︽ᠰᠢᠨ᠎ᠡ ᠪᠠᠷᠭᠤ ᠪᠠᠷᠠᠭᠤᠨ ᠬᠤᠰᠢᠭᠤᠨ ᠤ 2023 ᠣᠨ ᠤ ᠭᠠᠵᠠᠷ ᠵᠦᠢ ᠶᠢᠨ ᠭᠠᠢ ᠭᠠᠮᠰᠢᠭ ᠢ ᠰᠡᠷᠭᠡᠶᠢᠯᠡᠨ ᠵᠠᠰᠠᠬᠤ ᠲᠥᠰᠥᠯ︾᠎ ᠢ ᠳᠠᠷᠤᠮᠠᠯᠯᠠᠨ ᠲᠠᠷᠬᠠᠭᠠᠬᠤ ᠲᠤᠬᠠᠢ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/5/26
ᠡᠯ᠎ᠡ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠲᠤ᠄      ︽ᠰᠢᠨ᠎ᠡ ᠪᠠᠷᠭᠤ ᠪᠠᠷᠠᠭᠤᠨ ᠬᠤᠰᠢᠭᠤᠨ ᠤ 2023 ᠣᠨ ᠤ ᠭᠠᠵᠠᠷ ᠵᠦᠢ ᠶᠢᠨ ᠭᠠᠢ ᠭᠠᠮᠰᠢᠭ ᠢ ᠰᠡᠷᠭᠡᠶᠢᠯᠡᠨ ᠵᠠᠰᠠᠬᠤ ᠲᠥᠰᠥᠯ︾᠎ ᠢ ᠣᠳᠤ ᠲᠠᠨᠠᠷ ᠲᠤ ᠳᠠᠷᠤᠮᠠᠯᠯᠠᠨ ᠶᠠᠪᠤᠭᠤᠯᠤᠶ᠎ᠠ᠂ ᠪᠣᠳᠠᠲᠠᠢ ᠲᠠᠢ ᠪᠠᠨ ᠤᠶᠠᠯᠳᠤᠭᠤᠯᠤᠨ ᠠᠵᠢᠯᠯᠠᠵᠤ᠂ ᠨᠠᠷᠢᠨ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ᠃      ᠳᠠᠭᠠᠯᠳᠤᠭᠤᠯᠤᠯ᠄      1. ᠰᠢᠨ᠎ᠡ ᠪᠠᠷᠭᠤ ᠪᠠᠷᠠᠭᠤᠨ ᠬᠤᠰᠢᠭᠤᠨ ᠤ 2023 ᠣᠨ ᠤ ᠭᠠᠵᠠᠷ ᠵᠦᠢ ᠶᠢᠨ ᠭᠠᠢ ᠭᠠᠮᠰᠢᠭ ᠢ ᠰᠡᠷᠭᠡᠶᠢᠯᠡᠨ ᠵᠠᠰᠠᠬᠤ ᠲᠥᠰᠥᠯ      2. ᠰᠢᠨ᠎ᠡ ᠪᠠᠷᠭᠤ ᠪᠠᠷᠠᠭᠤᠨ ᠬᠤᠰᠢᠭᠤᠨ ᠤ 2023 ᠣᠨ ᠤ ᠭᠡᠨᠡᠳᠲᠡ ᠶᠢᠨ ᠴᠢᠨᠠᠷᠲᠠᠢ ᠭᠠᠵᠠᠷ ᠵᠦᠢ ᠶᠢᠨ ᠭᠠᠢ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ                           2023 ᠣᠨ ᠤ 5 ᠰᠠᠷ᠎ᠠ ᠶᠢᠨ 22᠎ ᠤᠨ ᠡᠳᠦᠷ      ︵ᠲᠤᠰ ᠮᠠᠲ᠋ᠧᠷᠢᠶᠠᠯ ᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠨ᠎ᠠ︶      ᠳᠠᠭᠠᠯᠳᠤᠭᠤᠯᠤᠯ 1᠄      ᠰᠢᠨ᠎ᠡ ᠪᠠᠷᠭᠤ ᠪᠠᠷᠠᠭᠤᠨ ᠬᠤᠰᠢᠭᠤᠨ ᠤ 2023 ᠣᠨ ᠤ ᠭᠠᠵᠠᠷ ᠵᠦᠢ ᠶᠢᠨ ᠭᠠᠢ ᠭᠠᠮᠰᠢᠭ ᠢ ᠰᠡᠷᠭᠡᠶᠢᠯᠡᠨ ᠵᠠᠰᠠᠬᠤ ᠲᠥᠰᠥᠯ      ᠶᠡᠷᠦᠩᠬᠡᠢ ᠱᠦᠵᠢ ᠰᠢ ᠶᠢᠨ ᠫᠢᠩ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠦᠨᠡᠨᠬᠦ ᠨᠠᠶᠢᠳᠠᠪᠤᠷᠢᠵᠢᠭᠤᠯᠵᠤ᠂ 2023 ᠣᠨ ᠤ ᠪᠥᠬᠦ ᠬᠤᠰᠢᠭᠤᠨ ᠤ ᠭᠠᠵᠠᠷ ᠵᠦᠢ ᠶᠢᠨ ᠭᠠᠢ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠶᠢᠨ ᠲᠦᠯᠦᠭᠡ᠂ ︽ᠭᠠᠵᠠᠷ ᠵᠦᠢ ᠶᠢᠨ ᠭᠠᠢ ᠭᠠᠮᠰᠢᠭ ᠢ ᠰᠡᠷᠭᠡᠶᠢᠯᠡᠨ ᠵᠠᠰᠠᠬᠤ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ 394 ᠳ᠋ᠦ᠋ᠭᠡᠷ ᠲᠣᠭᠠᠲᠤ ᠵᠠᠷᠯᠢᠭ︶᠎ ᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠣᠰ ᠲᠥᠰᠥᠯ ᠢ ᠲᠣᠭᠲᠠᠭᠠᠪᠠ᠃      ᠨᠢᠭᠡ᠂ ᠵᠢᠯᠤᠭᠤᠳᠬᠤ ᠦᠵᠡᠯ ᠰᠠᠨᠠᠭ᠎ᠠ      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠣᠰᠣᠭᠠᠷ᠂ ᠰᠢᠨ᠎ᠡ ᠶᠢ ᠡᠭᠦᠳᠬᠦ᠂ ᠵᠣᠬᠢᠴᠠᠩᠭᠤᠢ᠂ ᠨᠡᠭᠡᠭᠡᠯᠲᠡᠲᠡᠢ᠂ ᠪᠣᠬᠢᠷᠲᠤᠯ ᠦᠭᠡᠢ᠂ ᠬᠠᠮᠲᠤᠪᠠᠷ ᠠᠰᠢᠭ ᠭᠥᠷᠳᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠬᠤ ᠪᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠰᠢᠨᠵᠢᠯᠡᠬᠦ ᠤᠬᠠᠭᠠᠨ ᠮᠡᠷᠭᠡᠵᠢᠯ ᠵᠢᠴᠢ ᠬᠠᠮᠢᠶᠠᠷᠤᠯᠲᠠ ᠶᠢᠨ ᠲᠠᠯ᠎ᠠ ᠶᠢᠨ ᠰᠢᠨ᠎ᠡ ᠶᠢ ᠡᠭᠦᠳᠬᠦ ᠳᠤ ᠭᠦᠢᠴᠡᠳ ᠲᠦᠰᠢᠭᠯᠡᠵᠦ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠨ᠂ ᠰᠡᠷᠭᠡᠶᠢᠯᠡᠨ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠭᠠᠵᠠᠷ ᠵᠦᠢ ᠶᠢᠨ ᠭᠠᠢ ᠭᠠᠮᠰᠢᠭ ᠢ ᠰᠡᠷᠭᠡᠶᠢᠯᠡᠨ ᠵᠠᠰᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠭᠠᠵᠠᠷ ᠵᠦᠢ ᠶᠢᠨ ᠭᠠᠢ ᠭᠠᠮᠰᠢᠭ ᠠᠴᠠ ᠪᠣᠯᠵᠤ ᠬᠥᠮᠥᠨ ᠬᠠᠷ᠎ᠠ ᠦᠬᠦᠵᠦ ᠰᠢᠷᠬᠠᠲᠤᠬᠤ ᠪᠠ ᠡᠳ᠋ ᠬᠥᠷᠥᠩᠭᠡ ᠶᠢᠨ ᠬᠤᠬᠢᠷᠠᠯ ᠳᠤ ᠤᠴᠠᠷᠠᠬᠤ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃      ᠬᠤᠶᠠᠷ᠂ 2023 ᠣᠨ ᠤ ᠪᠥᠬᠦ ᠬᠤᠰᠢᠭᠤᠨ ᠤ ᠭᠠᠵᠠᠷ ᠵᠦᠢ ᠶᠢᠨ ᠭᠠᠢ ᠭᠠᠮᠰᠢᠭ ᠤᠨ ᠴᠡᠭ ᠤᠨ ᠲᠠᠷᠬᠠᠯᠲᠠ᠂ ᠡᠲᠡᠭᠡᠳ ᠵᠢᠴᠢ ᠬᠦᠷᠢᠶ᠎ᠡ ᠬᠡᠪᠴᠢᠶ᠎ᠡ      ᠪᠥᠬᠦ ᠬᠤᠰᠢᠭᠤᠨ ᠤ ᠡᠯ᠎ᠡ ᠠᠭᠤᠷᠬᠠᠢ ᠶᠢᠨ ᠠᠵᠤ ᠠᠬᠤᠶᠢᠯᠠᠯ ᠤᠨ ᠠᠭᠤᠷᠬᠠᠢ ᠮᠠᠯᠲᠠᠬᠤ ᠡᠷᠬᠡ ᠶᠢᠨ ᠬᠡᠪᠴᠢᠶᠡᠨ ᠳᠣᠲᠣᠷ᠎ᠠ᠃      ᠭᠤᠷᠪᠠ᠂ ᠭᠠᠢ ᠭᠠᠮᠰᠢᠭ ᠢ ᠭᠤᠣᠯᠳᠠᠯᠭ᠎ᠠ ᠲᠠᠢ ᠰᠡᠷᠭᠡᠶᠢᠯᠡᠬᠦ ᠬᠤᠭᠤᠴᠠᠭ᠎ᠠ ᠬᠢᠭᠡᠳ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ      ︵ᠨᠢᠭᠡ︶ ᠮᠠᠨ ᠤ ᠬᠤᠰᠢᠭᠤᠨ ᠤ ᠭᠠᠵᠠᠷ ᠵᠦᠢ ᠶᠢᠨ ᠭᠠᠢ ᠭᠠᠮᠰᠢᠭ ᠤᠨ ᠣᠨᠴᠠᠯᠢᠭ ᠢ ᠦᠨᠳᠦᠰᠦᠯᠡᠪᠡᠯ᠂ ᠭᠠᠮᠰᠢᠭ ᠣᠯᠠᠨ ᠭᠠᠷᠳᠠᠭ᠂ ᠠᠮᠠᠷᠬᠠᠨ ᠡᠭᠦᠰᠬᠦ ᠴᠠᠭ ᠎ ᠨᠢ ᠦᠶᠡᠷ ᠤᠨ ᠬᠤᠭᠤᠴᠠᠭᠠᠨ ᠳᠤ ᠪᠠᠶᠢᠳᠠᠭ᠂ ᠡᠨᠡ ᠬᠤᠭᠤᠴᠠᠭ᠎ᠠ ᠪᠣᠯ ᠭᠤᠣᠯᠳᠠᠯᠭ᠎ᠠ ᠲᠠᠢ ᠭᠠᠮᠰᠢᠭ ᠢ ᠰᠡᠷᠭᠡᠶᠢᠯᠡᠬᠦ ᠬᠤᠭᠤᠴᠠᠭ᠎ᠠ ᠪᠣᠯᠣᠨ᠎ᠠ᠃ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ᠂ ᠴᠠᠭ ᠠᠭᠤᠷ ᠵᠡᠷᠭᠡ ᠰᠠᠯᠠᠭ᠎ᠠ ᠮᠥᠴᠢᠷ᠂ ᠰᠣᠨᠢᠨ ᠮᠡᠳᠡᠭᠡᠨ ᠤ ᠵᠠᠭᠤᠴᠢᠯᠠᠭᠤᠷ᠂ ᠴᠢᠮᠡᠭᠡ ᠬᠤᠯᠪᠣᠭᠠᠨ ᠤ ᠪᠠᠶᠢᠭᠤᠯᠤᠮᠵᠢ ᠨᠢᠭᠲᠠ ᠬᠠᠮᠵᠢᠯᠴᠠᠨ᠂ ᠪᠥᠬᠦ ᠬᠤᠲᠠ ᠶᠢᠨ ᠦᠶᠡᠷ ᠤᠨ ᠬᠤᠭᠤᠴᠠᠭ᠎ᠠ ︵5 ᠳ᠋ᠤᠭᠠᠷ ᠰᠠᠷ᠎ᠠ ᠶᠢᠨ 1᠎ ᠤ ᠡᠳᠦᠷ ᠠᠴᠠ 9 ᠳ᠋ᠦ᠋ᠭᠡᠷ ᠰᠠᠷ᠎ᠠ ᠶᠢᠨ 30᠎ ᠤ ᠡᠳᠦᠷ ᠪᠣᠯᠲᠠᠯ᠎ᠠ︶᠎ ᠶᠢᠨ ᠭᠠᠵᠠᠷ ᠵᠦᠢ ᠶᠢᠨ ᠭᠠᠢ ᠭᠠᠮᠰᠢᠭ ᠤᠨ ᠴᠠᠭ ᠠᠭᠤᠷ ᠢ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠪᠠ ᠨᠡᠶᠢᠲᠡᠯᠡᠬᠦ ᠠᠵᠢᠯ ᠢ ᠦᠨᠡᠨᠬᠦ ᠴᠢᠩᠭᠠᠳᠬᠠᠵᠤ᠂ ᠭᠠᠵᠠᠷ ᠵᠦᠢ ᠶᠢᠨ ᠭᠠᠢ ᠭᠠᠮᠰᠢᠭ ᠢ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ ᠲᠧᠯᠸᠢᠰ᠂ ᠷᠠᠳᠢᠣ᠋ ᠨᠡᠪᠲᠡᠷᠡᠭᠦᠯᠭᠡ᠂ ᠣᠬᠤᠷ ᠮᠡᠳᠡᠭᠡ ᠵᠡᠷᠭᠡ ᠤᠯᠠᠮᠵᠢᠯᠠᠨ ᠲᠠᠷᠬᠠᠭᠠᠬᠤ ᠠᠷᠭ᠎ᠠ ᠪᠠᠷᠢᠯ ᠢ ᠭᠦᠢᠴᠡᠳ ᠠᠰᠢᠭᠯᠠᠨ᠂ ᠭᠠᠵᠠᠷ ᠵᠦᠢ ᠶᠢᠨ ᠭᠠᠢ ᠭᠠᠮᠰᠢᠭ ᠢ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠮᠡᠳᠡᠭᠡ ᠵᠠᠩᠭᠢ ᠶᠢ ᠭᠠᠮᠰᠢᠭ ᠢ ᠰᠡᠷᠭᠡᠶᠢᠯᠡᠬᠦ ᠬᠠᠷᠢᠭᠤᠴᠠᠯᠭᠠᠲᠠᠨ ᠳᠤ ᠴᠠᠭ ᠲᠤᠬᠠᠢ ᠳᠤᠨᠢ ᠳᠠᠮᠵᠢᠭᠤᠯᠵᠤ᠂ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ ᠬᠢᠨᠠᠨ ᠬᠡᠮᠵᠢᠭᠴᠢ ᠪᠠ ᠬᠥᠨᠥᠭᠡᠯ ᠠᠮᠰᠠᠭᠰᠠᠨ ᠣᠯᠠᠨ ᠲᠦᠮᠡᠨ ᠳᠤ ᠴᠠᠭ ᠲᠤᠬᠠᠢ ᠳᠤᠨᠢ ᠬᠦᠷᠭᠡᠬᠦ ᠬᠡᠷᠡᠭᠲᠡᠢ᠃      ︵ᠬᠤᠶᠠᠷ︶ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠭᠠᠵᠠᠷ ᠵᠦᠢ ᠤᠨ ᠭᠠᠢ ᠭᠠᠮᠰᠢᠭ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠭᠠᠵᠠᠷ ᠵᠦᠢ ᠶᠢᠨ ᠭᠠᠢ ᠭᠠᠮᠰᠢᠭ ᠤᠨ ᠠᠶᠤᠯᠲᠠᠢ ᠣᠷᠣᠨ ᠢ ᠴᠠᠭ ᠲᠤᠬᠠᠢ ᠳᠤᠨᠢ ᠵᠠᠭᠠᠭᠯᠠᠨ ᠲᠣᠭᠲᠠᠭᠠᠬᠤ ᠶᠢᠨ ᠬᠠᠮᠲᠤ ᠵᠠᠷᠯᠠᠨ ᠨᠡᠶᠢᠲᠡᠯᠡᠬᠦ ᠬᠡᠷᠡᠭᠲᠡᠢ᠃ ᠦᠶᠡᠷ ᠤᠨ ᠬᠤᠭᠤᠴᠠᠭᠠᠨ ᠤ ᠭᠠᠵᠠᠷ ᠵᠦᠢ ᠶᠢᠨ ᠭᠠᠢ ᠭᠠᠮᠰᠢᠭ ᠢ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠵᠢᠵᠢᠭᠦᠷ ᠰᠠᠬᠢᠵᠤ᠂ ᠴᠢᠮᠡᠭᠡ ᠬᠤᠯᠪᠣᠭ᠎ᠠ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠭᠠᠵᠠᠷ ᠵᠦᠢ ᠶᠢᠨ ᠭᠠᠢ ᠭᠠᠮᠰᠢᠭ ᠤᠨ ᠪᠠᠶᠢᠳᠠᠯ ᠪᠠ ᠲᠦᠭᠰᠢᠭᠦᠷᠢᠲᠡᠢ ᠪᠠᠶᠢᠳᠠᠯ ᠡᠭᠦᠰᠪᠡᠯ᠂ ᠳᠠᠷᠤᠢ ᠲᠦᠷᠭᠡᠨ ᠰᠢᠢᠳᠪᠦᠷᠢᠯᠡᠬᠦ ᠶᠢᠨ ᠬᠠᠮᠲᠤ᠂ ᠭᠠᠵᠠᠷ ᠵᠦᠢ ᠶᠢᠨ ᠭᠠᠢ ᠭᠠᠮᠰᠢᠭ ᠢ ᠲᠦᠷᠭᠡᠨ ᠮᠡᠳᠡᠭᠦᠯᠬᠦ ᠳᠦᠷᠢᠮ ᠤᠨ ᠱᠠᠭᠠᠷᠳᠠᠯᠭ᠎ᠠ ᠶᠣᠰᠣᠭᠠᠷ᠂ ᠳᠠᠷᠤᠢ ᠲᠦᠷᠭᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃      ︵ᠭᠤᠷᠪᠠ︶ ᠬᠠᠮᠢᠶ᠎ᠠ ᠪᠦᠬᠦᠢ ᠰᠤᠮᠤ ᠪᠠᠯᠭᠠᠰᠤ ᠶᠢᠨ ᠵᠠᠰᠠᠭ ᠤᠨ ᠣᠷᠳᠣᠨ ᠢᠨᠵᠧᠨᠧᠷᠢᠩ ᠢ ᠵᠠᠰᠠᠬᠤ᠂ ᠨᠡᠭᠦᠯᠭᠡᠵᠦ ᠰᠢᠯᠵᠢᠭᠦᠯᠬᠦ ᠵᠡᠷᠭᠡ ᠠᠷᠭ᠎ᠠ ᠬᠡᠮᠵᠢᠶ᠎ᠡ ᠶᠢ ᠢᠳᠡᠪᠬᠢᠲᠡᠢ ᠠᠪᠴᠤ᠂ ᠭᠠᠵᠠᠷ ᠵᠦᠢ ᠶᠢᠨ ᠭᠠᠢ ᠭᠠᠮᠰᠢᠭ ᠤᠨ ᠠᠶᠤᠯ ᠲᠠᠢ ᠣᠷᠣᠨ ᠳᠠᠬᠢ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠭᠠᠵᠠᠷ ᠵᠦᠢ ᠶᠢᠨ ᠭᠠᠢ ᠭᠠᠮᠰᠢᠭ ᠤᠨ ᠠᠶᠤᠯ ᠲᠠᠢ ᠣᠷᠣᠨ ᠤ ᠵᠠᠭᠠᠭ ᠲᠤ ᠢᠯᠡᠷᠬᠡᠢ ᠰᠡᠷᠡᠮᠵᠢ ᠶᠢᠨ ᠲᠡᠮᠳᠡᠭ ᠲᠠᠯᠪᠢᠬᠤ ᠬᠡᠷᠡᠭᠲᠡᠢ᠃ ᠭᠠᠮᠰᠢᠭ ᠠᠴᠠ ᠵᠠᠶᠢᠯᠠᠭᠤᠯᠬᠤ ᠪᠠᠴᠢᠮ ᠪᠠᠶᠢᠳᠠᠯ ᠢ ᠠᠷᠭᠠᠴᠠᠬᠤ ᠺᠠᠷᠲ ᠢ ᠠᠶᠤᠯ ᠳᠤ ᠤᠴᠠᠷᠠᠭᠰᠠᠨ ᠰᠠᠭᠤᠭᠠᠯᠢ ᠠᠷᠠᠳ ᠲᠤ ᠭᠠᠷᠳᠠᠭᠤᠯᠬᠤ ᠬᠡᠷᠡᠭᠲᠡᠢ᠃ ᠭᠠᠵᠠᠷ ᠵᠦᠢ ᠶᠢᠨ ᠭᠠᠢ ᠭᠠᠮᠰᠢᠭ ᠤᠨ ᠠᠶᠤᠯ ᠤᠨ ᠴᠡᠭ ᠤᠨ ᠰᠡᠷᠡᠮᠵᠢ ᠶᠢᠨ ᠳᠣᠬᠢᠶ᠎ᠠ ᠶᠢ ᠲᠣᠭᠲᠠᠭᠠᠬᠤ ᠶᠢᠨ ᠬᠠᠮᠲᠤ ᠤᠬᠠᠭᠤᠯᠬᠤ ᠬᠡᠷᠡᠭᠲᠡᠢ᠃      ︵ᠳᠥᠷᠪᠡ︶ ᠭᠠᠵᠠᠷ ᠵᠦᠢ ᠶᠢᠨ ᠭᠠᠢ ᠭᠠᠮᠰᠢᠭ ᠤᠨ ᠠᠶᠤᠯ ᠲᠠᠢ ᠣᠷᠣᠨ ᠳᠤ ᠳᠡᠯᠪᠡᠴᠢᠬᠦ᠂ ᠨᠠᠯᠠᠤ ᠭᠠᠷᠭᠠᠬᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠬᠦ ᠪᠠ ᠭᠠᠵᠠᠷ ᠵᠦᠢ ᠶᠢᠨ ᠭᠠᠢ ᠭᠠᠮᠰᠢᠭ ᠢ ᠡᠭᠦᠰᠬᠡᠵᠦ ᠮᠡᠳᠡᠬᠦ ᠪᠤᠰᠤᠳ ᠠᠵᠢᠯᠯᠠᠭ᠎ᠠ ᠬᠢᠬᠦ ᠶᠢ ᠴᠠᠭᠠᠵᠠᠯᠠᠬᠤ ᠬᠡᠷᠡᠭᠲᠡᠢ᠃      ︵ᠲᠠᠪᠤ︶ ᠭᠠᠵᠠᠷ ᠵᠦᠢ ᠶᠢᠨ ᠭᠠᠢ ᠭᠠᠮᠰᠢᠭ ᠢ ᠰᠡᠷᠭᠡᠶᠢᠯᠡᠨ ᠵᠠᠰᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠰᠢᠨᠵᠢᠯᠡᠬᠦ ᠤᠬᠠᠭᠠᠨ ᠤ ᠮᠡᠳᠡᠯᠭᠡ ᠶᠢ ᠤᠬᠠᠭᠤᠯᠭ᠎ᠠ ᠬᠥᠮᠦᠵᠢᠯ ᠤᠨ ᠲᠥᠯᠥᠪᠯᠡᠭᠡ ᠳᠤ ᠣᠷᠣᠭᠤᠯᠵᠤ᠂ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ᠂ ᠰᠦᠯᠵᠢᠶ᠎ᠡ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠢ ᠭᠦᠢᠴᠡᠳ ᠠᠰᠢᠭᠯᠠᠨ᠂ ᠭᠠᠵᠠᠷ ᠵᠦᠢ ᠶᠢᠨ ᠭᠠᠢ ᠭᠠᠮᠰᠢᠭ ᠢ ᠰᠡᠷᠭᠡᠶᠢᠯᠡᠨ ᠵᠠᠰᠠᠬᠤ ᠤᠯᠠᠨ ᠲᠡᠰ ᠳᠠᠪᠬᠤᠷᠭ᠎ᠠ᠂ ᠤᠯᠠᠨ ᠬᠡᠯᠪᠡᠷᠢ ᠮᠠᠶ᠋ᠢᠭ ᠪᠦᠬᠦᠢ ᠤᠬᠠᠭᠤᠯᠭ᠎ᠠ ᠬᠥᠮᠦᠵᠢᠯ ᠪᠣᠯᠣᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠥᠷᠨᠢᠭᠦᠯᠵᠦ᠂ ᠭᠠᠵᠠᠷ ᠵᠦᠢ ᠶᠢᠨ ᠭᠠᠢ ᠭᠠᠮᠰᠢᠭ ᠢ ᠰᠡᠷᠭᠡᠶᠢᠯᠡᠬᠦ ᠤᠯᠠᠨ ᠨᠡᠶᠢᠲᠡ ᠶᠢᠨ ᠦᠵᠡᠯ ᠤᠬᠠᠮᠰᠠᠷ ᠢ ᠨᠡᠮᠡᠭᠳᠡᠭᠦᠯᠦᠨ᠂ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠵᠦ᠂ ᠪᠦᠬᠦ ᠨᠡᠶᠢᠭᠡᠮ ᠢᠶᠠᠷ ᠢᠶᠠᠨ ᠭᠠᠵᠠᠷ ᠵᠦᠢ ᠶᠢᠨ ᠭᠠᠢ ᠭᠠᠮᠰᠢᠭ ᠢ ᠰᠡᠷᠭᠡᠶᠢᠯᠡᠨ ᠵᠠᠰᠠᠬᠤ ᠳᠤ ᠬᠠᠮᠲᠤᠪᠠᠷ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃      ᠳᠥᠷᠪᠡ᠂ ᠠᠵᠢᠯ ᠤᠨ ᠱᠠᠭᠠᠷᠳᠠᠯᠭ᠎ᠠ      ᠡᠯ᠎ᠡ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠰᠢᠭᠤᠨ ᠳᠤ ᠰᠠᠭᠤᠭ᠎ᠠ ᠬᠤᠯᠪᠣᠭᠳᠠᠯ ᠪᠦᠬᠦᠢ ᠨᠢᠭᠡᠴᠡ᠂ ᠠᠵᠤ ᠠᠬᠤᠶᠢᠯᠠᠯ ᠤᠳ ᠭᠠᠵᠠᠷ ᠵᠦᠢ ᠶᠢᠨ ᠭᠠᠢ ᠭᠠᠮᠰᠢᠭ ᠢ ᠬᠢᠨᠠᠨ ᠬᠡᠮᠵᠢᠬᠦ ᠠᠵᠢᠯ ᠢ ᠰᠠᠶᠢᠲᠤᠷ ᠬᠢᠵᠦ᠂ ᠬᠢᠨᠠᠨ ᠬᠡᠮᠵᠢᠬᠦ ᠬᠠᠮᠢᠶᠠᠷᠤᠯᠲᠠ ᠶᠢᠨ ᠰᠢᠰᠲ᠋ᠧᠮ ᠪᠠ ᠳᠦᠷᠢᠮ ᠢ ᠪᠠᠶᠢᠭᠤᠯᠤᠨ ᠪᠦᠷᠢᠨᠰᠢᠭᠦᠯᠬᠦ ᠶᠢᠨ ᠬᠠᠮᠲᠤ᠂ ᠦᠶᠡᠷ ᠤᠨ ᠬᠤᠭᠤᠴᠠᠭᠠᠨ ᠤ ᠲᠣᠭᠤᠷᠢᠨ ᠪᠠᠶᠢᠴᠠᠭᠠᠬᠤ ᠳᠦᠷᠢᠮ ᠪᠠ ᠪᠣᠷᠣᠭᠠᠨ ᠤ ᠤᠯᠠᠷᠢᠯ ᠤᠨ ᠵᠢᠵᠢᠭᠦᠷᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠭᠠᠢ ᠭᠠᠮᠰᠢᠭ ᠢ ᠬᠢᠨᠠᠨ ᠬᠡᠮᠵᠢᠬᠦ ᠡᠭᠦᠷᠭᠡ ᠶᠢ ᠬᠥᠮᠥᠨ ᠳᠤᠨᠢ ᠬᠦᠷᠲᠡᠯ᠎ᠡ ᠨᠠᠶᠢᠳᠠᠪᠤᠷᠢᠵᠢᠭᠤᠯᠬᠤ ᠬᠡᠷᠡᠭᠲᠡᠢ᠃ ᠡᠭᠦᠨ ᠤ ᠬᠠᠮᠲᠤ᠂ ᠭᠤᠣᠯ ᠨᠠᠭᠤᠷ ᠤᠨ ᠬᠤᠶᠠᠷ ᠡᠷᠭᠢ᠂ ᠵᠢᠭᠤᠯᠴᠢᠯᠠᠯ ᠤᠨ ᠦᠵᠡᠮᠵᠢ ᠶᠢᠨ ᠴᠡᠭ᠂ ᠵᠠᠰᠠᠮᠠᠯ ᠵᠠᠮ ᠤᠨ ᠬᠡᠰᠡᠭ ᠳᠠᠯᠳᠠ ᠬᠡᠮ ᠲᠠᠢ ᠭᠠᠵᠠᠷ ᠲᠤ ᠬᠥᠮᠥᠰ ᠢ ᠵᠣᠬᠢᠶᠠᠨ ᠪᠠᠶᠢᠭᠤᠯᠤᠨ ᠬᠠᠶᠢᠨ ᠪᠠᠶᠢᠴᠠᠭᠠᠯᠲᠠ ᠬᠢᠬᠦ ᠶᠢᠨ ᠬᠠᠮᠲᠤ᠂ ᠬᠠᠶᠢᠨ ᠪᠠᠶᠢᠴᠠᠭᠠᠭᠰᠠᠨ ᠮᠡᠳᠡᠭᠦᠯᠦᠯᠲᠡ ᠪᠠᠨ ᠴᠠᠭ ᠲᠤᠬᠠᠢ ᠳᠤᠨᠢ ᠬᠤᠰᠢᠭᠤᠨ ᠤ ᠭᠠᠵᠠᠷ ᠵᠦᠢ ᠶᠢᠨ ᠭᠠᠢ ᠭᠠᠮᠰᠢᠭ ᠢ ᠰᠡᠷᠭᠡᠶᠢᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ︵ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠲᠣᠬᠢᠷᠠᠭᠤᠯᠤᠨ᠎ᠠ︶᠎ ᠲᠤ ᠮᠡᠳᠡᠭᠦᠯᠬᠦ ᠬᠡᠷᠡᠭᠲᠡᠢ᠃      ᠳᠠᠭᠠᠯᠳᠤᠭᠤᠯᠤᠯ 2᠄      ᠰᠢᠨ᠎ᠡ ᠪᠠᠷᠭᠤ ᠪᠠᠷᠠᠭᠤᠨ ᠬᠤᠰᠢᠭᠤᠨ ᠤ 2023 ᠣᠨ ᠤ ᠭᠡᠨᠡᠳᠲᠡ ᠶᠢᠨ ᠴᠢᠨᠠᠷᠲᠠᠢ ᠭᠠᠵᠠᠷ ᠵᠦᠢ ᠶᠢᠨ ᠭᠠᠢ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ      ᠪᠥᠬᠦ ᠬᠤᠰᠢᠭᠤᠨ ᠤ 2023 ᠣᠨ ᠤ ᠭᠠᠵᠠᠷ ᠵᠦᠢ ᠶᠢᠨ ᠭᠠᠢ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠭᠠᠵᠠᠷ ᠵᠦᠢ ᠶᠢᠨ ᠭᠠᠢ ᠭᠠᠮᠰᠢᠭ ᠠᠴᠠ ᠪᠣᠯᠤᠭᠰᠠᠨ ᠠᠮᠢ ᠨᠠᠰᠤ ᠡᠳ᠋ ᠬᠥᠷᠥᠩᠭᠡ ᠶᠢᠨ ᠬᠤᠬᠢᠷᠠᠯ ᠢ ᠪᠠᠭᠠᠰᠬᠠᠬᠤ ᠶᠢᠨ ᠲᠥᠯᠥᠭᠡ᠂ ︽ᠭᠠᠵᠠᠷ ᠵᠦᠢ ᠶᠢᠨ ᠭᠠᠢ ᠭᠠᠮᠰᠢᠭ ᠢ ᠰᠡᠷᠭᠡᠶᠢᠯᠡᠨ ᠵᠠᠰᠠᠬᠤ ᠳᠦᠷᠢᠮ︾᠎ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠲᠣᠭᠲᠠᠭᠠᠪᠠ᠃      ᠨᠢᠭᠡ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ      ᠭᠠᠵᠠᠷ ᠵᠦᠢ ᠶᠢᠨ ᠭᠠᠢ ᠭᠠᠮᠰᠢᠭ ᠢ ᠰᠡᠷᠭᠡᠶᠢᠯᠡᠨ ᠵᠠᠰᠠᠬᠤ ᠵᠢᠴᠢ ᠠᠪᠤᠷᠠᠨ ᠲᠤᠰᠠᠯᠠᠬᠤ ᠠᠵᠢᠯ ᠤᠨ ᠤᠳᠤᠷᠢᠳᠤᠯᠭ᠎ᠠ ᠶᠢ ᠴᠢᠩᠭᠠᠳᠬᠠᠬᠤ ᠶᠢᠨ ᠲᠥᠯᠥᠭᠡ᠂ ᠬᠤᠰᠢᠭᠤᠨ ᠤ ᠵᠠᠰᠠᠭ ᠤᠨ ᠣᠷᠳᠣᠨ ᠤ ᠰᠤᠳᠤᠯᠤᠯᠲᠠ ᠪᠠᠷ ᠳᠡᠮᠵᠢᠨ᠂ ᠬᠤᠰᠢᠭᠤᠨ ᠤ ᠭᠠᠵᠠᠷ ᠵᠦᠢ ᠶᠢᠨ ᠭᠠᠢ ᠭᠠᠮᠰᠢᠭ ᠢ ᠰᠡᠷᠭᠡᠶᠢᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠬᠤ ᠪᠠᠷ ᠲᠣᠭᠲᠠᠪᠠ᠂ ᠪᠦᠷᠢᠯᠳᠦᠭᠦᠨ ᠨᠢ ᠳᠣᠣᠷᠠᠬᠢ ᠮᠡᠲᠦ᠄     ᠳᠤᠭᠤᠶᠢᠯᠠᠩ ᠤᠨ ᠳᠠᠷᠤᠭ᠎ᠠ᠄ ᠸᠠᠩ ᠰᠢᠶᠣᠤ ᠹᠸᠢ  ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠᠳᠤᠭᠤᠶᠢᠯᠠᠩ ᠤᠨ ᠳᠡᠳ᠋ ᠳᠠᠷᠤᠭ᠎ᠠ᠄ ᠬᠠᠰᠲᠤᠯᠭᠠᠭᠤᠷᠢ  ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳᠠᠷᠤᠭ᠎ᠠ      ᠪᠦᠷᠢᠯᠳᠦᠭᠦᠨ᠄ ᠸᠠᠩ ᠺᠦᠨ  ᠬᠤᠰᠢᠭᠤᠨ ᠤ ᠬᠦᠭᠵᠢᠭᠦᠯᠦᠯᠲᠡ ᠪᠠ ᠦᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ      ᠴᠡᠴᠡᠭ  ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ      ᠲᠦᠩ ᠸᠧᠢ ᠴᠢᠶᠦ᠋ᠨ  ᠬᠤᠰᠢᠭᠤᠨ ᠤ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ      ᠯᠢᠦ ᡁᠢ ᠭᠠᠩ  ᠬᠦᠯᠦᠨ ᠪᠣᠶᠢᠷ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠰᠢᠨ᠎ᠡ ᠪᠠᠷᠭᠤ ᠪᠠᠷᠠᠭᠤᠨ ᠬᠤᠰᠢᠭᠤᠨ ᠤ ᠬᠤᠪᠢᠶᠠᠷᠢ ᠲᠣᠪᠴᠢᠶ᠎ᠠ ᠶᠢᠨ ᠳᠠᠷᠤᠭ᠎ᠠ      ᠶᠦᠩ ᠬᠤᠩ  ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠳᠠᠷᠤᠭ᠎ᠠ      ᠬᠠᠰᠤᠡᠭᠡᠷᠡᠯ  ᠬᠤᠰᠢᠭᠤᠨ ᠤ ᠬᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠳᠠᠷᠤᠭ᠎ᠠ      ᠢᠦᠢ ᠴᠢᠩᠡᠦ᠋ᠨᠡᠨ  ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ      ᠪᠣᠤ ᠶᠢᠨ ᠱᠠᠨ  ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ      ᠡᠷᠳᠡᠨᠢᠪᠠᠲᠤ  ᠬᠤᠰᠢᠭᠤᠨ ᠤ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ ᠶᠢᠨ ᠳᠠᠷᠤᠭ᠎ᠠ      ᠯᠢᠦᠢ ᠯᠢ ᠫᠧᠩ  ᠤᠯᠤᠰ ᠤᠨ ᠴᠠᠬᠢᠯᠭᠠᠨ ᠲᠣᠣᠷ ᠤᠨ ᠦᠪᠦᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ ᠶᠢᠨ ᠰᠢᠨ᠎ᠡ ᠪᠠᠷᠭᠤ ᠪᠠᠷᠠᠭᠤᠨ ᠬᠤᠰᠢᠭᠤᠨ ᠳᠠᠬᠢ ᠴᠠᠬᠢᠯᠭᠠᠨ ᠬᠠᠩᠭᠠᠬᠤ ᠬᠤᠪᠢᠶᠠᠷᠢ ᠺᠤᠮᠫᠠᠨᠢ ᠶᠢᠨ ᠵᠠᠬᠢᠷᠤᠯ      ᠸᠧᠢ ᡁᠢ ᠾᠧᠩ  ᠬᠤᠰᠢᠭᠤᠨ ᠤ ᠳᠣᠲᠣᠭᠠᠳᠤ ᠶᠢᠨ ᠬᠠᠮᠠᠭᠠᠯᠠᠬᠤ ᠲᠣᠪᠴᠢᠶ᠎ᠠ ᠶᠢᠨ ᠳᠡᠳ᠋ ᠳᠠᠷᠤᠭ᠎ᠠ      ᠴᠡᠩᠭᠡᠯᠲᠦ  ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ      ᠬᠠᠨ ᠭᠤᠸᠠᠩ ᠼᠠᠢ  ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳᠡᠳ᠋ ᠳᠠᠷᠤᠭ᠎ᠠ      ᠢᠦᠢ ᠪᠠᠢ ᠮᠢᠩ  ᠠᠯᠳ᠋ᠬᠠᠮᠡᠭᠡᠯ ᠪᠠᠯᠭᠠᠰᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ      ᠱᠤ᠋ ᠭᠤᠸᠠᠩ  ᠠᠷᠤᠬᠠᠰᠢᠶᠠᠲᠤ ᠪᠠᠯᠭᠠᠰᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ      ᠯᠢᠦ ᠰᠢᠦᠢ ᠳ᠋ᠦᠩ  ᠬᠦᠯᠦᠨ ᠪᠠᠯᠭᠠᠰᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ      ᠨᠠᠷᠠᠰᠦ  ᠬᠡᠷᠦᠯᠦᠨ ᠰᠣᠮᠣ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠣᠮᠣᠨ ᠳᠠᠷᠤᠭ᠎ᠠ      ᠳᠦᠪᠰᠢᠨᠵᠢᠷᠭᠠᠯ  ᠪᠤᠶᠢᠷ ᠰᠣᠮᠣ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠣᠮᠣᠨ ᠳᠠᠷᠤᠭ᠎ᠠ     ᠤᠯᠠᠭᠠᠨ  ᠳᠠᠯᠠᠢ ᠰᠣᠮᠣ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠣᠮᠣᠨ ᠳᠠᠷᠤᠭ᠎ᠠ      ᠬᠤᠣᠰᠪᠠᠶᠠᠷ  ᠪᠣᠭᠳᠠᠠᠭᠤᠯᠠ ᠰᠣᠮᠣ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠣᠮᠣᠨ ᠳᠠᠷᠤᠭ᠎ᠠ      ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠲᠣᠬᠢᠷᠠᠭᠤᠯᠤᠨ᠎ᠠ᠂ ᠠᠯᠪᠠᠨ ᠭᠡᠷ ᠤᠨ ᠡᠷᠬᠢᠯᠡᠭᠴᠢ᠄ ᠬᠠᠰᠲᠤᠯᠭᠠᠭᠤᠷᠢ ︵ᠬᠠᠪᠰᠤᠷᠭᠠᠨ ᠬᠠᠷᠢᠭᠤᠴᠠᠨ᠎ᠠ︶᠂ ᠳᠡᠳ᠋ ᠡᠷᠬᠢᠯᠡᠭᠴᠢ᠄ ᠬᠤᠩ ᠸᠠᠨ ᠯᠢᠨ ︵ᠬᠠᠪᠰᠤᠷᠭᠠᠨ ᠬᠠᠷᠢᠭᠤᠴᠠᠨ᠎ᠠ︶᠂ ᠠᠯᠪᠠᠨ ᠭᠡᠷ ᠤᠨ ᠠᠵᠢᠯᠲᠠᠨ᠄ ᠸᠧᠢ ᠳ᠋ᠦᠩ᠂ ᠵᠢᠶᠠ ᠵᠢᠩ ᠵᠢᠤᠸᠠᠨ᠂ ᠬᠠᠷᠢᠯᠴᠠᠬᠤ ᠤᠲᠠᠰᠤ᠄ 6407001᠃      ᠬᠤᠶᠠᠷ᠂ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ      ︵ᠨᠢᠭᠡ︶ ᠬᠤᠰᠢᠭᠤᠨ ᠤ ᠬᠡᠪᠴᠢᠶᠡᠨ ᠳᠣᠲᠣᠷᠠᠬᠢ ᠭᠠᠵᠠᠷ ᠵᠦᠢ ᠶᠢᠨ ᠭᠠᠮᠰᠢᠭ ᠠᠴᠠ ᠠᠪᠤᠷᠠᠨ ᠠᠪᠤᠷᠠᠨ ᠲᠤᠰᠠᠯᠠᠬᠤ ᠠᠵᠢᠯ ᠢ ᠬᠤᠰᠢᠭᠤᠨ ᠤ ᠵᠠᠰᠠᠭ ᠤᠨ ᠣᠷᠳᠣᠨ ᠤ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠬᠤᠰᠢᠭᠤᠨ ᠤ ᠭᠠᠵᠠᠷ ᠵᠦᠢ ᠶᠢᠨ ᠭᠠᠢ ᠭᠠᠮᠰᠢᠭ ᠢ ᠰᠡᠷᠭᠡᠶᠢᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠠᠴᠠ ᠭᠡᠨᠡᠳᠲᠡ ᠶᠢᠨ ᠴᠢᠨᠠᠷᠲᠠᠢ ᠭᠠᠵᠠᠷ ᠵᠦᠢ ᠶᠢᠨ ᠭᠠᠢ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠨᠢᠭᠡᠳᠦᠯᠲᠡᠢ ᠵᠢᠯᠤᠭᠤᠳᠬᠤ ᠪᠠ ᠵᠣᠬᠢᠶᠠᠨ ᠪᠠᠶᠢᠭᠤᠯᠬᠤ ᠬᠡᠷᠡᠭᠲᠡᠢ᠃      ︵ᠬᠤᠶᠠᠷ︶ ᠡᠯ᠎ᠡ ᠰᠤᠮᠤ ᠪᠠᠯᠭᠠᠰᠤ ᠵᠣᠬᠢᠬᠤ ᠭᠠᠵᠠᠷ ᠵᠦᠢ ᠶᠢᠨ ᠭᠠᠢ ᠭᠠᠮᠰᠢᠭ ᠢ ᠰᠡᠷᠭᠡᠶᠢᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠬᠤ ᠶᠢᠨ ᠬᠠᠮᠲᠤ᠂ ᠤᠳᠤᠷᠢᠳᠬᠤ ᠳᠤᠭᠤᠶᠢᠯᠠᠩ ᠤᠨ ᠨᠡᠷᠡᠰ ᠢ 2023 ᠣᠨ ᠤ 6 ᠰᠠᠷ᠎ᠠ ᠶᠢᠨ 20᠎ ᠤ ᠡᠳᠦᠷ ᠠᠴᠠ ᠡᠮᠦᠨ᠎ᠡ ᠬᠤᠰᠢᠭᠤᠨ ᠤ ᠭᠠᠵᠠᠷ ᠵᠦᠢ ᠶᠢᠨ ᠭᠠᠢ ᠭᠠᠮᠰᠢᠭ ᠢ ᠰᠡᠷᠭᠡᠶᠢᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠮᠡᠳᠡᠭᠦᠯᠬᠦ ᠬᠡᠷᠡᠭᠲᠡᠢ᠃      ︵ᠭᠤᠷᠪᠠ︶ ᠡᠯ᠎ᠡ ᠨᠢᠭᠡᠴᠡ ᠪᠠ ᠬᠤᠪᠢ ᠬᠥᠮᠥᠨ ᠲᠦᠭᠰᠢᠭᠦᠷᠢᠲᠦ ᠪᠠᠶᠢᠳᠠᠯ ᠪᠤᠶᠤ ᠭᠠᠮᠰᠢᠭ ᠤᠨ ᠪᠠᠶᠢᠳᠠᠯ ᠢ ᠣᠯᠵᠤ ᠮᠡᠳᠡᠪᠡᠯ᠂ ᠳᠠᠷᠤᠶᠢᠬᠠᠨ ᠬᠤᠰᠢᠭᠤᠨ ᠤ ᠵᠠᠰᠠᠭ ᠤᠨ ᠣᠷᠳᠣᠨ ᠪᠤᠶᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃ ᠬᠤᠰᠢᠭᠤᠨ ᠤ ᠵᠠᠰᠠᠭ ᠤᠨ ᠣᠷᠳᠣᠨ ᠪᠤᠶᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠮᠡᠳᠡᠭᠦᠯᠦᠯᠲᠡ ᠶᠢ ᠣᠯᠣᠭᠰᠠᠨ ᠤ ᠳᠠᠷᠠᠭ᠎ᠠ᠂ ᠳᠠᠷᠤᠶᠢᠬᠠᠨ ᠬᠠᠮᠢᠶ᠎ᠠ ᠪᠦᠬᠦᠢ ᠠᠵᠢᠯᠲᠠᠨ ᠢ ᠲᠣᠮᠢᠯᠠᠨ ᠲᠤᠬᠠᠢ ᠶᠢᠨ ᠲᠠᠯᠠᠪᠤᠷ ᠲᠤ ᠣᠴᠢᠭᠤᠯᠵᠤ ᠪᠠᠶᠢᠴᠠᠭᠠᠯᠲᠠ ᠬᠢᠯᠭᠡᠬᠦ ᠶᠢᠨ ᠬᠠᠮᠲᠤ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠭᠠᠮᠰᠢᠭ ᠡᠭᠦᠰᠬᠦ ᠪᠤᠶᠤ ᠭᠠᠮᠰᠢᠭ ᠶᠡᠬᠡᠰᠬᠦ ᠶᠢ ᠰᠡᠷᠭᠡᠶᠢᠯᠡᠬᠦ ᠶᠢᠨ ᠬᠠᠮᠲᠤ᠂ ᠳᠡᠭᠡᠳᠦ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠪᠠᠶᠢᠳᠠᠯ ᠢᠶᠠᠨ ᠮᠡᠳᠡᠭᠦᠯᠬᠦ ᠬᠡᠷᠡᠭᠲᠡᠢ᠃      ︵ᠳᠥᠷᠪᠡ︶ ᠭᠠᠮᠰᠢᠭ ᠤᠨ ᠠᠶᠤᠯ ᠳᠤ ᠤᠴᠠᠷᠠᠭᠰᠠᠨ ᠰᠠᠭᠤᠭᠠᠯᠢ ᠠᠷᠠᠳ ᠵᠢᠴᠢ ᠪᠤᠰᠤᠳ ᠬᠥᠮᠥᠰ ᠢ ᠴᠠᠭ ᠲᠤᠬᠠᠢ ᠳᠤᠨᠢ ᠲᠠᠶᠢᠴᠢᠯᠠᠨ ᠠᠮᠤᠷ ᠲᠦᠪᠰᠢᠨ ᠭᠠᠵᠠᠷ ᠲᠤ ᠰᠢᠯᠵᠢᠭᠦᠯᠵᠦ᠂ ᠪᠠᠶᠢᠳᠠᠯ ᠪᠠᠴᠢᠮ ᠦᠶ᠎ᠡ ᠳᠤ ᠭᠠᠮᠰᠢᠭ ᠠᠴᠠ ᠵᠠᠶᠢᠯᠠᠭᠤᠯᠤᠨ ᠲᠠᠷᠬᠠᠭᠠᠬᠤ ᠶᠢ ᠠᠯᠪᠠᠳᠠᠯᠭ᠎ᠠ ᠪᠠᠷ ᠵᠣᠬᠢᠶᠠᠨ ᠪᠠᠶᠢᠭᠤᠯᠵᠤ ᠪᠣᠯᠣᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠵᠦ᠂ ᠠᠶᠤᠯ ᠠᠴᠠ ᠵᠠᠶᠢᠯᠠᠬᠤ ᠭᠠᠵᠠᠷ ᠪᠠ ᠲᠡᠳᠬᠦᠮᠵᠢ ᠶᠢᠨ ᠡᠳ᠋ ᠪᠠᠷᠠᠭ᠎ᠠ ᠬᠠᠩᠭᠠᠬᠤ ᠴᠡᠭ ᠭᠠᠷᠭᠠᠵᠤ᠂ ᠭᠠᠮᠰᠢᠭᠳᠠᠭᠰᠠᠨ ᠠᠷᠠᠳ ᠤᠨ ᠠᠮᠢᠳᠤᠷᠠᠯ ᠢ ᠵᠣᠬᠢᠰᠲᠠᠢ ᠲᠣᠬᠢᠷᠠᠭᠤᠯᠵᠤ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠡᠮ ᠤᠨ ᠵᠦᠢᠯ ᠤᠨ ᠬᠠᠩᠭᠠᠯᠭ᠎ᠠ᠂ ᠨᠡᠶᠢᠭᠡᠮ ᠤᠨ ᠠᠮᠤᠷ ᠲᠦᠪᠰᠢᠨ᠂ ᠴᠢᠮᠡᠭᠡ ᠬᠤᠯᠪᠣᠭ᠎ᠠ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃      ︵ᠲᠠᠪᠤ︶ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠪᠠᠴᠢᠮ ᠪᠠᠶᠢᠳᠠᠯ ᠢ ᠠᠷᠭᠠᠴᠠᠬᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠤᠰᠤᠨ ᠠᠰᠢᠭᠯᠠᠯᠲᠠ᠂ ᠵᠠᠮ ᠬᠠᠷᠢᠯᠴᠠᠭ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠭᠠᠵᠠᠷ ᠵᠦᠢ ᠶᠢᠨ ᠭᠠᠢ ᠭᠠᠮᠰᠢᠭ ᠡᠭᠦᠰᠦᠭᠰᠡᠨ ᠰᠢᠯᠲᠠᠭᠠᠨ᠂ ᠨᠥᠯᠥᠭᠡᠯᠡᠬᠦ ᠬᠡᠪᠴᠢᠶ᠎ᠡ ᠵᠡᠷᠭᠡ ᠪᠠᠶᠢᠳᠠᠯ ᠢ ᠪᠠᠶᠢᠴᠠᠭᠠᠨ ᠲᠣᠳᠣᠯᠠᠵᠤ᠂ ᠪᠠᠴᠢᠮ ᠪᠠᠶᠢᠳᠠᠯ ᠢ ᠠᠷᠭᠠᠴᠠᠨ ᠵᠠᠰᠠᠬᠤ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠭᠠᠮᠰᠢᠭ ᠤᠨ ᠪᠠᠶᠢᠳᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠪᠠ ᠬᠢᠵᠠᠭᠠᠷᠯᠠᠬᠤ ᠬᠡᠷᠡᠭᠲᠡᠢ᠃      ︵ᠵᠢᠷᠭᠤᠭ᠎ᠠ︶ ᠡᠯ᠎ᠡ ᠰᠤᠮᠤ ᠪᠠᠯᠭᠠᠰᠤ ᠭᠠᠵᠠᠷ ᠵᠦᠢ ᠶᠢᠨ ᠭᠠᠢ ᠭᠠᠮᠰᠢᠭ ᠤᠨ ᠪᠠᠶᠢᠳᠠᠯ ᠪᠣᠯᠣᠨ ᠭᠠᠵᠠᠷ ᠵᠦᠢ ᠶᠢᠨ ᠭᠠᠢ ᠭᠠᠮᠰᠢᠭ ᠢ ᠰᠡᠷᠭᠡᠶᠢᠯᠡᠨ ᠵᠠᠰᠠᠬᠤ ᠬᠡᠷᠡᠭᠴᠡᠭᠡ ᠪᠠᠨ ᠦᠨᠳᠦᠰᠦᠯᠡᠨ᠂ ᠨᠢᠭᠡᠳᠦᠯᠲᠡᠢ ᠲᠥᠯᠥᠪᠵᠢᠭᠦᠯᠵᠦ᠂ ᠭᠠᠮᠰᠢᠭᠳᠠᠭᠰᠠᠨ ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠤᠷᠠᠯ ᠢ ᠵᠣᠬᠢᠰᠲᠠᠢ ᠲᠣᠬᠢᠷᠠᠭᠤᠯᠬᠤ ᠬᠡᠷᠡᠭᠲᠡᠢ᠃ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ