ᠡᠯ᠎ᠡ ᠰᠤᠮᠤ ᠪᠠᠯᠭᠠᠰᠤ ᠶᠢᠨ 2023 ᠣᠨ ᠤ ᠬᠠᠪᠤᠷ ᠤᠨ ᠤᠯᠠᠷᠢᠯ ᠤᠨ ᠰᠡᠯᠭᠦᠨ ᠮᠠᠯᠵᠢᠭᠰᠠᠨ ᠪᠠᠶᠢᠳᠠᠯ ᠢ ᠬᠢᠨᠠᠨ ᠵᠢᠯᠤᠭᠤᠳᠴᠤ ᠪᠠᠶᠢᠴᠠᠭᠠᠬᠤ ᠲᠤᠬᠠᠢ ᠰᠢᠨ᠎ᠡ ᠪᠠᠷᠭᠤ ᠪᠠᠷᠠᠭᠤᠨ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2023/5/11
ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠳᠤ᠄      ᠮᠠᠨ ᠤ ᠬᠤᠰᠢᠭᠤᠨ ᠤ 2023 ᠣᠨ ᠤ ᠬᠠᠪᠤᠷ ᠤᠨ ᠤᠯᠠᠷᠢᠯ ᠤᠨ ᠡᠪᠡᠰᠦ ᠪᠡᠯᠴᠢᠭᠡᠷ ᠢ ᠨᠣᠭᠤᠭᠠᠷᠠᠭᠤᠯᠬᠤ ᠬᠤᠭᠤᠴᠠᠭᠠᠨ ᠳᠤ ᠰᠡᠯᠭᠦᠨ ᠮᠠᠯᠵᠢᠬᠤ ᠠᠵᠢᠯ ᠢ ᠰᠠᠶᠢᠲᠤᠷ ᠬᠢᠵᠦ᠂ ᠪᠦᠬᠦ ᠬᠤᠰᠢᠭᠤᠨ ᠤ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠤᠨ ᠦᠷ᠎ᠡ ᠪᠦᠲᠦᠭᠡᠯ ᠢ ᠤᠯᠠᠮ ᠴᠢᠨᠠᠭᠰᠢᠳᠠ ᠪᠠᠬᠢᠵᠢᠭᠦᠯᠬᠦ ᠶᠢᠨ ᠲᠦᠯᠦᠭᠡ᠂ ︽2023 ᠣᠨ ᠤ ᠪᠦᠬᠦ ᠬᠤᠰᠢᠭᠤᠨ ᠤ ᠬᠠᠪᠤᠷ ᠤᠨ ᠤᠯᠠᠷᠢᠯ ᠤᠨ ᠡᠪᠡᠰᠦ ᠪᠡᠯᠴᠢᠭᠡᠷ ᠢ ᠨᠣᠭᠤᠭᠠᠷᠠᠭᠤᠯᠬᠤ ᠬᠤᠭᠤᠴᠠᠭᠠᠨ ᠳᠤ ᠰᠡᠯᠭᠦᠨ ᠮᠠᠯᠵᠢᠬᠤ ᠠᠵᠢᠯ ᠢ ᠰᠠᠶᠢᠲᠤᠷ ᠬᠢᠬᠦ ᠲᠤᠬᠠᠢ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾᠎ ᠤᠨ ᠱᠠᠭᠠᠷᠳᠠᠯᠭ᠎ᠠ ᠶᠣᠰᠣᠭᠠᠷ᠂ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠲᠤᠰᠬᠠᠢ ᠬᠢᠨᠠᠨ ᠵᠢᠯᠤᠭᠤᠳᠴᠤ ᠪᠠᠶᠢᠴᠠᠭᠠᠬᠤ ᠳᠤᠭᠤᠶᠢᠯᠠᠩ ᠪᠠᠶᠢᠭᠤᠯᠵᠤ᠂ 5 ᠰᠠᠷ᠎ᠠ ᠶᠢᠨ 9᠎ ᠤ ᠡᠳᠦᠷ ᠠᠴᠠ 11᠎ ᠤ ᠡᠳᠦᠷ ᠪᠣᠯᠲᠠᠯ᠎ᠠ ᠡᠯ᠎ᠡ ᠰᠤᠮᠤ ᠪᠠᠯᠭᠠᠰᠤ ᠶᠢᠨ ᠬᠠᠪᠤᠷ ᠤᠨ ᠤᠯᠠᠷᠢᠯ ᠤᠨ ᠰᠡᠯᠭᠦᠨ ᠮᠠᠯᠵᠢᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠲᠤᠬᠠᠢ ᠶᠢᠨ ᠭᠠᠵᠠᠷ ᠲᠤᠨᠢ ᠲᠣᠭᠤᠷᠢᠨ ᠪᠠᠶᠢᠴᠠᠭᠠᠯᠲᠠ ᠬᠢᠵᠦ᠂ ᠲᠣᠭᠤᠷᠢᠨ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠰᠡᠯᠭᠦᠨ ᠮᠠᠯᠵᠢᠬᠤ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠤᠨ ᠰᠦᠪᠡᠭᠴᠢ ᠶᠢ ᠡᠯ᠎ᠡ ᠰᠤᠮᠤ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠳᠤ ᠬᠦᠷᠭᠡᠵᠦ᠂ ᠦᠨᠡᠨ ᠬᠦ ᠡᠷᠲᠡ ᠠᠴᠠ ᠢᠯᠡᠷᠡᠭᠦᠯᠦᠨ᠂ ᠡᠷᠲᠡ ᠠᠴᠠ ᠰᠠᠨᠠᠭᠤᠯᠭ᠎ᠠ ᠭᠠᠷᠭᠠᠵᠤ᠂ ᠡᠷᠲᠡ ᠠᠴᠠ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠪᠡ᠃      ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠰᠤᠮᠤ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢ ᠵᠠᠷᠯᠢᠭᠳᠠᠵᠤ ᠪᠠᠶᠢᠭᠠᠳ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠵᠢᠴᠢ ᠲᠣᠭᠤᠷᠢᠨ ᠪᠠᠶᠢᠴᠠᠭᠠᠬᠤ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠥᠨᠳᠥᠷ ᠳᠠᠷᠤᠯᠲᠠ ᠲᠠᠢ ᠪᠠᠶᠢᠳᠠᠯ ᠢ ᠪᠠᠲᠤᠯᠠᠨ᠂ ᠲᠣᠭᠲᠠᠭᠠᠯ ᠠᠴᠠ ᠵᠥᠷᠢᠴᠡᠨ ᠮᠠᠯᠵᠢᠭᠰᠠᠨ ᠵᠡᠷᠭᠡ ᠦᠶᠯᠡ ᠠᠵᠢᠯᠯᠠᠭ᠎ᠠ ᠶᠢ ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃ ᠡᠭᠦᠨ ᠤ ᠬᠠᠮᠲᠤ ᠤᠬᠠᠭᠤᠯᠤᠨ ᠬᠥᠲᠥᠯᠥᠨ ᠵᠢᠯᠤᠭᠤᠳᠬᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ᠂ ᠠᠷᠠᠳ ᠲᠦᠮᠡᠨ ᠳᠤ ᠦᠢᠯᠡᠴᠢᠯᠡᠬᠦ ᠠᠵᠢᠯ ᠢ ᠴᠢᠩᠭᠠᠳᠬᠠᠵᠤ᠂ ᠡᠯ᠎ᠡ ᠰᠤᠮᠤ ᠪᠠᠯᠭᠠᠰᠤ ᠶᠢᠨ ᠮᠠᠯᠵᠢᠬᠤ ᠡᠷᠦᠬᠡ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠤᠬᠠᠮᠰᠠᠷ ᠢ ᠤᠯᠠᠮ ᠴᠢᠨᠠᠭᠰᠢᠳᠠ ᠳᠡᠭᠡᠭᠰᠢᠯᠡᠭᠦᠯᠦᠨ᠂ ᠮᠠᠨ ᠤ ᠬᠤᠰᠢᠭᠤᠨ ᠤ 2023 ᠣᠨ ᠤ ᠬᠠᠪᠤᠷ ᠤᠨ ᠤᠯᠠᠷᠢᠯ ᠤᠨ ᠡᠪᠡᠰᠦ ᠪᠡᠯᠴᠢᠭᠡᠷ ᠢ ᠨᠣᠭᠤᠭᠠᠷᠠᠭᠤᠯᠬᠤ ᠬᠤᠭᠤᠴᠠᠭᠠᠨ ᠳᠠᠬᠢ ᠰᠡᠯᠭᠦᠨ ᠮᠠᠯᠵᠢᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃      ᠡᠭᠦᠨ ᠤ ᠲᠤᠯᠠ ᠣᠨᠴᠠᠭᠠᠶᠢᠯᠠᠨ ᠮᠡᠳᠡᠭᠳᠡᠪᠡ᠃                                   2023 ᠣᠨ ᠤ 5 ᠰᠠᠷ᠎ᠠ ᠶᠢᠨ 8᠎ ᠤ ᠡᠳᠦᠷ      ︵ᠲᠤᠰ ᠮᠠᠲ᠋ᠧᠷᠢᠶᠠᠯ ᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠨ᠎ᠠ︶ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ