᠨᠳᠦᠳᠭᠡᠵᠦ᠂ ᠵᠥᠷᠢᠯᠳᠦᠭᠡᠨ ᠢᠶᠠᠨ ᠵᠣᠬᠢᠰᠲᠠᠢ ᠰᠢᠢᠳᠪᠦᠷᠢᠯᠡᠵᠦ ᠬᠠᠮᠢᠶᠠᠷᠤᠨ ᠡᠵᠡᠮᠳᠡᠶ᠎ᠡ᠃ ᠬᠠᠷᠢᠯᠴᠠᠨ ᠠᠰᠢᠭᠲᠠᠢ | ᠬᠠᠷᠢᠯᠴᠠᠨ ᠠᠰᠢᠭ ᠬᠦᠷᠲᠡᠵᠦ᠂ ᠬᠠᠮᠲᠤ ᠪᠠᠷ ᠭᠦᠭᠵᠢᠭᠦ ᠶᠢ ᠪᠠᠷᠢᠮᠲᠠᠯᠠᠶ᠎ᠠ᠃ ᠳᠤᠮᠳᠠᠳᠤ ᠤᠯᠤᠰ ᠶᠠᠭ ᠴᠢᠨᠠᠷ ᠰᠠᠶᠢᠲᠠᠢ | ᠬᠥᠭᠵᠢᠯᠲᠡ ᠪᠠ ᠥᠨᠳᠥᠷ ᠲᠦᠪᠰᠢᠨ ᠪᠦᠬᠦᠢ ᠨᠡᠭᠡᠭᠡᠯᠲᠡ ᠶᠢ ᠶᠡᠭᠡ ᠪᠠᠷ ᠠᠬᠢᠭᠤᠯᠵᠤ ᠪᠤᠶ᠂ ᠡᠨᠡ ᠨᠢ ᠹᠷᠠᠨᠼᠢ ᠳᠤ | ᠨᠠᠩ ᠥᠷᠭᠡᠨ ᠠᠭᠤᠳᠠᠮ ᠵᠠᠬ᠎ᠠ ᠳᠡᠯᠭᠡᠭᠦᠷ ᠤᠨ ᠠᠵᠠ ᠲᠣᠭᠢᠶᠠᠯ ᠢ ᠬᠠᠩᠭᠠᠬᠤ ᠪᠣᠯᠣᠨ᠎ᠠ᠃ ᠳᠤᠮᠳᠠᠳᠤ ᠤᠯᠤᠰ | ᠳᠤᠷᠠᠲᠠᠶ᠎ᠠ ᠹᠷᠠᠨᠼᠢ ᠶᠢᠨ ᠲᠠᠯ᠎ᠠ ᠲᠠᠢ ᠬᠥᠳᠡᠭᠡ ᠠᠵᠤ ᠠᠬᠤᠢ ᠢᠳᠡᠭᠡᠨ ᠤ ᠵᠦᠢᠯ᠂ ᠠᠭᠠᠷ ᠤᠨ ᠠᠶᠠᠯᠠᠯ ᠰᠠᠨᠰᠠᠷ ᠤᠨ | ᠠᠶᠠᠯᠠᠯ᠂ ᠠᠷᠠᠳ ᠤᠨ ᠬᠡᠷᠡᠭᠯᠡᠭᠡᠨ ᠤ ᠴᠥᠮ᠎ᠡ ᠶᠢᠨ ᠡᠨᠧᠷᠭᠢ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠦᠢᠯᠡᠴᠢᠯᠡᠭᠡᠨ ᠤ ᠠᠷᠠᠯᠵᠢᠶ᠎ᠠ᠂ ᠪᠣᠬᠢᠷᠳᠤᠯ ᠦᠭᠡᠢ ᠬᠥᠭᠵᠢᠯᠲᠡ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠵᠡᠷᠭᠡ ᠰᠢᠨ᠎ᠡ ᠬᠠᠮᠲᠤᠷᠠᠯᠴᠠᠭᠠᠨ ᠤ ᠨᠡᠮᠡᠭᠳᠡᠯ ᠤᠨ ᠴᠡᠭ ᠢ ᠪᠤᠶᠢᠵᠢᠭᠤᠯᠵᠤ | ᠂ ᠬᠤᠶᠠᠷ ᠲᠠᠯ᠎ᠠ ᠪᠠᠷ ᠢᠶᠠᠨ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠲᠥᠪ ᠢ ᠬᠠᠮᠲᠤ ᠪᠠᠷ ᠪᠦᠲᠦᠭᠡᠨ | ᠪᠠᠶᠢᠭᠤᠯᠬᠤ ᠶᠢ ᠳᠡᠮᠵᠢᠵᠦ᠂ ᠴᠢᠳᠠᠪᠤᠷᠢᠲᠠᠨ ᠢ ᠬᠠᠮᠲᠤᠷᠠᠨ ᠬᠥᠮᠥᠵᠢᠭᠦᠯᠬᠦ ᠶᠢ ᠴᠢᠩᠭᠠᠳᠬᠠᠶ᠎ᠠ᠃ ᠹᠷᠠᠨᠼᠢ ᠶᠢᠨ ᠬᠢᠨ | 2024 ᠣᠨ ᠤ ᠳᠤᠮᠳᠠᠳᠤ ᠤᠯᠤᠰ ᠤᠨ ᠤᠯᠠᠨ ᠤᠯᠤᠰ ᠤᠨ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ ᠪᠣᠯᠣᠨ | ᠳᠣᠯᠣᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ | ᠦᠵᠡᠰᠭᠦᠯᠡᠩ ᠤᠨ ᠴᠤᠭᠯᠠᠭᠠᠨ ᠤ ᠭᠤᠣᠯ ᠵᠣᠴᠢᠨ ᠤᠯᠤᠰ ᠪᠤᠯᠬᠤ ᠶᠢ ᠪᠠᠶᠠᠷᠯᠠᠨ ᠤᠭᠲᠤᠵᠤ ᠪᠠᠶᠢᠨ᠎ᠠ᠃ | ᠹᠷᠠᠨᠼᠢ ᠶᠢᠨ ᠬᠢᠨ ᠳᠤᠮᠳᠠᠳᠤ ᠤᠯᠤᠰ ᠤᠨ ᠠᠵᠤ ᠠᠬᠤᠶᠢᠯᠠᠯ ᠳᠤ ᠡᠷᠬᠡ ᠲᠡᠭᠰᠢ᠂ ᠲᠥᠪ ᠭᠤᠣᠯᠴᠢ᠂ | ᠭᠠᠳᠠᠭᠤᠷᠴᠢᠯᠠᠬᠤ ᠦᠭᠡᠢ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠬᠠᠩᠭᠠᠬᠤ ᠶᠢ ᠬᠦᠰᠡᠵᠦ ᠪᠠᠶᠢᠨ᠎ᠠ᠃ | ᠳᠤᠮᠳᠠᠳᠤ ᠤᠯᠤᠰ ᠳᠤᠷᠠᠲᠠᠶ᠎ᠠ ᠹᠷᠠᠨᠼᠢ ᠯᠤᠭ᠎ᠠ ᠢᠷᠡᠬᠦ ᠵᠢᠯ ᠤᠨ ᠳᠤᠮᠳᠠᠳᠤ ᠹᠷᠠᠨᠼᠢ ᠶᠢᠨ ᠬᠠᠷᠢᠯᠴᠠᠭ᠎ᠠ | ᠪᠠᠶᠢᠭᠤᠯᠤᠭᠰᠠᠨ 60 ᠵᠢᠯ ᠤᠨ ᠤᠢ ᠵᠢᠴᠢ ᠳᠤᠮᠳᠠᠳᠤ ᠹᠷᠠᠨᠼᠢ ᠶᠢᠨ ᠰᠣᠶᠣᠯ ᠵᠢᠭᠤᠯᠴᠢᠯᠠᠯ ᠤᠨ ᠣᠨ᠂ ᠫᠠᠷᠢᠰ ᠤᠨ | ᠣᠯᠢᠮᠫᠢᠺ ᠤᠨ ᠲᠠᠮᠢᠷ ᠤᠨ ᠴᠤᠭᠯᠠᠭᠠᠨ ᠢᠶᠠᠷ ᠠᠵᠠ ᠲᠣᠭᠢᠶᠠᠯ ᠪᠤᠯᠭᠠᠵᠤ᠂ ᠬᠤᠯᠪᠣᠭᠳᠠᠯ ᠪᠦᠬᠦᠢ ᠬᠦᠷᠢᠶᠡᠨ ᠳᠠᠬᠢ | ᠬᠠᠮᠲᠤᠷᠠᠯᠴᠠᠭ᠎ᠠ ᠪᠠᠨ ᠴᠢᠩᠭᠠᠳᠬᠠᠨ᠎ᠠ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠳᠤᠮᠳᠠᠳᠤ ᠤᠯᠤᠰ ᠳᠤᠷᠠᠲᠠᠶ᠎ᠠ ᠨᠡᠭᠡᠭᠡᠯᠲᠡ ᠲᠠᠢ ᠣᠪᠣᠷ ᠢᠶᠠᠷ ᠦᠷᠭᠦᠯᠵᠢᠯᠡᠨ | ᠹᠷᠠᠨᠼᠢ ᠶᠢᠨ ᠬᠢᠨ ᠲᠠᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠬᠤᠷᠢᠨ ᠤᠯᠤᠰ ᠤᠨ ᠪᠦᠯᠦᠭᠯᠡᠯ᠂ | ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠵᠡᠷᠭᠡ ᠤᠯᠠᠨ ᠲᠠᠯᠠᠲᠤ ᠲᠣᠭᠲᠠᠴᠠ ᠳᠤ ᠨᠢᠭᠲᠠ ᠣᠯᠣᠯᠴᠠᠭ᠎ᠠ | ᠪᠠ ᠬᠠᠮᠵᠢᠯᠴᠠᠭ᠎ᠠ ᠪᠠᠨ ᠪᠠᠲᠤᠯᠠᠵᠤ᠂ ᠵᠢᠩᠬᠢᠨᠢ ᠤᠯᠠᠨ ᠲᠠᠯᠠᠲᠤ ᠦᠵᠡᠯ ᠢ ᠬᠠᠮᠲᠤ ᠪᠠᠷ ᠦᠢᠯᠡᠳᠦᠯᠭᠡᠵᠢᠭᠦᠯᠵᠦ᠂ | ᠠᠭᠤᠷ ᠠᠮᠢᠰᠬᠤᠯ ᠤᠨ ᠬᠤᠪᠢᠷᠠᠯᠲᠠ᠂ ᠡᠨᠧᠷᠭᠢ ᠶᠢᠨ ᠠᠰᠠᠭᠤᠳᠠᠯ ᠵᠡᠷᠭᠡ ᠪᠦᠭᠦ ᠪᠥᠮᠪᠥᠷᠴᠡᠭ ᠤᠨ ᠴᠢᠨᠠᠷᠲᠠᠢ | ᠥᠷᠢᠰᠦᠯᠳᠦᠭᠡᠨ ᠢ ᠭᠠᠷ ᠬᠤᠯᠪᠣᠨ ᠠᠷᠭᠠᠴᠠᠭᠠᠨ᠎ᠠ᠃ ᠹᠷᠠᠨᠼᠢ ᠶᠢᠨ ᠬᠢᠨ 2025 ᠣᠨ ᠤ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ ᠳᠠᠯᠠᠢ ᠲᠠᠩᠭᠢᠰ ᠤᠨ ᠶᠡᠭᠡ ᠬᠤᠷᠠᠯ ᠢ ᠰᠠᠶᠢᠲᠤᠷ ᠡᠷᠭᠢᠯᠡᠭᠦ ᠶᠢ ᠳᠤᠮᠳᠠᠳᠤ ᠤᠯᠤᠰ | ᠳᠡᠮᠵᠢᠨ᠎ᠠ᠂ ᠹᠷᠠᠨᠼᠢ ᠶᠢᠨ ᠬᠢᠨ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ | ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠳᠤ ᠣᠷᠤᠯᠴᠠᠬᠤ ᠶᠢ ᠪᠠᠶᠠᠷᠯᠠᠨ | ᠤᠭᠲᠤᠵᠤ ᠪᠠᠶᠢᠨ᠎ᠠ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠪᠦᠭᠦ ᠪᠥᠮᠪᠥᠷᠴᠡᠭ ᠤᠨ ᠬᠤᠶᠠᠷ ᠲᠣᠮᠣ ᠬᠦᠴᠦᠨ᠂ ᠬᠤᠶᠠᠷ ᠲᠣᠮᠣ ᠵᠠᠬ᠎ᠠ ᠳᠡᠯᠭᠡᠭᠦᠷ᠂ | ᠬᠤᠶᠠᠷ ᠲᠣᠮᠣ ᠪᠣᠯᠪᠠᠰᠤᠨ ᠪᠣᠯᠤᠭᠰᠠᠨ ᠤ ᠬᠤᠪᠢ ᠳᠤ᠂ ᠳᠤᠮᠳᠠᠳᠤ ᠡᠸᠦ᠋ᠷᠦᠫᠡ ᠶᠢᠨ ᠬᠠᠷᠢᠯᠴᠠᠭ᠎ᠠ ᠬᠤᠶᠠᠷ | ᠲᠠᠯ᠎ᠠ ᠶᠢᠨ ᠪᠤᠶᠠᠨ ᠵᠢᠷᠭᠠᠯ ᠲᠠᠢ ᠬᠤᠯᠪᠣᠭᠳᠠᠵᠤ᠂ ᠪᠦᠭᠦ ᠪᠥᠮᠪᠥᠷᠴᠡᠭ ᠤᠨ ᠲᠣᠭᠲᠠᠭᠤᠨ ᠪᠠ ᠬᠥᠭᠵᠢᠯ ᠴᠡᠴᠡᠭᠯᠡᠯ ᠲᠠᠢ | ᠬᠤᠯᠪᠣᠭᠳᠠᠨ᠎ᠠ᠃ ᠳᠤᠮᠳᠠᠳᠤ ᠤᠯᠤᠰ ᠤᠨ ᠡᠸᠦ᠋ᠷᠦᠫᠡ ᠲᠢᠪ ᠲᠤ ᠠᠪᠬᠤ ᠲᠦᠷᠦ ᠶᠢᠨ ᠪᠣᠳᠣᠯᠭ᠎ᠠ ᠤᠷᠳᠤ | ᠬᠤᠭᠤᠴᠠᠭ᠎ᠠ ᠪᠠᠷ ᠲᠣᠭᠲᠠᠭᠤᠨ ᠪᠠᠶᠢᠵᠤ᠂ ᠢᠮᠠᠭᠲᠠ ᠡᠸᠦ᠋ᠷᠦᠫᠡ ᠲᠢᠪ ᠢ ᠤᠯᠠᠨ ᠲᠦᠢᠯᠵᠢᠭᠰᠡᠨ ᠳᠡᠯᠡᠬᠡᠢ | ᠶᠢᠷᠲᠢᠨᠴᠦ ᠳᠠᠬᠢ ᠲᠤᠰᠠᠭᠠᠷ ᠨᠢᠭᠡ ᠲᠦᠢᠯ ᠢᠶᠠᠷ ᠦᠵᠡᠵᠦ᠂ ᠳᠤᠮᠳᠠᠳᠤ ᠡᠸᠦ᠋ᠷᠦᠫᠡ ᠶᠢᠨ ᠬᠠᠷᠢᠯᠴᠠᠭ᠎ᠠ ᠶᠢᠨ | ᠬᠠᠨᠳᠤᠭᠤᠯᠬᠤ ᠦᠭᠡᠢ᠂ ᠲᠦᠰᠢᠭᠯᠡᠬᠦ ᠦᠭᠡᠢ᠂ ᠪᠠᠰᠠ ᠭᠤᠷᠪᠠᠳᠤᠭᠠᠷ ᠡᠲᠡᠭᠡᠳ ᠲᠤ ᠬᠢᠵᠠᠭᠠᠷᠯᠠᠭᠳᠠᠬᠤ ᠦᠭᠡᠢ | ᠪᠠᠶᠢᠬᠤ ᠶᠢ ᠪᠠᠷᠢᠮᠲᠠᠯᠠᠨ᠎ᠠ᠃ ᠲᠤᠮᠳᠠᠳᠤ ᠤᠯᠤᠰ ᠳᠤᠷᠠᠲᠠᠶ᠎ᠠ ᠡᠨᠡ ᠵᠢᠯ ᠤᠨ ᠳᠤᠮᠳᠠᠳᠤ ᠤᠯᠤᠰ ᠪᠣᠯᠣᠨ ᠡᠸᠦ᠋ᠷᠦᠫᠡ | ᠲᠢᠪ ᠤᠨ ᠤᠯᠤᠰ ᠤᠳ ᠤᠨ ᠬᠤᠯᠪᠤᠭ᠎ᠠ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ | ᠪᠠᠶᠢᠭᠤᠯᠤᠭᠰᠠᠨ 20 ᠵᠢᠯ ᠤᠨ ᠣᠶ ᠪᠠᠷ ᠠᠵᠠ ᠲᠣᠭᠢᠶᠠᠯ ᠪᠤᠯᠭᠠᠵᠤ ᠡᠸᠦ᠋ᠷᠦᠫᠡ ᠶᠢᠨ ᠬᠢᠨ ᠲᠠᠢ ᠬᠠᠮᠲᠤ ᠪᠠᠷ᠂ | ᠰᠣᠯᠢᠯᠴᠠᠭ᠎ᠠ ᠶᠠᠷᠢᠯᠴᠠᠭ᠎ᠠ ᠶᠢ ᠪᠦᠭᠦ ᠲᠠᠯ᠎ᠠ ᠪᠠᠷ ᠳᠠᠭᠢᠨ ᠡᠬᠢᠯᠡᠭᠦᠯᠵᠦ᠂ ᠳᠤᠮᠳᠠᠳᠤ ᠡᠸᠦ᠋ᠷᠦᠫᠡ ᠶᠢᠨ ᠨᠥᠭᠦᠷᠰᠡᠭ | ᠬᠠᠮᠲᠤᠷᠠᠯᠴᠠᠭᠠᠨ ᠤ ᠭᠤᠣᠯ ᠭᠦᠭ ᠠᠶᠠᠰ ᠢ ᠪᠠᠬᠢᠵᠢᠭᠦᠯᠵᠦ᠂ ᠲᠣᠭᠲᠠᠭᠤᠨ ᠪᠥᠭᠡᠳ ᠬᠠᠷᠢᠯᠴᠠᠨ ᠢᠲᠡᠭᠡᠯᠴᠡᠭᠰᠡᠨ | ᠬᠠᠩᠭᠠᠯᠭ᠎ᠠ ᠶᠢᠨ ᠬᠡᠯᠬᠢᠶ᠎ᠡ ᠶᠢᠨ ᠬᠠᠨᠢᠲᠠᠨ ᠤ ᠬᠠᠷᠢᠯᠴᠠᠭ᠎ᠠ ᠶᠢ ᠪᠠᠶᠢᠭᠤᠯᠬᠤ ᠲᠤᠬᠠᠢ ᠰᠤᠳᠤᠯᠤᠨ ᠶᠠᠷᠢᠯᠴᠠᠵᠤ᠂ | ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠪᠡᠶᠡᠯᠡᠭᠦᠯᠦᠨ᠎ᠡ᠃ ᠹᠷᠠᠨᠼᠢ ᠶᠢᠨ ᠬᠢᠨ ᠢᠳᠡᠪᠬᠢᠲᠡᠢ | ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | ᠮᠠᠶᠢᠺᠷᠤᠨ᠂ ᠪᠢ 3 ᠵᠢᠯ ᠤᠨ ᠡᠮᠦᠨ᠎ᠡ ᠳᠤᠮᠳᠠᠳᠤ ᠤᠯᠤᠰ ᠲᠤ ᠠᠶᠢᠯᠴᠢᠯᠠᠬᠰᠠᠨ ᠪᠠᠶᠢᠳᠠᠯ ᠢᠶᠠᠨ ᠲᠣᠪ | ᠲᠣᠳᠣᠷᠬᠠᠢ ᠴᠡᠭᠡᠵᠢᠯᠡᠭᠰᠡᠭᠡᠷ ᠪᠠᠶᠢᠨ᠎ᠠ᠂ ᠳᠤᠮᠳᠠᠳᠤ ᠤᠯᠤᠰ ᠲᠤ ᠳᠠᠬᠢᠨᠲᠠ ᠠᠶᠢᠯᠴᠢᠯᠠᠵᠤ᠂ ᠲᠡᠷᠢᠭᠦᠯᠡᠭᠴᠢ ᠰᠢ ᠶᠢᠨ | ᠫᠢᠩ ᠲᠠᠢ ᠬᠠᠮᠲᠤ ᠹᠷᠠᠨᠼᠢ ᠳᠤᠮᠳᠠᠳᠤ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ | ᠬᠠᠷᠢᠯᠴᠠᠭ᠎ᠠ ᠶᠢ ᠴᠢᠨᠠᠭᠰᠢᠳᠠ ᠳᠡᠭᠡᠭᠰᠢᠯᠡᠭᠦᠯᠭᠦ ᠲᠤᠬᠠᠢ ᠶᠠᠷᠢᠯᠴᠠᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ ᠪᠢ | ᠲᠡᠷᠢᠭᠦᠯᠡᠭᠴᠢ ᠰᠢ ᠶᠢᠨ ᠫᠢᠩ ᠤᠨ ᠹᠷᠠᠨᠼᠢ ᠳᠤᠮᠳᠠᠳᠤ ᠶᠢᠨ ᠬᠠᠷᠢᠯᠴᠠᠭ᠎ᠠ ᠶᠢᠨ ᠲᠤᠬᠠᠢ ᠢᠳᠡᠪᠬᠢᠲᠡᠢ ᠦᠨᠡᠯᠡᠯᠲᠡ | ᠵᠢᠴᠢ ᠬᠤᠶᠠᠷ ᠲᠠᠯ᠎ᠠ ᠶᠢᠨ ᠬᠠᠷᠢᠯᠴᠠᠭ᠎ᠠ ᠶᠢ ᠬᠥᠭᠵᠢᠭᠦᠯᠬᠦ ᠲᠤᠬᠠᠢ ᠳᠤᠷᠠᠳᠤᠭᠰᠠᠨ ᠴᠢᠬᠤᠯᠠ ᠰᠠᠨᠠᠭᠤᠯᠭ᠎ᠠ ᠶᠢ | ᠪᠦᠷᠢᠮᠦᠰᠦᠨ ᠵᠥᠪᠰᠢᠶᠡᠷᠡᠨ᠎ᠡ᠃ ᠢᠷᠡᠬᠦ ᠵᠢᠯ ᠹᠷᠠᠨᠼᠢ ᠳᠤᠮᠳᠠᠳᠤ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 60 | ᠵᠢᠯ ᠤᠨ ᠤᠢ ᠪᠠᠨ ᠬᠠᠮᠲᠤ ᠪᠠᠷ ᠪᠡᠯᠭᠡᠯᠡᠬᠦ ᠪᠣᠯᠣᠨ᠎ᠠ᠃ 60 ᠵᠢᠯ ᠤᠨ ᠲᠤᠷᠰᠢ᠂ ᠹᠷᠠᠨᠼᠢ ᠳᠤᠮᠳᠠᠳᠤ ᠶᠢᠨ | ᠬᠠᠷᠢᠯᠴᠠᠭ᠎ᠠ ᠲᠣᠭᠲᠠᠭᠤᠨ ᠪᠥᠭᠡᠳ ᠡᠷᠡᠭᠦᠯ ᠢᠶᠠᠷ ᠭᠦᠭᠵᠢᠭᠦ ᠶᠢ ᠪᠠᠲᠤᠯᠠᠪᠠ᠃ ᠹᠷᠠᠨᠼᠢ ᠳᠤᠮᠳᠠᠳᠤ ᠬᠤᠶᠠᠷ | ᠤᠯᠤᠰ ᠤᠨ ᠬᠥᠭᠵᠢᠯᠲᠡ ᠶᠢᠨ ᠵᠠᠭᠪᠤᠷ ᠠᠳᠠᠯᠢ ᠪᠤᠰᠤ ᠪᠤᠯᠪᠠᠴᠤ ᠬᠤᠶᠠᠷ ᠲᠠᠯ᠎ᠠ ᠪᠠᠷ ᠢᠶᠠᠨ ᠬᠠᠷᠢᠯᠴᠠᠨ | ᠭᠦᠨᠳᠦᠳᠭᠡᠵᠦ᠂ ᠦᠨᠡᠨᠴᠢ ᠪᠠᠷ ᠰᠣᠯᠢᠯᠴᠠᠵᠤ᠂ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠬᠠᠷᠢᠯᠴᠠᠨ ᠠᠰᠢᠭᠲᠠᠢ | ᠬᠠᠮᠲᠤ ᠪᠠᠷ ᠠᠰᠢᠭ ᠭᠦᠷᠳᠡᠭᠦ ᠶᠢ ᠪᠡᠶᠡᠯᠡᠭᠦᠯᠬᠦ ᠶᠢᠨ ᠬᠠᠮᠲᠤ ᠣᠳᠣᠬᠠᠨ ᠤ ᠳᠡᠯᠡᠬᠡᠢ ᠶᠢᠷᠲᠢᠨᠴᠦ ᠳᠤ ᠲᠤᠯᠭᠠᠷᠠᠵᠤ | ᠪᠠᠶᠢᠭ᠎ᠠ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠬᠠᠮᠲᠤᠷᠠᠯᠴᠠᠨ ᠠᠷᠭᠠᠴᠠᠭᠠᠬᠤ ᠲᠠᠯ᠎ᠠ ᠪᠠᠷ ᠴᠢᠬᠤᠯᠠ | ᠠᠬᠢᠴᠠ ᠲᠠᠢ ᠪᠣᠯᠪᠠ᠃ ᠹᠷᠠᠨᠼᠢ ᠶᠢᠨ ᠲᠠᠯ᠎ᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ | ᠪᠣᠳᠣᠯᠭ᠎ᠠ ᠶᠢ ᠬᠦᠨᠳᠦᠳᠬᠡᠬᠦ ᠶᠢᠨ ᠬᠠᠮᠲᠤ ᠵᠢᠷᠤᠮᠯᠠᠨ ᠬᠥᠭᠵᠢᠭᠦᠯᠦᠨ᠎ᠡ᠃ ᠪᠢ ᠡᠨᠡ ᠤᠳᠠᠭ᠎ᠠ ᠲᠣᠮᠣ ᠬᠡᠪᠴᠢᠶᠡᠨ ᠤ | ᠲᠥᠯᠥᠭᠡᠯᠡᠭᠴᠢᠳ ᠤᠨ ᠪᠦᠯᠭᠦᠮ ᠳᠠᠭᠠᠭᠤᠯᠤᠨ ᠳᠤᠮᠳᠠᠳᠤ ᠤᠯᠤᠰ ᠲᠤ ᠠᠶᠢᠯᠴᠢᠯᠠᠬᠰᠠᠨ ᠨᠢ ᠳᠤᠮᠳᠠᠳᠤ | ᠤᠯᠤᠰ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠠᠬᠢᠭᠤᠯᠬᠤ ᠶᠢ | ᠬᠦᠰᠡᠭᠰᠡᠨ ᠶᠤᠮ᠃ ᠹᠷᠠᠨᠼᠢ ᠶᠢᠨ ᠲᠠᠯ᠎ᠠ ᠶᠢᠨ ᠬᠢᠨ ᠳᠤᠮᠳᠠᠳᠤ ᠤᠯᠤᠰ ᠤᠨ ᠺᠦᠨᠮᠢᠩ - ᠮᠣᠨᠳ᠋ᠷᠧᠶᠠᠯ ᠤᠨ ︽ᠠᠮᠢᠳᠤ | ᠪᠣᠳᠠᠰ ᠤᠨ ᠣᠯᠠᠨ ᠶᠠᠩᠵᠤᠲᠤ ᠴᠢᠨᠠᠷ ᠤᠨ ᠨᠡᠶᠢᠲᠡ ᠶᠢᠨ ᠭᠡᠷ᠎ᠡ︾ ᠶᠢᠨ ᠠᠷᠪᠠᠨ ᠲᠠᠪᠤᠳᠤᠭᠠᠷ ᠤᠳᠠᠭᠠᠨ ᠤ ᠭᠡᠷᠡᠲᠦ | ᠲᠠᠯ᠎ᠠ ᠶᠢᠨ ᠶᠡᠭᠡ ᠬᠤᠷᠠᠯ ᠢ ᠠᠮᠵᠢᠯᠲᠠ ᠲᠠᠢ ᠡᠷᠭᠢᠯᠡᠭᠰᠡᠨ ᠳᠤ ᠪᠠᠶᠠᠷ ᠬᠦᠷᠭᠡᠵᠦ ᠪᠠᠶᠢᠨ᠎ᠠ᠂ ᠠᠭᠤᠷ ᠠᠮᠢᠰᠬᠤᠯ ᠤᠨ | ᠬᠤᠪᠢᠷᠠᠯᠲᠠ᠂ ᠠᠮᠤ ᠪᠤᠳᠠᠭᠠᠨ ᠤ ᠠᠮᠤᠷ ᠲᠦᠪᠰᠢᠨ ᠵᠡᠷᠭᠡ ᠠᠰᠠᠭᠤᠳᠠᠯ ᠤᠨ ᠲᠠᠯ᠎ᠠ ᠪᠠᠷ ᠳᠤᠮᠳᠠᠳᠤ ᠤᠯᠤᠰ ᠲᠠᠢ | ᠦᠷᠭᠦᠯᠵᠢᠯᠡᠨ ᠨᠢᠭᠲᠠ ᠣᠯᠣᠯᠴᠠᠬᠤ ᠶᠢ ᠬᠦᠰᠡᠵᠦ ᠪᠠᠶᠢᠨ᠎ᠠ᠃ ᠳᠤᠮᠳᠠᠳᠤ ᠤᠯᠤᠰ ᠭᠤᠷᠪᠠᠳᠤᠭᠠᠷ ᠬᠤᠭᠤᠴᠠᠭᠠᠨ ᠤ | ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ | ᠲᠠᠪᠴᠠᠩ ᠢ ᠡᠷᠭᠢᠯᠡᠭᠦ ᠪᠠᠷ ᠪᠠᠶᠢᠨ᠎ᠠ᠂ ᠹᠷᠠᠨᠼᠢ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠡᠭᠦᠨ ᠤ ᠲᠤᠬᠠᠢ | ᠬᠠᠮᠲᠤᠷᠠᠯᠴᠠᠭ᠎ᠠ ᠥᠷᠨᠢᠭᠦᠯᠦᠨ᠎ᠡ᠃ ᠹᠷᠠᠨᠼᠢ ᠶᠢᠨ ᠲᠠᠯ᠎ᠠ ᠶᠢᠨ ᠬᠢᠨ ᠳᠤᠮᠳᠠᠳᠤ ᠤᠯᠤᠰ ᠤᠨ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠶᠢ ᠢᠮᠠᠭᠲᠠ ᠵᠢᠷᠤᠮᠯᠠᠵᠤ᠂ ᠳᠡᠯᠡᠬᠡᠢ ᠶᠢᠨ ᠪᠠ | ᠭᠠᠵᠠᠷ ᠣᠷᠣᠨ ᠤ ᠬᠠᠯᠠᠮᠰᠢᠯ ᠠᠰᠠᠭᠤᠳᠠᠯ ᠢ ᠰᠢᠢᠳᠪᠦᠷᠢᠯᠡᠬᠦ ᠳᠤ ᠢᠳᠡᠪᠬᠢᠲᠡᠢ ᠦᠢᠯᠡᠳᠦᠯ ᠦᠵᠡᠭᠦᠯᠵᠦ ᠪᠠᠶᠢᠬᠤ ᠶᠢ | ᠮᠠᠭᠲᠠᠨ ᠰᠠᠶᠢᠰᠢᠶᠠᠵᠤ ᠪᠠᠶᠢᠨ᠎ᠠ᠂ ᠳᠤᠮᠳᠠᠳᠤ ᠤᠯᠤᠰ ᠯᠤᠭ᠎ᠠ ᠣᠯᠣᠯᠴᠠᠭ᠎ᠠ ᠬᠠᠮᠵᠢᠯᠴᠠᠭ᠎ᠠ ᠪᠠᠨ ᠨᠢᠭᠲᠠᠷᠠᠭᠤᠯᠵᠤ᠂ | ᠳᠡᠯᠡᠬᠡᠢ ᠶᠢᠨ ᠥᠨᠢ ᠤᠳᠠᠭᠠᠨ ᠤ ᠡᠩᠬᠡ ᠲᠠᠶᠢᠪᠤᠩ ᠪᠠ ᠲᠣᠭᠲᠠᠭᠤᠨ ᠢ ᠴᠢᠷᠮᠠᠶᠢᠨ ᠪᠡᠶᠡᠯᠡᠭᠦᠯᠬᠦ ᠶᠢ ᠬᠦᠰᠡᠵᠦ ᠪᠠᠶᠢᠨ᠎ᠠ | ᠭᠡᠵᠦ ᠢᠯᠡᠳᠬᠡᠪᠡ᠃ | ᠮᠠᠶᠢᠺᠷᠤᠨ᠂ ᠹᠷᠠᠨᠼᠢ ᠶᠢᠨ ᠲᠠᠯ᠎ᠠ ᠶᠢᠨ ᠬᠢᠨ ᠪᠡᠶ᠎ᠡ ᠪᠠᠨ ᠳᠠᠭᠠᠭᠠᠵᠤ ᠡᠵᠡᠨ ᠮᠡᠳᠡᠭᠦ ᠭᠠᠳᠠᠭᠠᠳᠤ | ᠬᠠᠷᠢᠯᠴᠠᠭ᠎ᠠ ᠶᠢ ᠪᠠᠷᠢᠮᠲᠠᠯᠠᠵᠤ᠂ ᠡᠸᠦ᠋ᠷᠦᠫᠡ ᠲᠢᠪ ᠤᠨ ᠪᠠᠶᠢᠯᠳᠤᠬᠤ ᠪᠣᠳᠣᠯᠭ᠎ᠠ ᠶᠢᠨ ᠪᠡᠶ᠎ᠡ ᠪᠠᠨ ᠳᠠᠭᠠᠭᠠᠬᠤ ᠶᠢ | ᠰᠠᠨᠠᠭᠠᠴᠢᠯᠠᠵᠤ᠂ ᠡᠰᠡᠷᠭᠦᠴᠡᠯᠳᠦᠨ ᠬᠠᠭᠠᠴᠠᠭᠤᠯᠬᠤ ᠶᠢ ᠡᠰᠡᠷᠭᠦᠴᠡᠵᠦ᠂ ᠯᠡᠭᠧᠷ ᠤᠨ ᠡᠰᠡᠷᠭᠦᠴᠡᠯᠳᠦᠯ ᠢ ᠡᠭᠦᠰᠬᠡᠬᠦ ᠶᠢ | ᠡᠰᠡᠷᠭᠦᠴᠡᠨ᠎ᠡ᠃ ᠹᠷᠠᠨᠼᠢ ᠠᠯᠢ ᠴᠤ ᠲᠠᠯ᠎ᠠ ᠳᠤᠨᠢ ᠵᠤᠬᠰᠤᠬᠤ ᠦᠭᠡᠢ᠂ ᠬᠠᠷᠢᠨ ᠪᠦᠯᠬᠦᠮᠳᠡᠨ ᠬᠠᠮᠲᠤᠷᠠᠯᠴᠠᠬᠤ ᠶᠢ | ᠰᠠᠨᠠᠭᠠᠴᠢᠯᠠᠵᠤ᠂ ᠶᠡᠭᠡ ᠤᠯᠤᠰ ᠤᠨ ᠬᠠᠷᠢᠯᠴᠠᠭ᠎ᠠ ᠶᠢᠨ ᠲᠣᠭᠲᠠᠭᠤᠨ ᠢ ᠪᠠᠲᠤᠯᠠᠨ᠎ᠠ᠃ ᠹᠷᠠᠨᠼᠢ ᠶᠢᠨ ᠲᠠᠯ᠎ᠠ ᠶᠢᠨ ᠬᠢᠨ | ᠳᠤᠷᠠᠲᠠᠶ᠎ᠠ ᠳᠤᠮᠳᠠᠳᠤ ᠶᠢᠨ ᠲᠠᠯ᠎ᠠ ᠲᠠᠢ ᠦᠨᠡᠨᠴᠢ ᠪᠥᠭᠡᠳ ᠭᠦᠨᠵᠡᠭᠡᠢ ᠣᠯᠣᠯᠴᠠᠭ᠎ᠠ ᠪᠠᠨ ᠪᠠᠲᠤᠯᠠᠵᠤ᠂ | ᠢᠲᠡᠭᠡᠯᠴᠡᠭᠡ ᠪᠠᠨ ᠨᠡᠮᠡᠭᠳᠡᠭᠦᠯᠵᠦ᠂ ᠠᠳᠠᠯᠢ ᠲᠠᠯ᠎ᠠ ᠪᠠᠨ ᠡᠷᠢᠵᠦ ᠵᠥᠷᠢᠶ᠎ᠡ ᠪᠠᠨ ᠦᠯᠡᠳᠡᠭᠡᠵᠦ᠂ ᠨᠡᠭᠡᠭᠡᠯᠲᠡ ᠬᠢᠵᠦ | ᠬᠠᠮᠲᠤᠷᠠᠯᠴᠠᠭ᠎ᠠ ᠥᠷᠨᠢᠭᠦᠯᠦᠨ᠎ᠡ᠃ ᠹᠷᠠᠨᠼᠢ ᠶᠢᠨ ᠬᠢᠨ ᠳᠤᠷᠠᠲᠠᠶ᠎ᠠ ᠡᠸᠦ᠋ᠷᠦᠫᠡ ᠳᠤᠮᠳᠠᠳᠤ ᠶᠢᠨ ᠬᠠᠷᠢᠯᠴᠠᠭ᠎ᠠ ᠶᠢᠨ | ᠬᠥᠭᠵᠢᠯᠲᠡ ᠶᠢ ᠢᠳᠡᠪᠬᠢᠲᠡᠢ ᠠᠬᠢᠭᠤᠯᠤᠨ᠎ᠠ ᠭᠡᠵᠦ ᠢᠯᠡᠳᠬᠡᠪᠡ᠃ | ᠬᠤᠶᠠᠷ ᠤᠯᠤᠰ ᠤᠨ ᠲᠡᠷᠢᠭᠦᠨ ᠪᠠᠰᠠ ᠦᠺᠷᠠᠶᠢᠨ ᠤ ᠬᠢᠮᠤᠷᠠᠯ ᠤᠨ ᠲᠤᠬᠠᠢ ᠰᠠᠨᠠᠯ ᠢᠶᠠᠨ ᠰᠣᠯᠢᠯᠴᠠᠪᠠ᠃ | ᠰᠢ ᠶᠢᠨ ᠫᠢᠩ᠂ ᠦᠺᠷᠠᠶᠢᠨ ᠤ ᠠᠰᠠᠭᠤᠳᠠᠯ ᠳᠡᠭᠡᠷ᠎ᠡ ᠳᠤᠮᠳᠠᠳᠤ ᠤᠯᠤᠰ ᠤᠨ ᠵᠣᠭᠰᠣᠯᠲᠠ ᠪᠣᠯ ᠢᠮᠠᠭᠲᠠ ᠬᠤᠪᠢᠷᠠᠰᠢ | ᠦᠭᠡᠢ ᠪᠥᠭᠡᠳ ᠲᠣᠳᠣᠷᠬᠠᠢ ᠶᠤᠮ᠂ ᠭᠤᠣᠯ ᠠᠭᠤᠯᠭ᠎ᠠ ᠪᠣᠯ ᠳᠠᠷᠤᠢ ᠢᠳᠬᠠᠨ ᠡᠪᠰᠡᠭᠦᠯᠵᠦ ᠬᠡᠯᠡᠯᠴᠡᠭᠡ ᠭᠢᠯᠭᠡᠭᠦ᠂ | ᠤᠯᠤᠰ ᠲᠥᠷᠥ ᠶᠢᠨ ᠠᠷᠭ᠎ᠠ ᠪᠠᠷ ᠰᠢᠢᠳᠪᠦᠷᠢᠯᠡᠬᠦ ᠶᠠᠪᠤᠳᠠᠯ ᠪᠣᠯᠣᠨ᠎ᠠ᠃ ᠬᠢᠮᠤᠷᠠᠯ ᠢ ᠨᠠᠮᠳᠠᠭᠠᠬᠤ ᠳᠤ ᠬᠤᠪᠢᠯᠭᠠᠨ ᠡᠮ | ᠭᠡᠵᠦ ᠪᠠᠶᠢᠬᠤ ᠦᠭᠡᠢ᠂ ᠡᠯ᠎ᠡ ᠲᠠᠯ᠎ᠠ ᠶᠢᠨ ᠬᠢᠨ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠢᠲᠡᠭᠡᠯᠴᠡᠭᠡ ᠪᠠᠨ | ᠨᠡᠮᠡᠭᠳᠡᠭᠦᠯᠬᠦ ᠪᠠᠷ ᠳᠠᠮᠵᠢᠨ ᠳᠠᠶᠢᠨ ᠢ ᠵᠣᠭᠰᠤᠭᠠᠬᠤ ᠨᠠᠶᠢᠷᠠᠮᠳᠠᠯ ᠤᠨ ᠬᠡᠯᠡᠯᠴᠡᠭᠡ ᠬᠢᠬᠦ ᠨᠥᠬᠦᠴᠡᠯ ᠢ ᠪᠦᠷᠢᠯᠳᠦᠭᠦᠯᠬᠦ | ᠬᠡᠷᠡᠭᠲᠡᠢ᠃ ᠳᠤᠮᠳᠠᠳᠤ ᠤᠯᠤᠰ ᠡᠸᠦ᠋ᠷᠦᠫᠡ ᠶᠢᠨ ᠬᠢᠨ ᠤ ᠤᠯᠤᠰ ᠲᠥᠷᠥ ᠪᠠᠷ ᠬᠢᠮᠤᠷᠠᠯ ᠢ ᠰᠢᠢᠳᠪᠦᠷᠢᠯᠡᠬᠦ ᠳᠤ | ᠦᠢᠯᠡᠳᠦᠯ ᠢᠶᠠᠨ ᠪᠠᠳᠠᠷᠠᠭᠤᠯᠬᠤ ᠶᠢ ᠳᠡᠮᠵᠢᠵᠦ᠂ ᠳᠤᠷᠠᠲᠠᠶ᠎ᠠ ᠹᠷᠠᠨᠼᠢ ᠶᠢᠨ ᠬᠢᠨ ᠲᠠᠢ ᠬᠠᠮᠲᠤ ᠪᠠᠷ ᠳᠡᠯᠡᠬᠡᠢ | ᠨᠡᠶᠢᠳᠠ ᠶᠢᠨ ᠬᠢᠨ ᠢ ᠣᠶᠤᠨᠯᠢᠭ ᠢᠶᠠᠷ ᠬᠦᠯᠢᠴᠡᠨ ᠲᠡᠰᠪᠦᠷᠢᠯᠡᠵᠦ᠂ ᠬᠢᠮᠤᠷᠠᠯ ᠢ ᠴᠢᠨᠠᠭᠰᠢᠳᠠ ᠬᠡᠴᠡᠭᠦᠳᠡᠭᠦᠯᠬᠦ | ᠴᠢᠨᠠᠭᠰᠢᠯᠠᠪᠠᠯ ᠡᠵᠡᠮᠳᠡᠵᠦ ᠲᠡᠶᠢᠯᠭᠦ ᠦᠭᠡᠢ ᠪᠤᠯᠭᠠᠬᠤ ᠠᠵᠢᠯᠯᠠᠭ᠎ᠠ ᠠᠪᠬᠤ ᠠᠴᠠ ᠵᠠᠶᠢᠯᠠᠰᠬᠢᠬᠦ ᠶᠢ ᠤᠷᠢᠶᠠᠯᠠᠨ᠎ᠠ︔ | ᠤᠯᠠᠨ ᠤᠯᠤᠰ ᠤᠨ ᠬᠥᠮᠦᠯᠢᠭ ᠬᠠᠤᠯᠢ ᠶᠢ ᠴᠢᠩᠭ᠎ᠠ ᠵᠢᠷᠤᠮᠯᠠᠵᠤ᠂ ᠡᠭᠡᠯ ᠠᠷᠠᠳ ᠪᠠ ᠠᠷᠠᠳ ᠤᠨ ᠬᠡᠷᠡᠭᠯᠡᠭᠡᠨ ᠤ | ᠲᠤᠨᠤᠭ ᠲᠥᠬᠦᠭᠡᠷᠦᠮᠵᠢ ᠶᠢ ᠲᠠᠭᠠᠷᠢᠬᠤ ᠠᠴᠠ ᠵᠠᠶᠢᠯᠠᠰᠬᠢᠵᠦ᠂ ᠡᠮᠡᠭᠲᠡᠶᠢᠴᠦᠳ᠂ ᠬᠡᠦᠬᠡᠳ ᠵᠡᠷᠭᠡ ᠮᠥᠷᠭᠦᠯᠳᠦᠭᠡᠨ ᠤ | ᠳᠤᠮᠳᠠ ᠬᠤᠬᠢᠷᠠᠯ ᠠᠮᠰᠠᠭᠴᠢ ᠶᠢ ᠬᠠᠮᠠᠭᠠᠯᠠᠨ᠎ᠠ︔ ᠴᠥᠮ᠎ᠡ ᠶᠢᠨ ᠵᠡᠪᠰᠡᠭ ᠢ ᠬᠡᠷᠡᠭᠯᠡᠵᠦ ᠪᠤᠯᠬᠤ ᠦᠭᠡᠢ᠂ | ᠴᠥᠮ᠎ᠡ ᠶᠢᠨ ᠲᠠᠶᠢᠨ ᠢ ᠡᠭᠦᠰᠬᠡᠵᠦ ᠪᠤᠯᠬᠤ ᠦᠭᠡᠢ ᠭᠡᠰᠡᠨ ᠠᠮᠠᠯᠠᠯᠲᠠ ᠪᠠᠨ ᠦᠨᠡᠨ ᠬᠦ ᠭᠦᠢᠴᠡᠳᠬᠡᠵᠦ᠂ ᠶᠠᠮᠠᠷᠪᠠ | ᠪᠠᠶᠢᠳᠠᠯ ᠤᠨ ᠳᠣᠣᠷ᠎ᠠ ᠭᠡᠰᠡᠨ ᠴᠤ ᠠᠮᠢᠳᠤ ᠪᠣᠳᠠᠰ ᠤᠨ ᠬᠢᠮᠢ ᠶᠢᠨ ᠵᠡᠪᠰᠡᠭ ᠢ ᠬᠡᠷᠡᠭᠯᠡᠬᠦ ᠶᠢ ᠡᠰᠡᠷᠭᠦᠴᠡᠵᠦ᠂ | ᠴᠥᠮ᠎ᠡ ᠶᠢᠨ ᠴᠠᠭᠢᠯᠭᠠᠨ ᠦᠷᠳᠡᠭᠡ ᠵᠡᠷᠭᠡ ᠠᠷᠠᠳ ᠤᠨ ᠬᠡᠷᠡᠭᠯᠡᠭᠡᠨ ᠤ ᠴᠥᠮ᠎ᠡ ᠶᠢᠨ ᠲᠤᠨᠤᠭ ᠲᠥᠬᠦᠭᠡᠷᠦᠮᠵᠢ ᠶᠢ | ᠵᠡᠪᠰᠡᠭᠲᠦ ᠬᠦᠴᠦᠨ ᠢᠶᠠᠷ ᠲᠠᠭᠠᠷᠢᠬᠤ ᠶᠢ ᠡᠰᠡᠷᠭᠦᠴᠡᠨ᠎ᠡ︔ ᠨᠠᠶᠢᠷᠠᠮᠳᠠᠯ ᠤᠨ ᠬᠡᠯᠡᠯᠴᠡᠭᠡ ᠶᠢ ᠳᠠᠭᠢᠨ ᠡᠭᠢᠯᠡᠭᠦᠯᠭᠦ ᠶᠢ | ᠲᠦᠷᠭᠡᠳᠬᠡᠵᠦ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ | ᠵᠠᠷᠴᠢᠮ ᠶᠣᠰᠣᠭᠠᠷ᠂ ᠡᠯ᠎ᠡ ᠲᠠᠯ᠎ᠠ ᠶᠢᠨ ᠬᠢᠨ ᠤ ᠵᠦᠢ ᠵᠣᠬᠢᠰᠲᠠᠢ ᠠᠮᠤᠷ ᠲᠦᠪᠰᠢᠨ ᠤ ᠲᠤᠬᠠᠢ ᠠᠩᠬᠠᠷᠤᠯ | ᠠᠰᠠᠭᠤᠳᠠᠯ ᠢ ᠬᠠᠮᠲᠤ ᠳᠤᠨᠢ ᠬᠠᠷᠠᠭᠠᠯᠵᠠᠨ᠂ ᠤᠯᠤᠰ ᠲᠦᠷᠦ ᠪᠠᠷ ᠰᠢᠢᠳᠪᠦᠷᠢᠯᠡᠬᠦ ᠶᠢ ᠰᠦᠪᠡᠭᠴᠢᠯᠡᠵᠦ᠂ | ᠲᠡᠩᠴᠡᠭᠦᠷᠢᠲᠡᠢ᠂ ᠪᠦᠲᠦᠮᠵᠢᠲᠡᠢ᠂ ᠦᠷᠭᠦᠯᠵᠢᠯᠡᠬᠦ ᠡᠸᠦ᠋ᠷᠦᠫᠡ ᠲᠢᠪ ᠤᠨ ᠠᠮᠤᠷ ᠲᠦᠪᠰᠢᠨ ᠤ ᠪᠦᠳᠦᠭᠡᠪᠴᠢ | ᠲᠥᠯᠥᠪ ᠢ ᠪᠠᠶᠢᠭᠤᠯᠤᠨ᠎ᠠ︔ ᠦᠺᠷᠠᠶᠢᠨ ᠤ ᠬᠢᠮᠤᠷᠠᠯ ᠤᠨ ᠠᠮᠤ ᠪᠤᠳᠠᠭ᠎ᠠ᠂ ᠡᠨᠧᠷᠭᠢ᠂ ᠮᠥᠩᠭᠦᠨ ᠭᠦᠢᠯᠭᠡᠭᠡ᠂ ᠵᠠᠮ | ᠬᠠᠷᠢᠯᠴᠠᠭ᠎ᠠ ᠵᠡᠷᠭᠡ ᠬᠦᠷᠢᠶᠡᠨ ᠳᠤ ᠪᠤᠢ ᠪᠤᠯᠭᠠᠬᠰᠠᠨ ᠲᠡᠯᠡᠷᠡᠬᠦ ᠦᠷ᠎ᠡ ᠨᠥᠯᠥᠭᠡ ᠶᠢ ᠬᠠᠮᠲᠤᠷᠠᠯᠴᠠᠨ ᠠᠷᠭᠠᠴᠠᠭᠠᠵᠤ᠂ | ᠦᠺᠷᠠᠶᠢᠨ ᠤ ᠬᠢᠮᠤᠷᠠᠯ ᠤᠨ ᠳᠡᠯᠡᠬᠡᠢ ᠳ᠋ᠠᠬᠢᠨ ᠢᠯᠠᠩᠭᠤᠶ᠎ᠠ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠲᠤ | ᠦᠵᠡᠭᠦᠯᠭᠦ ᠨᠠᠵᠠᠭᠠᠢ ᠨᠥᠯᠥᠭᠡ ᠶᠢ ᠪᠠᠭᠠᠰᠬᠠᠨ᠎ᠠ᠃ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠹᠷᠠᠨᠼᠢ ᠶᠢᠨ | ᠲᠠᠯ᠎ᠠ ᠲᠠᠢ ᠡᠭᠦᠨ ᠤ ᠲᠤᠬᠠᠢ ᠣᠯᠣᠯᠴᠠᠭ᠎ᠠ ᠪᠠᠨ ᠪᠠᠲᠤᠯᠠᠵᠤ᠂ ᠬᠢᠮᠤᠷᠠᠯ ᠢ ᠤᠯᠤᠰ ᠲᠦᠷᠦ ᠪᠠᠷ ᠰᠢᠢᠳᠪᠦᠷᠢᠯᠡᠬᠦ ᠳᠤ | ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠦᠨ᠎ᠡ ᠭᠡᠵᠦ ᠴᠢᠬᠤᠯᠠᠴᠢᠯᠠᠪᠠ᠃ | ᠮᠠᠶᠢᠺᠷᠤᠨ ᠹᠷᠠᠨᠼᠢ ᠶᠢᠨ ᠲᠠᠯ᠎ᠠ ᠶᠢᠨ ᠦᠵᠡᠯᠲᠡ ᠪᠠᠨ ᠲᠠᠨᠢᠯᠴᠠᠭᠤᠯᠵᠤ᠂ ᠳᠤᠮᠳᠠᠳᠤ ᠤᠯᠤᠰ ᠤᠨ ᠤᠯᠤᠰ | ᠲᠦᠷᠦ ᠪᠠᠷ ᠦᠺᠷᠠᠶᠢᠨ ᠤ ᠬᠢᠮᠤᠷᠠᠯ ᠢ ᠰᠢᠢᠳᠪᠦᠷᠢᠯᠡᠬᠦ ᠳᠤ ᠦᠵᠡᠭᠦᠯᠦᠭᠰᠡᠨ ᠴᠢᠬᠤᠯᠠ ᠦᠢᠯᠡᠳᠦᠯ ᠢ ᠮᠠᠭᠲᠠᠨ | ᠰᠠᠶᠢᠰᠢᠶᠠᠵᠤ᠂ ᠹᠷᠠᠨᠼᠢ ᠶᠢᠨ ᠲᠠᠯ᠎ᠠ ᠶᠢᠨ ᠬᠢᠨ ᠤᠯᠤᠰ ᠲᠦᠷᠦ ᠶᠢᠨ ᠬᠡᠯᠡᠯᠴᠡᠭᠡ ᠶᠢ ᠲᠠᠭᠢᠨ ᠡᠬᠢᠯᠡᠭᠦᠯᠵᠦ᠂ | ᠭᠠᠳᠠᠭᠠᠳᠤ ᠬᠠᠷᠢᠯᠴᠠᠭᠠᠨ ᠤ ᠠᠷᠭ᠎ᠠ ᠪᠠᠷᠢᠯ ᠢᠶᠠᠷ ᠬᠢᠮᠤᠷᠠᠯ ᠢ ᠰᠢᠢᠳᠪᠦᠷᠢᠯᠡᠵᠦ᠂ ᠡᠸᠦ᠋ᠷᠦᠫᠡ ᠲᠢᠪ ᠤᠨ ᠥᠨᠢ | ᠤᠳᠠᠭᠠᠨ ᠤ ᠡᠩᠬᠡ ᠲᠠᠶᠢᠪᠤᠩ ᠢ ᠪᠡᠶᠡᠯᠡᠭᠦᠯᠬᠦ ᠶᠢ ᠵᠣᠷᠢᠵᠤ ᠪᠠᠶᠢᠨ᠎ᠠ᠂ ᠳᠤᠮᠳᠠᠳᠤ ᠤᠯᠤᠰ ᠯᠤᠭ᠎ᠠ ᠣᠯᠣᠯᠴᠠᠭ᠎ᠠ ᠪᠠᠨ | ᠴᠢᠩᠭᠠᠳᠬᠠᠵᠤ᠂ ᠡᠩᠬᠡ ᠲᠠᠶᠢᠪᠤᠩ ᠤᠨ ᠲᠥᠯᠥᠭᠡ ᠬᠠᠮᠲᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ | | ᠬᠡᠯᠡᠯᠴᠡᠭᠡ ᠲᠡᠭᠦᠰᠦᠭᠰᠡᠨ ᠤ ᠳᠠᠷᠠᠭ᠎ᠠ᠂ ᠬᠤᠶᠠᠷ ᠤᠯᠤᠰ ᠤᠨ ᠲᠡᠷᠢᠭᠦᠨ ᠬᠥᠳᠡᠭᠡ ᠠᠵᠤ ᠠᠬᠤᠢ ᠢᠳᠡᠭᠡᠨ ᠤ | ᠵᠦᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠭᠠᠷ ᠤᠨ ᠠᠶᠠᠯᠠᠯ᠂ ᠠᠷᠠᠳ ᠤᠨ ᠬᠡᠷᠡᠭᠯᠡᠭᠡᠨ ᠤ ᠴᠥᠮ᠎ᠡ ᠶᠢᠨ | ᠡᠨᠧᠷᠭᠢ᠂ ᠦᠷᠭᠦᠯᠵᠢᠯᠡᠬᠦ ᠬᠥᠭᠵᠢᠯᠲᠡ᠂ ᠰᠣᠶᠣᠯ ᠵᠡᠷᠭᠡ ᠬᠦᠷᠢᠶᠡᠨ ᠳᠠᠬᠢ ᠬᠤᠶᠠᠷ ᠲᠠᠯ᠎ᠠ ᠶᠢᠨ ᠤᠯᠠᠨ ᠵᠦᠢᠯ ᠤᠨ | ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃ | ᠬᠤᠶᠠᠷ ᠤᠯᠤᠰ ᠤᠨ ᠲᠡᠷᠢᠭᠦᠨ ᠪᠠᠰᠠ ᠬᠠᠮᠲᠤ ᠪᠠᠷ ᠳᠤᠮᠳᠠᠳᠤ ᠭᠠᠳᠠᠭᠠᠳᠤ ᠶᠢᠨ ᠰᠤᠷᠪᠤᠯᠵᠢᠯᠠᠬᠴᠢᠳ ᠲᠠᠢ | ᠠᠭᠤᠯᠵᠠᠪᠠ᠃ | ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ | ᠡᠭᠦᠳᠡᠨ ᠤ ᠭᠠᠳᠠᠨᠠᠬᠢ ᠠᠭᠤᠳᠠᠮ ᠲᠠᠯᠠᠪᠠᠢ ᠳᠤ ᠮᠠᠶᠢᠺᠷᠤᠨ ᠢ ᠤᠭᠲᠤᠬᠤ ᠶᠣᠰᠣᠯᠠᠯ ᠶᠠᠪᠤᠭᠤᠯᠪᠠ᠃ | ᠮᠠᠶᠢᠺᠷᠤᠨ ᠬᠦᠷᠴᠦ ᠢᠷᠡᠬᠦ ᠦᠶ᠎ᠡ ᠳᠤ ᠶᠣᠰᠣᠯᠠᠯ ᠤᠨ ᠴᠡᠷᠢᠭ ᠮᠥᠷᠯᠡᠨ ᠵᠣᠭᠰᠣᠵᠤ ᠶᠣᠰᠣᠯᠠᠪᠠ᠃ | ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠭᠦᠮ | ᠳᠤᠮᠳᠠᠳᠤ ᠹᠷᠠᠨᠼᠢ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ᠂ ᠲᠢᠶᠠᠨ ᠠᠨ ᠮᠧᠨ | ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠪᠠ᠃ ᠮᠠᠶᠢᠺᠷᠤᠨ ᠰᠢ ᠶᠢᠨ ᠫᠢᠩ ᠤᠨ ᠪᠠᠷ᠎ᠠ | ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ | ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃ | ᠸᠠᠩ ᠢ᠂ ᠴᠢᠨ ᠭᠠᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 6 ᠤ ᠴᠠᠭᠢᠯᠭᠠᠨ ᠮᠡᠳᠡᠭᠡ︶ | | |