ᠬᠤᠰᠢᠭᠤᠨ ᠤ ᠵᠠᠰᠠᠭ ᠤᠨ ᠣᠷᠳᠣᠨ ᠤ ᠠᠵᠢᠯᠯᠠᠬᠤ ᠰᠢᠰᠲ᠋ᠧᠮ ᠤᠨ ︽ᠣᠪᠤᠷ ᠰᠤᠷᠲᠠᠯ ᠢ ᠬᠤᠪᠢᠷᠠᠭᠤᠯᠤᠨ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠲᠤᠰᠬᠠᠢ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠪᠠᠶᠢᠭᠤᠯᠬᠤ ᠲᠤᠬᠠᠢ ᠰᠢᠨ᠎ᠡ ᠪᠠᠷᠭᠤ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/5/22
ᠡᠯ᠎ᠡ ᠰᠣᠮᠣ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠰᠠᠯᠠᠭ᠎ᠠ ᠮᠦᠴᠢᠷ ᠲᠤ᠄     ᠦᠪᠡᠷᠲᠡᠭᠡᠨ ᠵᠠᠰᠠᠬᠤ ᠣᠷᠣᠨ᠂ ᠬᠦᠯᠦᠨ ᠪᠣᠶᠢᠷ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠠᠵᠢᠯᠯᠠᠬᠤ ᠰᠢᠰᠲ᠋ᠧᠮ ᠤᠨ ︽︿ᠣᠪᠤᠷ ᠰᠤᠷᠲᠠᠯ ᠢ ᠬᠤᠪᠢᠷᠠᠭᠤᠯᠤᠨ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ﹀ ᠲᠤᠰᠬᠠᠢ ᠠᠵᠢᠯᠯᠠᠭ᠎ᠠ ᠦᠷᠨᠢᠭᠦᠯᠬᠦ ᠲᠤᠬᠠᠢ ᠮᠡᠳᠡᠭᠳᠡᠯ︾᠎ ᠤᠨ ᠱᠠᠭᠠᠷᠳᠠᠯᠭ᠎ᠠ ᠶᠣᠰᠣᠭᠠᠷ᠂ ᠬᠤᠰᠢᠭᠤᠨ ᠤ ᠵᠠᠰᠠᠭ ᠤᠨ ᠣᠷᠳᠣᠨ ᠤ ᠠᠵᠢᠯᠯᠠᠬᠤ ᠰᠢᠰᠲ᠋ᠧᠮ ᠤᠨ ᠠᠵᠢᠯ ᠤᠨ ᠣᠪᠣᠷ ᠰᠤᠷᠲᠠᠯ ᠢ ᠤᠯᠠᠮ ᠴᠢᠨᠠᠭᠰᠢᠳᠠ ᠰᠢᠯᠢᠳᠡᠭᠵᠢᠭᠦᠯᠦᠨ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠩᠨᠡᠭᠡ ᠶᠢᠨ ᠣᠪᠣᠷ ᠰᠤᠷᠲᠠᠯ ᠢ ᠦᠨᠡᠨᠬᠦ ᠴᠢᠩᠭᠠᠳᠬᠠᠨ᠂ ᠳᠦᠷᠢ ᠳᠦᠷᠬᠦ ᠶᠢ ᠰᠠᠶᠢᠲᠤᠷ ᠱᠤᠭᠤᠵᠤ᠂ ᠵᠠᠰᠠᠭ ᠤᠨ ᠣᠷᠳᠣᠨ ᠤ ᠠᠵᠢᠯᠯᠠᠬᠤ ᠰᠢᠰᠲ᠋ᠧᠮ ᠤᠨ ᠳᠦᠷᠢᠮ ᠤᠨ ᠪᠠᠶᠢᠭᠤᠯᠤᠯᠲᠠ᠂ ᠱᠠᠯᠠᠮᠠᠭᠠᠢ ᠪᠣᠳᠠᠲᠠᠢ ᠠᠵᠢᠯᠯᠠᠬᠤ᠂ ᠵᠢᠷᠤᠮᠵᠢᠭᠤᠨ ᠠᠵᠢᠯᠯᠠᠬᠤ᠂ ᠨᠠᠷᠢᠯᠢᠭᠵᠢᠭᠤᠯᠤᠨ ᠰᠢᠯᠢᠳᠡᠭᠵᠢᠭᠦᠯᠬᠦ᠂ ᠣᠯᠠᠨ ᠲᠦᠮᠡᠨ ᠳᠤ ᠦᠢᠯᠡᠴᠢᠯᠡᠬᠦ ᠵᠡᠷᠭᠡ 5 ᠲᠠᠯ᠎ᠠ ᠶᠢᠨ ᠦᠷ᠎ᠡ ᠪᠦᠲᠦᠮᠵᠢ ᠶᠢ ᠬᠦᠲᠦᠯᠦᠨ ᠵᠢᠯᠣᠭᠤᠳᠬᠤ ᠶᠢᠨ ᠲᠦᠯᠦᠭᠡ᠂ ᠣᠨᠴᠠᠭᠠᠶᠢᠯᠠᠨ ᠬᠤᠰᠢᠭᠤᠨ ᠤ ᠵᠠᠰᠠᠭ ᠤᠨ ᠣᠷᠳᠣᠨ ᠤ ᠠᠵᠢᠯᠯᠠᠬᠤ ᠰᠢᠰᠲ᠋ᠧᠮ ᠤᠨ ︽ᠣᠪᠤᠷ ᠰᠤᠷᠲᠠᠯ ᠢ ᠬᠤᠪᠢᠷᠠᠭᠤᠯᠤᠨ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠲᠤᠰᠬᠠᠢ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠪᠠᠶᠢᠭᠤᠯᠪᠠ᠂ ᠪᠣᠳᠠᠲᠠᠢ ᠪᠦᠷᠢᠯᠳᠦᠭᠦᠨ ᠨᠢ ᠳᠣᠣᠷᠠᠬᠢ ᠮᠡᠲᠦ᠄      ᠳᠤᠭᠤᠶᠢᠯᠠᠩ ᠤᠨ ᠳᠠᠷᠤᠭ᠎ᠠ᠄ ᠰᠤᠷᠭᠠᠯᠲᠤ  ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ      ᠳᠤᠭᠤᠶᠢᠯᠠᠩ ᠤᠨ ᠳᠡᠳ᠋ ᠳᠠᠷᠤᠭ᠎ᠠ᠄ ᠴᠢᠩ ᠹᠧᠩ  ᠬᠤᠰᠢᠭᠤᠨ ᠤ ᠬᠦᠭᠵᠢᠭᠦᠯᠦᠯᠲᠡ ᠶᠢᠨ ᠰᠤᠳᠤᠯᠭᠠᠨ ᠤ ᠲᠥᠪ ᠤᠨ ᠡᠷᠬᠢᠯᠡᠭᠴᠢ      ᠰᠠᠶᠢᠰᠢᠶᠠᠯᠲᠤ  ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ      ᠨᠠᠷᠠᠰᠤ   ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ      ᠱᠤ᠋ ᠭᠤᠸᠠᠩ  ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ      ᠰᠢᠨᠵᠢᠯᠡ  ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ      ᠸᠠᠩ ᠠᠢ ᠸᠧᠨ   ᠬᠤᠰᠢᠭᠤᠨ ᠤ ᠬᠦᠭᠵᠢᠭᠦᠯᠦᠯᠲᠡ ᠶᠢᠨ ᠰᠤᠳᠤᠯᠭᠠᠨ ᠤ ᠲᠥᠪ ᠤᠨ ᠳᠡᠳ᠋ ᠡᠷᠬᠢᠯᠡᠭᠴᠢ      ᠪᠦᠷᠢᠯᠳᠦᠭᠦᠨ᠄ ᠡᠯ᠎ᠡ ᠰᠣᠮᠣ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠰᠠᠯᠠᠭ᠎ᠠ ᠮᠦᠴᠢᠷ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠠᠯᠪᠠᠨ ᠭᠡᠷ ᠤᠨ ᠡᠷᠬᠢᠯᠡᠭᠴᠢ ᠵᠢᠴᠢ ᠬᠤᠯᠪᠣᠭᠳᠠᠯ ᠪᠦᠬᠦᠢ ᠠᠵᠢᠯᠲᠠᠨ      ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠲᠣᠬᠢᠷᠠᠭᠤᠯᠵᠤ᠂ ᠰᠢᠨᠵᠢᠯᠡ ᠨᠦᠬᠦᠷ ᠠᠯᠪᠠᠨ ᠭᠡᠷ ᠤᠨ ᠡᠷᠬᠢᠯᠡᠭᠴᠢ ᠤᠨ ᠲᠤᠰᠢᠶᠠᠯ ᠢ ᠬᠠᠪᠰᠤᠷᠭᠠᠨ ᠬᠠᠷᠢᠭᠤᠴᠠᠵᠤ᠂ ᠬᠤᠰᠢᠭᠤᠨ ᠤ ᠵᠠᠰᠠᠭ ᠤᠨ ᠣᠷᠳᠣᠨ ᠤ ᠠᠵᠢᠯᠯᠠᠬᠤ ᠰᠢᠰᠲ᠋ᠧᠮ ᠤᠨ ︽ᠣᠪᠤᠷ ᠰᠤᠷᠲᠠᠯ ᠢ ᠬᠤᠪᠢᠷᠠᠭᠤᠯᠤᠨ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠲᠤᠰᠬᠠᠢ ᠠᠵᠢᠯᠯᠠᠭ᠎ᠠ ᠶᠢᠨ ᠡᠯ᠎ᠡ ᠵᠦᠢᠯ ᠤᠨ ᠠᠵᠢᠯ ᠦᠷᠨᠢᠭᠦᠯᠬᠦ ᠶᠢ ᠨᠢᠭᠡᠳᠦᠯᠲᠡᠢ ᠲᠦᠯᠦᠪᠯᠡᠨ᠎ᠡ᠃      ᠭᠤᠣᠯ ᠬᠠᠷᠢᠭᠤᠴᠠᠯᠭ᠎ᠠ᠄ ᠲᠤᠰᠬᠠᠢ ᠠᠵᠢᠯᠯᠠᠭ᠎ᠠ ᠶᠢᠨ ᠲᠠᠪᠤᠨ ᠱᠠᠲᠤᠨ ᠤ ᠡᠭᠦᠷᠭᠡ ᠶᠣᠰᠣᠭᠠᠷ᠂ ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠤ ᠠᠵᠢᠯᠯᠠᠬᠤ ᠰᠢᠰᠲ᠋ᠧᠮ ᠤᠨ ︽ᠣᠪᠤᠷ ᠰᠤᠷᠲᠠᠯ ᠢ ᠬᠤᠪᠢᠷᠠᠭᠤᠯᠤᠨ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠡᠭᠦᠷᠭᠡ ᠶᠢᠨ ᠨᠠᠷᠢᠨ ᠳᠠᠩᠰᠠ ᠶᠢᠨ ᠠᠭᠤᠯᠭ᠎ᠠ ᠳᠤ ᠴᠢᠭᠯᠡᠭᠦᠯᠦᠨ᠂ ᠬᠠᠮᠢᠶ᠎ᠠ ᠪᠦᠬᠦᠢ ᠠᠵᠢᠯ ᠤᠨ ᠳᠦᠷᠢᠮ ᠢ ᠵᠤᠷᠪᠤᠰ ᠳᠠᠷᠠᠭᠠᠯᠠᠨ ᠡᠮᠬᠢᠯᠡᠨ ᠲᠡᠭᠦᠯᠳᠡᠷᠵᠢᠭᠦᠯᠵᠦ᠂ ᠠᠵᠢᠯ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠨ᠂ ᠠᠵᠢᠯ ᠤᠨ ᠲᠤᠷᠰᠢᠯᠭ᠎ᠠ ᠪᠠᠨ ᠨᠠᠷᠢᠨ ᠬᠢᠨᠠᠮᠠᠭᠠᠢ ᠳ᠋ᠦᠩᠨᠡᠵᠦ᠂ ᠪᠢᠴᠢᠭ ᠮᠠᠲ᠋ᠧᠷᠢᠶᠠᠯ ᠭᠦᠢᠴᠡᠳᠬᠡᠬᠦ᠂ ᠬᠤᠷᠠᠯ ᠡᠷᠭᠢᠯᠡᠬᠦ᠂ ᠰᠢᠮᠳᠠᠭᠤᠯᠤᠨ ᠪᠠᠶᠢᠴᠠᠭᠠᠬᠤ᠂ ᠮᠡᠳᠡᠭᠡ ᠵᠠᠩᠭᠢ᠂ ᠵᠢᠵᠢᠭᠦᠷᠯᠡᠬᠦ ᠵᠡᠷᠭᠡ ᠡᠯ᠎ᠡ ᠵᠦᠢᠯ ᠤᠨ ᠠᠵᠢᠯ ᠤᠨ ᠴᠤᠪᠤᠷᠠᠯ ᠢ ᠤᠯᠠᠮ ᠴᠢᠨᠠᠭᠰᠢᠳᠠ ᠰᠢᠯᠢᠳᠡᠭᠵᠢᠭᠦᠯᠬᠦ ᠶᠢᠨ ᠬᠠᠮᠲᠤ᠂ ᠲᠤᠰᠬᠠᠢ ᠠᠵᠢᠯᠯᠠᠭ᠎ᠠ ᠶᠢᠨ ᠡᠯ᠎ᠡ ᠱᠠᠲᠤᠨ ᠳᠠᠬᠢ ᠠᠵᠢᠯ ᠤᠨ ᠠᠬᠢᠴᠠ ᠶᠢᠨ ᠪᠠᠶᠢᠳᠠᠯ ᠪᠠ ᠠᠵᠢᠯ ᠤᠨ ᠳ᠋ᠦᠩᠨᠡᠯᠲᠡ ᠶᠢ ᠴᠠᠭ ᠲᠤᠬᠠᠢ ᠳᠤᠨᠢ ᠳᠡᠭᠡᠭᠰᠢ ᠮᠡᠳᠡᠭᠦᠯᠵᠦ᠂ ︽ᠣᠪᠤᠷ ᠰᠤᠷᠲᠠᠯ ᠢ ᠬᠤᠪᠢᠷᠠᠭᠤᠯᠤᠨ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠲᠤᠰᠬᠠᠢ ᠠᠵᠢᠯᠯᠠᠭ᠎ᠠ ᠶᠢᠨ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃                                          2023 ᠣᠨ ᠤ 3 ᠰᠠᠷ᠎ᠠ ᠶᠢᠨ 21᠎ ᠤ ᠡᠳᠦᠷ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ